︽ᠤᠯᠠᠭᠠᠨᠴᠠᠪ ᠬᠤᠲᠠ ᠶᠢᠨ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠶ ᠶᠢᠨ ᠬᠠᠮᠠᠭᠠᠯᠠᠯᠲᠠ ᠶᠢᠨ | ᠲᠥᠯᠥᠪᠵᠢᠭᠦᠯᠭᠡ ︵ᠵᠠᠰᠠᠪᠤᠷᠢ ᠣᠷᠣᠭᠤᠯᠤᠭᠰᠠᠨ︶︾ ᠨᠢ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ 22 | ᠲᠥᠷᠥᠯ ᠵᠦᠶᠯ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ 2 ᠲᠥᠷᠥᠯ ᠵᠦᠶᠯ᠂ ᠨᠡᠶᠢᠲᠡ 24 ᠲᠥᠷᠥᠯ | ᠵᠦᠶᠯ ᠳᠤ ᠬᠤᠯᠪᠣᠭᠳᠠᠵᠦ ᠪᠠᠶᠢᠨ᠎ᠠ᠃ ᠣᠲᠣ ᠪᠣᠯᠲᠠᠯ᠎ᠠ᠂ 22 ᠲᠥᠷᠥᠯ ᠵᠦᠶᠯ ᠤᠨ ᠠᠵᠢᠯ ᠢ ᠳᠠᠭᠤᠰᠬᠠᠪᠠ︔ | ᠣᠳᠣ ᠶᠠᠭ 2 ᠵᠦᠢᠯ ᠢ ᠳᠥᠯᠭᠢᠨ ᠠᠬᠢᠭᠤᠯᠵᠤ ᠪᠠᠶᠢᠨ᠎ᠠ᠃ ᠪᠣᠳᠠᠲᠠᠶ ᠪᠠᠷ ᠬᠡᠯᠡᠪᠡᠯ ᠳᠣᠣᠷᠠᠬᠢ ᠮᠡᠲᠦ᠄ | ᠨᠢᠭᠡ᠂ ᠳᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠲᠦᠷᠦᠯ ᠵᠦᠢᠯ᠃ ᠬᠡᠷᠡᠭᠵᠢᠭᠦᠯᠬᠦ ᠬᠤᠭᠤᠴᠠᠭ᠎ᠠ ᠨᠢ 2018 — 2025 | ᠣᠨ᠂ ᠳᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ 81 ᠠᠶᠢᠯ ᠲᠣᠰᠬᠤᠨ ᠳᠤ ᠮᠠᠯ ᠵᠢᠭᠦᠷᠲᠡᠨ ᠤ ᠪᠠᠭᠠᠰᠤ | ᠪᠤᠷᠳᠤᠭᠤᠷ ᠢ ᠣᠪᠣᠭᠠᠯᠠᠵᠤ ᠢᠰᠬᠡᠬᠦ ᠲᠠᠲᠠᠭᠠᠯ ᠪᠠᠶᠢᠭᠤᠯᠵᠤ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ | ᠳᠠᠮᠵᠢᠭᠤᠯᠤᠨ ᠲᠡᠭᠡᠭᠡᠪᠦᠷᠢᠯᠡᠬᠦ ᠲᠥᠬᠦᠭᠡᠷᠦᠮᠵᠢ ᠬᠤᠳᠠᠯᠳᠤᠨ ᠠᠪᠴᠤ᠂ ᠡᠭᠦᠨ ᠳᠤ 55 ᠠᠶᠢᠯ ᠲᠣᠰᠬᠤᠨ ᠳᠤ | ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠶᠳᠪᠦᠷᠢᠯᠡᠬᠦ ᠶᠢ ᠪᠡᠶᠡᠯᠡᠭᠦᠯᠦᠨ᠎ᠡ᠃ ᠣᠳᠣᠬᠠᠨ ᠳᠤ᠂ | 81 ᠠᠶᠢᠯ ᠲᠣᠰᠬᠤᠨ ᠤ ᠮᠠᠯ ᠵᠢᠭᠦᠷᠲᠡᠨ ᠤ ᠪᠠᠭᠠᠰᠤ ᠪᠤᠷᠳᠤᠭᠤᠷ ᠢ ᠣᠪᠣᠭᠠᠯᠠᠵᠤ ᠢᠰᠬᠡᠬᠦ ᠲᠠᠲᠠᠭᠠᠯ ᠤᠨ ᠪᠥᠲᠥᠭᠡᠨ | ᠪᠠᠶᠢᠭᠤᠯᠤᠯᠲᠠ ᠪᠠ ᠬᠤᠭ ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠲᠥᠬᠦᠭᠡᠷᠦᠮᠵᠢ ᠶᠢ | ᠬᠤᠳᠠᠯᠳᠤᠨ ᠠᠪᠬᠤ ᠶᠢ ᠪᠡᠶᠡᠯᠡᠭᠦᠯᠪᠡ︔ 48 ᠠᠶᠢᠯ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠬᠤᠷᠢᠶᠠᠨ | ᠴᠤᠭᠯᠠᠭᠤᠯᠵᠤ ᠰᠢᠢᠳᠪᠦᠷᠢᠯᠡᠬᠦ ᠶᠢ ᠪᠡᠶᠡᠯᠡᠭᠦᠯᠪᠡ᠃ ᠦᠯᠡᠳᠡᠭᠰᠡᠨ 7 ᠠᠶᠢᠯ ᠲᠣᠰᠬᠤᠨ ᠤ ᠠᠮᠢᠳᠤᠷᠠᠯ ᠤᠨ ᠪᠣᠬᠢᠷ | ᠤᠰᠤ ᠶᠢ ᠬᠤᠷᠢᠶᠠᠨ ᠴᠤᠭᠯᠠᠭᠤᠯᠵᠤ ᠰᠢᠶᠳᠪᠦᠷᠢᠯᠡᠬᠦ ᠡᠭᠦᠷᠭᠡ ᠶᠢ 2022 ᠣᠨ ᠤ ᠵᠢᠯ ᠤᠨ ᠡᠴᠦᠰ ᠠᠴᠠ ᠡᠮᠦᠨ᠎ᠡ | ᠪᠡᠶᠡᠯᠡᠭᠦᠯᠬᠦ ᠪᠠᠷ ᠲᠥᠯᠥᠪᠯᠡᠵᠦ ᠪᠣᠶ᠃ | ᠬᠤᠶᠠᠷ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ | ᠢᠨᠵᠧᠨᠧᠷᠢᠩ᠃ ᠲᠤᠬᠠᠶ ᠶᠢᠨ ᠦᠶ᠎ᠡ ᠳᠤ ︽ᠲᠥᠯᠥᠪᠵᠢᠭᠦᠯᠭᠡ ︵ᠵᠠᠰᠠᠪᠤᠷᠢ ᠣᠷᠣᠭᠤᠯᠤᠭᠰᠠᠨ︶︾ ᠳᠤ | ᠬᠡᠷᠡᠭᠵᠢᠭᠦᠯᠬᠦ ᠬᠤᠭᠤᠴᠠᠭ᠎ᠠ ᠶᠢ ᠲᠣᠳᠣᠷᠬᠠᠶ ᠲᠣᠭᠲᠠᠭᠠᠭᠰᠠᠨ ᠥᠬᠡᠶ ᠪᠣᠯᠬᠤᠷ 2021 ᠣᠨ ᠳᠤ ᠠᠵᠢᠯ | ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠴᠥᠬᠦᠷᠡᠰᠢ ᠥᠬᠡᠶ ᠴᠢᠷᠮᠠᠶᠢᠯᠭ᠎ᠠ ᠪᠠᠷ | ᠳᠡᠮᠵᠢᠨ᠂ 2020 ᠣᠨ ᠤ 5 ᠰᠠᠷ᠎ᠠ ᠳᠤ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠪᠡ ᠃ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠣᠯ ᠤᠰᠤ ᠡᠯᠪᠡᠭ ᠬᠤᠭᠤᠴᠠᠭᠠᠨ ᠳᠤ ᠬᠠᠲᠤᠨ ᠭᠤᠤᠯ ᠤᠨ | ᠭᠤᠤᠯ ᠤᠷᠤᠰᠬᠠᠯ ᠠᠴᠠ ᠤᠰᠤ ᠲᠠᠲᠠᠵᠦ ᠵᠠᠮ ᠢᠶᠠᠷ ᠢᠶᠠᠨ ᠲᠣᠭᠲᠠᠬᠤ ᠰᠢᠶᠠᠨ᠂ ᠬᠤᠷᠢᠨᠭᠡᠷ ᠰᠢᠶᠠᠨ ᠢ ᠳᠠᠮᠵᠢᠵᠦ | ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠲᠤ ᠤᠰᠤ ᠨᠥᠬᠦᠪᠥᠷᠢᠯᠡᠨ᠎ᠡ᠂ ︽ᠭᠤᠷᠪᠠᠨ | ᠳᠡᠰ ᠤᠨ ᠳᠠᠷᠤᠯᠲᠠ ᠨᠡᠮᠡᠬᠦ + ᠬᠤᠶᠠᠷ ᠳᠡᠰ ᠤᠨ ᠬᠦᠨᠳᠦ ᠶᠢᠨ ᠬᠦᠴᠦ︾ ᠪᠠᠷ ᠤᠰᠤ ᠳᠠᠮᠵᠢᠭᠤᠯᠬᠤ ᠲᠥᠰᠦᠯ ᠢ | ᠬᠡᠷᠡᠭᠯᠡᠵᠦ᠂ ᠤᠰᠤ ᠳᠠᠮᠵᠢᠭᠤᠯᠬᠤ ᠶᠡᠷᠦᠩᠬᠡᠶ ᠵᠠᠶ ᠨᠢ ᠪᠠᠷᠤᠭ 134.24 ᠺᠢᠯᠣᠮᠧᠲᠷ ᠪᠠᠶᠢᠵᠤ᠂ ᠭᠤᠤᠯ | ᠪᠠᠷᠢᠯᠭ᠎ᠠ ᠳᠤ 3 ᠬᠥᠭᠡᠷᠭᠡ ᠶᠢᠨ ᠥᠷᠲᠡᠭᠡ᠂ 3 ᠨᠦᠬᠡᠨ ᠵᠠᠮ ︵ᠶᠡᠷᠦᠩᠬᠡᠶ ᠣᠷᠳᠣ ᠨᠢ 11.15 ᠺᠢᠯᠣᠮᠧᠲᠷ︶᠂ | 1 ᠡᠯᠡᠰᠦ ᠲᠤᠩᠭᠠᠬᠤ ᠲᠠᠲᠠᠭᠠᠯ᠂ 1 ᠤᠰᠤ ᠭᠠᠷᠭᠠᠬᠤ ᠲᠠᠲᠠᠭᠠᠯ ᠵᠢᠴᠢ 123.09 ᠺᠢᠯᠣᠮᠧᠲᠷ ᠤᠨ ᠤᠰᠤ | ᠳᠠᠮᠵᠢᠭᠤᠯᠬᠤ ᠬᠤᠭᠤᠯᠠᠶ ᠶᠢᠨ ᠱᠤᠭᠤᠮ ᠪᠠᠭᠲᠠᠨ᠎ᠠ᠃ ᠢᠨᠵᠧᠨᠧᠷᠢᠩ ᠤᠨ ᠵᠢᠯ ᠤᠨ ᠳᠤᠮᠳᠠᠴᠢ ᠤᠰᠤ ᠲᠠᠲᠠᠬᠤ | ᠴᠠᠭ ᠨᠢ 169 ᠡᠳᠦᠷ ᠪᠠᠶᠢᠵᠤ᠂ ᠲᠥᠯᠥᠪᠯᠡᠭᠰᠡᠨ ᠤᠰᠤ ᠲᠠᠲᠠᠬᠤ ᠬᠡᠮᠵᠢᠶ᠎ᠡ ᠨᠢ ᠰᠧᠺᠦ᠋ᠨ᠋ᠳ᠋ ᠪᠦᠷᠢ 3.02 | ᠳᠥᠷᠪᠡᠯᠵᠢᠨ ᠮᠧᠲᠷ᠂ ᠲᠥᠯᠥᠪᠯᠡᠭᠰᠡᠨ ᠬᠠᠮᠤᠭ ᠶᠡᠭᠡ ᠤᠰᠤ ᠲᠠᠲᠠᠬᠤ ᠬᠡᠪᠴᠢᠶ᠎ᠡ ᠨᠢ ᠵᠢᠯ ᠪᠦᠷᠢ 4466 ᠲᠦᠮᠡᠨ | ᠳᠥᠷᠪᠡᠯᠵᠢᠨ ᠮᠧᠲᠷ᠂ ᠢᠨᠵᠧᠨᠧᠷᠢᠩ ᠤᠨ ᠬᠠᠮᠤᠭ ᠶᠡᠭᠡ ᠤᠰᠤ ᠬᠠᠩᠭᠠᠬᠤ ᠬᠡᠮᠵᠢᠶ᠎ᠡ ᠨᠢ ᠵᠢᠯ ᠪᠦᠷᠢ 9000 | ᠲᠦᠮᠡᠨ ᠳᠥᠷᠪᠡᠯᠵᠢᠨ ᠮᠧᠲᠷ ᠪᠠᠶᠢᠵᠤ᠂ ᠤᠰᠤ ᠬᠠᠩᠭᠠᠬᠤ ᠴᠠᠭ ᠨᠢ ᠦᠶᠡᠷ ᠤᠨ ᠬᠤᠭᠤᠴᠠᠭᠠᠨ ᠤ 8 ~ 9 ᠰᠠᠷ᠎ᠠ | ᠵᠢᠴᠢ ᠬᠠᠯᠢᠶ᠎ᠠ ᠦᠶᠡᠷ ᠤᠨ ᠬᠤᠭᠤᠴᠠᠭᠠᠨ ᠤ 12 ᠰᠠᠷ᠎ᠠ ~ ᠳᠠᠷᠠᠭ᠎ᠠ ᠵᠢᠯ ᠤᠨ 3 ᠰᠠᠷ᠎ᠠ ᠪᠣᠯᠤᠨ᠎ᠠ᠃ | ᠣᠳᠣᠬᠠᠨ ᠳᠤ᠂ 3 ᠨᠦᠬᠡᠨ ᠵᠠᠮ ᠢ ᠪᠦᠬᠦᠨ ᠢ ᠨᠡᠪᠲᠡᠷᠡᠭᠦᠯᠵᠦ᠂ ᠭᠤᠤᠯ ᠱᠤᠭᠤᠮ ᠤᠨ ᠪᠠᠷᠢᠯᠭ᠎ᠠ ᠶᠢ ᠪᠦᠬᠦᠨ ᠢ | ᠡᠬᠢᠯᠡᠨ ᠪᠠᠶᠢᠭᠤᠯᠵᠤ᠂ ᠵᠢᠱᠢᠯᠲᠡ ᠪᠠᠷ 2022 ᠣᠨ ᠤ 6 ᠰᠠᠷ᠎ᠠ ᠳᠤ ᠪᠠᠷᠢᠯᠭ᠎ᠠ ᠳᠠᠭᠤᠰᠤᠭᠰᠠᠨ ᠤ ᠳᠠᠷᠠᠭ᠎ᠠ ᠤᠰᠤ | ᠨᠥᠬᠦᠪᠥᠷᠢᠯᠡᠬᠦ ᠪᠣᠯᠤᠨ᠎ᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |