| 3 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ | ᠮᠧᠩ ᠹᠠᠨ ᠯᠢ ᠵᠦᠸᠧᠽᠢ ᠰᠢᠶᠠᠨ ᠳᠤ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ︽ᠳᠠᠷᠢᠶᠠᠯᠠᠩ | ᠬᠦᠳᠡᠭᠡ ᠳᠤᠰᠬᠤᠨ ᠳᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠳᠤᠭᠤᠰᠢᠯᠠᠭᠤᠯᠵᠤ᠂ ᠣᠷᠣᠨ ᠪᠦᠰᠡ ᠶᠢᠨ ᠣᠨᠴᠠᠯᠢᠭ ᠢᠶᠠᠷ ᠢᠯᠡ ᠲᠣᠳᠣ᠂ ᠬᠠᠷᠢᠴᠠᠭᠤᠯᠤᠭᠰᠠᠨ ᠳᠠᠪᠠᠭᠤᠯᠢᠭ ᠢᠶᠠᠷ | ᠲᠣᠪᠣᠶᠢᠮ᠎ᠠ᠂ ᠠᠵᠤ ᠠᠬᠤᠢ ᠶᠢᠨ ᠦᠷ᠎ᠡ ᠠᠰᠢᠭ ᠢᠶᠠᠷ ᠢᠯᠡᠷᠬᠡᠢ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ | ᠢᠶᠠᠷ ᠴᠢᠩᠭ᠎ᠠ᠂ ᠠᠵᠢᠯ ᠣᠯᠭᠤᠬᠤ ᠪᠠᠭᠲᠠᠭᠠᠮᠵᠢ ᠪᠠᠷ ᠶᠡᠭᠡ ᠪᠦᠬᠦᠢ ᠰᠢᠶᠠᠨ ᠤ ᠬᠡᠪᠴᠢᠶᠡᠨ ᠤ ᠠᠷᠠᠳ ᠢ | ᠪᠠᠶᠠᠵᠢᠭᠤᠯᠬᠤ ᠠᠵᠤ ᠦᠢᠯᠡᠰ ᠢ ᠬᠦᠴᠦᠯᠡᠨ ᠪᠣᠶᠢᠵᠢᠭᠤᠯᠵᠤ᠂ ︽ᠨᠢᠭᠡ ᠰᠢᠶᠠᠨ ᠨᠢᠭᠡ ᠠᠵᠤ ᠦᠢᠯᠡᠰ︾ ᠤᠨ | ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠬᠤ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ | ᠢ ᠬᠦᠭᠵᠢᠬᠦᠯᠦᠨ ᠮᠠᠨᠳᠤᠭᠤᠯᠬᠤ ᠶᠢ ᠳᠠᠶᠢᠴᠢᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠮᠧᠩ ᠹᠠᠨ ᠯᠢ ᠤᠷᠢᠳ ᠬᠤᠵᠢᠳ ᠵᠦᠸᠧᠽᠢ ᠰᠢᠶᠠᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ | ᠰᠠᠭᠤᠷᠢᠨ ᠭᠠᠵᠠᠷ᠂ ᠳ᠋ᠧ ᠴᠢᠩ ᠶᠤᠸᠠᠨ ᠤ ᠠᠯᠲᠠᠨ ᠲᠠᠬᠢᠶ᠎ᠠ ᠪᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ | ᠲᠤᠬᠠᠢ ᠶᠢᠨ ᠲᠠᠯᠠᠪᠠᠶ᠂ ᠤᠳᠤᠮᠡᠯ ᠲᠠᠬᠢᠶ᠎ᠠ ᠶᠢᠨ ᠮᠦᠽᠧᠢ ᠳᠤ ᠬᠦᠷᠴᠦ᠂ ᠬᠦᠢᠲᠡᠨ ᠰᠡᠷᠢᠭᠦᠨ ᠢᠳᠡᠰᠢᠨ | ᠨᠣᠭᠤᠭ᠎ᠠ ᠶᠢᠨ ᠴᠢᠬᠢ ᠪᠣᠶᠢᠵᠢᠭᠤᠯᠬᠤ ᠰᠠᠭᠤᠷᠢᠨ ᠭᠠᠵᠠᠷ ᠪᠠ ᠠᠯᠲᠠᠨ ᠲᠠᠬᠢᠶ᠎ᠠ ᠪᠠᠷ ᠶᠠᠳᠠᠭᠤ ᠶᠢ ᠲᠡᠳᠬᠦᠬᠦ ᠲᠥᠷᠥᠯ | ᠵᠦᠢᠯ᠂ ᠤᠳᠤᠮᠡᠯ ᠲᠠᠬᠢᠶ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠲᠤ ᠲᠦᠰᠢᠭᠯᠡᠵᠦ᠂ ᠠᠵᠤ ᠦᠢᠯᠡᠰ ᠢ | ᠬᠥᠭᠵᠢᠭᠦᠯᠬᠦ ᠳᠤ ᠥᠪᠡᠷᠮᠢᠴᠡ ᠣᠨᠴᠠᠯᠢᠭ ᠲᠠᠢ ᠪᠠᠶᠢᠬᠤ ᠬᠡᠷᠡᠭᠲᠡᠢ᠃ ᠲᠤᠬᠠᠢ ᠶᠢᠨ ᠭᠠᠵᠠᠷ ᠤᠨ ᠪᠠᠶᠢᠭᠠᠯᠢᠭ | ᠨᠥᠬᠦᠴᠡᠯ᠂ ᠠᠵᠤ ᠦᠢᠯᠡᠰ ᠤᠨ ᠰᠠᠭᠤᠷᠢ ᠵᠡᠷᠭᠡ ᠣᠨᠴᠠᠯᠢᠭᠲᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ | ᠦᠢᠯᠡᠰ ᠤᠨ ᠬᠡᠪᠴᠢᠶ᠎ᠡ ᠪᠠᠷ ᠶᠡᠭᠡ᠂ ᠠᠵᠤ ᠦᠢᠯᠡᠰ ᠤᠨ ᠬᠡᠯᠬᠢᠶ᠎ᠡ ᠪᠠᠷ ᠤᠷᠳᠤ᠂ ᠬᠥᠳᠡᠭᠡ ᠲᠣᠰᠬᠤᠨ ᠢ | ᠳᠠᠶᠢᠴᠢᠯᠠᠬᠤ ᠴᠢᠳᠠᠪᠤᠷᠢ ᠪᠠᠷ ᠴᠢᠩᠭ᠎ᠠ ᠭᠤᠣᠯᠯᠠᠭᠴᠢ ᠠᠵᠤ ᠦᠢᠯᠡᠰ ᠢ ᠬᠥᠭᠵᠢᠭᠦᠯᠵᠦ᠂ ︽ᠨᠢᠭᠡ ᠠᠵᠤ ᠦᠢᠯᠡᠰ ᠢ | ᠪᠤᠵᠠᠭᠠᠶᠢᠷᠠᠭᠤᠯᠵᠤ᠂ ᠨᠢᠭᠡ ᠭᠠᠵᠠᠷ ᠣᠷᠣᠨ ᠤ ᠠᠷᠠᠳ ᠢᠷᠭᠡᠳ ᠲᠤ ᠪᠤᠶᠠᠨ ᠦᠢᠯᠡᠳᠬᠦ︾ ᠶᠢ ᠪᠡᠶᠡᠯᠡᠭᠦᠯᠬᠦ ᠬᠡᠷᠡᠭᠲᠡᠢ | ᠃ ᠳᠦᠬᠦᠬᠡᠷᠦᠮᠵᠢᠳᠦ ᠢᠳᠡᠰᠢᠨ ᠨᠣᠭᠤᠭ᠎ᠠ ᠶᠢ ᠬᠥᠭᠵᠢᠭᠦᠯᠬᠦ ᠳᠤ ᠲᠤᠬᠠᠢ ᠶᠢᠨ ᠭᠠᠵᠠᠷ ᠤᠨ ︽ᠬᠤᠯᠠᠰᠢᠨ ᠢᠳᠡᠬᠡᠨ︾ | ᠢ ᠰᠠᠶᠢᠲᠤᠷ ᠪᠦᠲᠦᠭᠡᠨ ᠪᠠᠶᠢᠭᠤᠯᠬᠤ ᠪᠠᠷ ᠪᠠᠷᠠᠬᠤ ᠦᠭᠡᠢ᠂ ᠨᠠᠩ ᠴᠤ ᠪᠥᠬᠦ ᠣᠷᠣᠨ᠂ ᠡᠷᠬᠢᠨ ᠲᠣᠭᠤᠷᠢᠨ ᠤ | ᠭᠠᠵᠠᠷ ᠣᠷᠣᠨ ᠴᠢᠨᠠᠭᠰᠢᠯᠠᠪᠠᠯ ᠪᠥᠬᠦ ᠤᠯᠤᠰ ᠤᠨ ︽ᠬᠤᠯᠠᠰᠢᠨ ᠢᠳᠡᠬᠡᠨ︾ ᠢ ᠪᠠᠷᠠᠯᠠᠵᠤ᠂ ᠰᠢᠨ᠎ᠡ ᠠᠵᠤ ᠦᠢᠯᠡᠰ | ᠪᠣᠯᠭᠠᠨ ᠪᠦᠲᠦᠭᠡᠨ ᠪᠠᠶᠢᠭᠤᠯᠵᠤ᠂ ᠪᠥᠬᠦ ᠤᠯᠤᠰ ᠤᠨ ᠥᠷᠭᠡᠨ ᠠᠭᠤᠳᠠᠮ ᠵᠠᠬ᠎ᠠ ᠳᠡᠯᠭᠡᠭᠦᠷ ᠲᠤ ᠬᠠᠨᠳᠤᠭᠤᠯᠬᠤ | ᠬᠡᠷᠡᠭᠲᠡᠢ᠃ ᠪᠡᠭᠡᠵᠢᠩ ᠲᠢᠶᠠᠨᠵᠢᠨ ᠡᡁᠧᠪᠸᠢ ᠶᠢᠨ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠭᠥᠯᠢᠶᠡᠨ | ᠠᠪᠴᠤ᠂ ᠲᠡᠷᠢᠭᠦᠨ ᠤ ᠠᠵᠤ ᠠᠬᠤᠶᠢᠯᠠᠯ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ | ᠣᠷᠣᠭᠤᠯᠤᠨ ᠠᠪᠴᠢᠷᠠᠵᠤ᠂ ᠲᠡᠷᠢᠭᠦᠨ ᠤ ᠮᠡᠷᠭᠡᠵᠢᠯ ᠲᠠᠢ᠂ ᠣᠶᠤᠨᠴᠢ ᠬᠠᠮᠢᠶᠠᠷᠤᠯᠲᠠ ᠲᠠᠢ᠂ ᠭᠠᠷᠭᠠᠯᠳᠠ ᠥᠨᠳᠥᠷ | ᠦᠷ᠎ᠡ ᠠᠰᠢᠭ ᠲᠠᠢ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠲᠡᠷᠢᠭᠦᠨ ᠤ ᠲᠥᠬᠦᠭᠡᠷᠦᠮᠵᠢ ᠶᠢ ᠪᠠᠶᠢᠭᠤᠯᠵᠤ᠂ | ᠪᠦᠬᠦ ᠤᠯᠤᠰ ᠤᠨ ᠲᠣᠮᠣ ᠵᠠᠬ᠎ᠠ ᠳᠡᠯᠭᠡᠭᠦᠷ ᠲᠠᠢ ᠵᠣᠯᠭᠠᠭᠤᠯᠬᠤ ᠶᠢ ᠴᠢᠩᠭᠠᠳᠬᠠᠵᠤ᠂ ᠭᠠᠷᠤᠯᠲᠠ ᠶᠢᠨ ᠬᠡᠮᠵᠢᠶ᠎ᠡ ᠨᠢ | ᠵᠢᠱᠢᠯᠲᠡ ᠲᠠᠢ᠂ ᠠᠰᠢᠭ ᠣᠷᠣᠯᠭ᠎ᠠ ᠨᠢ ᠪᠠᠲᠤᠯᠠᠭ᠎ᠠ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ︽ᠵᠦᠸᠧᠽᠢ ᠶᠢᠨ | ᠤᠲᠤᠮᠠᠯ ᠲᠠᠬᠢᠶ᠎ᠠ︾ ᠭᠡᠬᠦ ᠡᠨᠡᠬᠦ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠬᠦᠴᠦᠯᠡᠬᠦ ᠴᠡᠭ ᠢ ︽ᠢᠨᠢᠶᠡᠮᠰᠦᠭᠯᠡᠯ ᠤᠨ ᠮᠤᠷᠤᠢ ᠱᠤᠭᠤᠮ︾ ᠤᠨ ᠬᠤᠶᠠᠷ ᠲᠠᠯ᠎ᠠ ᠳᠤ | ᠲᠠᠯᠪᠢᠵᠤ᠂ ᠨᠢᠭᠡ ᠲᠠᠯ᠎ᠠ ᠪᠠᠷ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠵᠣᠬᠢᠶᠠᠨ ᠪᠠᠶᠢᠭᠤᠯᠵᠤ᠂ ᠨᠢᠭᠡᠳᠦᠯᠲᠡᠢ | ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢ ᠲᠣᠭᠲᠠᠭᠠᠵᠤ᠂ ᠪᠦᠬᠦ ᠣᠷᠣᠨ ᠪᠦᠰᠡ ᠶᠢᠨ ᠳᠣᠲᠣᠷᠠᠬᠢ ᠠᠳᠠᠯᠢ | ᠲᠡᠰ ᠤᠨ ᠶᠠᠰᠤ ᠴᠢᠨᠠᠷ ᠢ ᠪᠠᠲᠤᠯᠠᠵᠤ᠂ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠪᠦᠷᠢᠯᠳᠦᠬᠦ ᠶᠢ ᠠᠬᠢᠭᠤᠯᠬᠤ | ᠬᠡᠷᠡᠭᠲᠡᠢ︔ ᠨᠥᠭᠦᠭᠡ ᠲᠠᠯ᠎ᠠ ᠨᠢ ᠵᠠᠬ᠎ᠠ ᠳᠡᠯᠭᠡᠭᠦᠷ ᠢ ᠴᠢᠷᠮᠠᠶᠢᠨ ᠨᠡᠭᠡᠭᠡᠵᠦ᠂ ᠤᠯᠤᠰ ᠤᠨ ᠳᠣᠲᠣᠭᠠᠳᠤ ᠶᠢᠨ | ᠬᠠᠮᠤᠭ ᠤᠨ ᠰᠠᠶᠢᠨ ᠪᠦᠲᠦᠭᠡᠯᠴᠢ ᠺᠣᠮᠫᠠᠨᠢ ᠶᠢ ᠡᠷᠢᠵᠦ ᠪᠤᠭᠤᠳᠠᠯᠯᠠᠨ ᠴᠢᠮᠡᠵᠤ᠂ ᠤᠯᠤᠰ ᠤᠨ ᠳᠣᠲᠣᠭᠠᠳᠤ ᠶᠢᠨ | ᠬᠠᠮᠤᠭ ᠤᠨ ᠬᠥᠭᠵᠢᠶᠡᠨ ᠲᠠᠢ ᠰᠦᠯᠵᠢᠶᠡᠨ ᠣᠳᠣᠳ ᠢ ᠡᠷᠢᠵᠦ ︽ᠪᠠᠷᠠᠭ᠎ᠠ ᠪᠤᠷᠤᠯᠠᠭᠤᠯᠵᠤ︾᠂ ᠭᠤᠣᠯᠳᠠᠯᠭ᠎ᠠ ᠲᠠᠢ | ᠬᠤᠲᠠ ᠶᠢ ᠰᠣᠩᠭᠤᠵᠤ ᠭᠦᠨᠵᠡᠭᠡᠢ ᠨᠡᠭᠡᠭᠡᠨ ᠬᠥᠭᠵᠢᠭᠦᠯᠵᠦ᠂ ᠵᠢᠵᠢᠭ ᠠᠵᠤ ᠦᠢᠯᠡᠰ ᠤᠨ ᠲᠣᠮᠣ ᠵᠠᠬ᠎ᠠ | ᠳᠡᠯᠭᠡᠭᠦᠷ ᠲᠤ ᠣᠷᠣᠬᠤ ᠶᠢ ᠠᠬᠢᠭᠤᠯᠬᠤ ᠬᠡᠷᠡᠭᠳᠡᠢ ᠭᠡᠵᠤ ᠵᠢᠭᠠᠵᠤ ᠭᠠᠷᠭᠠᠪᠠ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠪᠣᠯ ᠣᠳᠣᠬᠠᠨ ᠤ ᠬᠥᠳᠡᠭᠡ ᠲᠣᠰᠬᠤᠨ ᠤ ᠠᠵᠢᠯ ᠤᠨ | ᠲᠡᠷᠢᠭᠦᠨ ᠴᠢᠬᠤᠯᠠ ᠶᠠᠪᠤᠳᠠᠯ ᠮᠥᠨ᠃ ᠮᠧᠩ ᠹᠠᠨ ᠯᠢ ᠪᠠᠰᠠ ᠵᠦᠸᠧᠽᠢ ᠱᠠᠨ ᠪᠠᠯᠭᠠᠰᠤᠨ ᠤ ᠠᠷᠠᠳ ᠢ | ᠪᠠᠶᠠᠵᠢᠭᠤᠯᠬᠤ ᠦᠷ᠎ᠡ ᠬᠢᠮᠢ ᠶᠢᠨ ᠪᠣᠷᠳᠣᠭᠤᠷ ᠡᠵᠡᠩᠨᠡᠨ ᠪᠣᠷᠣᠯᠠᠭᠤᠯᠬᠤ ᠳᠡᠯᠭᠡᠭᠦᠷ ᠲᠤ ᠬᠦᠷᠴᠦ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠪᠣᠷᠤᠯᠠᠭᠤᠯᠭ᠎ᠠ ᠶᠢᠨ ᠪᠠᠶᠢᠳᠠᠯ ᠵᠢᠴᠢ ᠡᠵᠡᠩᠨᠡᠭᠴᠢ ᠶᠢᠨ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠲᠠᠸᠠᠷ ᠤᠨ ᠪᠣᠷᠤᠯᠠᠭᠤᠯᠭ᠎ᠠ ᠶᠢᠨ ᠳᠤᠮᠳᠠ ᠲᠤᠯᠭᠠᠷᠠᠭᠰᠠᠨ ᠠᠰᠠᠭᠤᠳᠠᠯ ᠢ | ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ | ᠬᠠᠩᠰᠢ ᠦᠰᠴᠦ ᠪᠠᠶᠢᠭ᠎ᠠ ᠪᠠᠶᠢᠳᠠᠯ ᠳᠤᠤᠷ᠎ᠡ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠠᠬᠢᠶᠠᠯᠠᠭ᠎ᠠ ᠶᠢᠨ | ᠬᠠᠭᠤᠳᠠᠰᠤ᠂ ᠬᠡᠪᠴᠢᠶᠡᠵᠢᠭᠦᠯᠦᠨ ᠬᠤᠳᠠᠯᠳᠤᠨ ᠠᠪᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ | ᠳᠠᠮᠵᠢᠭᠤᠯᠤᠨ ᠦᠨ᠎ᠡ ᠬᠠᠩᠰᠢ ᠶᠢ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠢ ᠮᠥᠷᠲᠡᠭᠡᠨ ᠪᠠᠰᠠ ᠲᠠᠷᠢᠶᠠᠴᠢᠨ ᠡᠷᠦᠬᠡ | ᠳᠤ ᠦᠢᠯᠡᠴᠢᠯᠡᠬᠦ ᠶᠢ ᠢᠳᠡᠪᠬᠢᠳᠡᠢ ᠬᠦᠲᠦᠯᠦᠨ ᠵᠢᠯᠤᠭᠤᠳᠴᠤ ᠪᠠᠶᠢᠭᠠᠳ ᠬᠥᠷᠥᠰᠥ ᠰᠢᠷᠣᠢ ᠶᠢ ᠬᠡᠮᠵᠢᠨ | ᠨᠠᠶᠢᠷᠠᠯᠭ᠎ᠠ ᠲᠠᠢ᠂ ᠨᠠᠷᠢᠯᠢᠭ ᠤᠨᠤᠴᠡᠳᠡᠢ ᠪᠠᠷ ᠪᠣᠷᠳᠣᠭᠤᠷ ᠣᠷᠣᠭᠤᠯᠵᠤ ᠬᠡᠷᠡᠭᠯᠡᠬᠦ ᠬᠡᠮᠵᠢᠶ᠎ᠡ ᠶᠢ ᠪᠠᠭᠤᠷᠠᠭᠤᠯᠵᠤ᠂ | ᠥᠪᠡᠷ ᠤᠨ ᠦᠷᠳᠡᠭ ᠢ ᠪᠠᠭᠤᠷᠠᠭᠤᠯᠬᠤ ᠶᠢᠨ ᠬᠠᠮᠲᠤ ᠤᠯᠠᠨ ᠡᠬᠢᠲᠦ ᠪᠣᠬᠢᠷᠳᠤᠯ ᠢ ᠪᠠᠭᠠᠰᠬᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠣᠨ ᠮᠠᠨ ᠤ | ᠬᠤᠲᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠵᠤᠬᠢᠶᠠᠭᠴᠢ᠄ ᠳ᠋ᠠᠢ ᠰᠢᠤᠸᠠᠢ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |