ᠪᠥᠬᠦ ᠤᠯᠤᠰ ᠤᠨ ᠡᠯ᠎ᠡ ᠭᠠᠵᠠᠷ ᠤᠨ ᠠᠵᠤ ᠠᠬᠤᠶᠢᠯᠠᠯ ᠰᠤᠷᠭᠠᠭᠤᠯᠢ ᠶᠢ ᠴᠢᠩ ᠰᠡᠳᠬᠢᠯ ᠠᠴᠠ ᠪᠠᠨ ᠤᠷᠢᠵᠤ ᠦᠪᠦᠷ ᠮᠤᠩᠭᠤᠯ ᠤᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠷᠢᠶᠡᠯᠡᠩ ᠳᠤᠭᠤᠷᠢᠭ  ᠤᠨ ᠪᠦᠲᠦᠭᠡᠨ ᠪᠠᠶᠢᠭᠤᠯᠤᠯᠳᠠ ᠳᠤ ᠤᠷᠤᠯᠴᠠᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠵᠠᠷᠯᠠᠯ
ᠨᠡᠶᠢᠲᠡᠯᠡᠭᠰᠡᠨ ᠴᠠᠭ᠄
2022/4/11
     ᠶᠡᠷᠦᠩᠬᠡᠢ ᠱᠦᠵᠢ ᠰᠢ ᠶᠢᠨ ᠫᠢᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ᠂ ᠪᠦᠬᠦ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠬᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠯᠠᠭᠠᠨᠴᠠᠪ ᠬᠤᠲᠠ ᠳᠤ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠᠷ ᠲᠣᠭᠲᠠᠵᠤ᠂ ᠡᠳᠦᠭᠡ ᠪᠥᠬᠦ ᠤᠯᠤᠰ ᠤᠨ ᠡᠯ᠎ᠡ ᠭᠠᠵᠠᠷ ᠤᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠪᠠ ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ ᠳᠤ ᠣᠷᠣᠯᠴᠠᠬᠤ ᠶᠢ ᠤᠷᠢᠵᠤ ᠪᠠᠶᠢᠨ᠎ᠠ᠃     ᠨᠢᠭᠡ᠂ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠦᠨᠳᠦᠰᠦᠨ ᠪᠠᠶᠢᠳᠠᠯ     ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠪᠣᠯᠣᠨ ᠤᠯᠠᠭᠠᠨᠴᠠᠪ ᠬᠤᠲᠠ ᠠᠴᠠ ᠬᠠᠮᠲᠤᠪᠠᠷ ᠲᠥᠯᠥᠪᠵᠢᠭᠦᠯᠦᠨ ᠪᠦᠲᠦᠭᠡᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠪᠣᠯᠣᠨ᠎ᠠ᠃ ᠬᠦᠷᠢᠶᠡᠯᠡᠩ ᠲᠣᠭᠤᠷᠢᠭ ᠢ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠡᠮᠦᠨ᠎ᠡ ᠬᠡᠰᠡᠭ ᠲᠤ ᠪᠠᠶᠢᠷᠢᠯᠠᠭᠤᠯᠬᠤ ᠪᠠᠷ ᠲᠥᠯᠥᠪᠯᠡᠵᠦ ᠪᠣᠶ᠂ ᠲᠥᠯᠥᠪᠵᠢᠭᠦᠯᠦᠭᠰᠡᠨ ᠲᠠᠯᠠᠪᠠᠶ ᠨᠢ 19.4 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠣᠶᠢᠷ᠎ᠠ ᠶᠢᠨ ᠬᠤᠭᠤᠴᠠᠭᠠᠨ ᠳᠤ 9.2 ᠲᠡᠭᠰᠢ ᠳᠥᠷᠪᠡᠯᠵᠢᠨ ᠺᠢᠯᠣᠮᠧᠲᠷ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠠᠯᠤᠰ ᠤᠨ ᠬᠤᠭᠤᠴᠠᠭᠠᠨ ᠳᠤ 10.2 ᠲᠡᠭᠰᠢ ᠳᠥᠷᠪᠡᠯᠵᠢᠨ ᠺᠢᠯᠣᠮᠧᠲᠷ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠨᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠭᠤᠷᠢᠭ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠲᠣᠭᠤᠷᠢᠭ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ᠨᠡᠪᠴᠢᠭᠦᠯᠬᠦ ᠲᠣᠭᠤᠷᠢᠭ᠂ ᠰᠤᠳᠤᠯᠤᠨ ᠨᠡᠭᠡᠭᠡᠬᠦ ᠳᠠᠳᠤᠯᠭ᠎ᠠ ᠪᠣᠯᠪᠠᠰᠤᠷᠠᠭᠤᠯᠤᠯ ᠤᠨ ᠲᠣᠭᠤᠷᠢᠭ ᠪᠠ ᠠᠮᠢᠳᠤᠷᠠᠯ ᠤᠨ ᠦᠢᠯᠡᠴᠢᠯᠡᠭᠡᠨ ᠤ ᠲᠣᠭᠤᠷᠢᠭ ᠤᠨ ︽ᠲᠠᠪᠤᠨ ᠶᠡᠭᠡ ᠴᠢᠳᠠᠮᠵᠢ ᠶᠢᠨ ᠲᠣᠭᠤᠷᠢᠭ︾ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠰ ᠪᠠ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠪᠠᠷ ᠭᠤᠣᠯ ᠪᠣᠯᠭᠠᠭᠰᠠᠨ  ᠤ ᠬᠠᠮᠳᠤ᠂ ᠨᠡᠶᠢᠭᠡᠮ᠂ ᠬᠤᠳᠠᠯᠳᠤᠭ᠎ᠠ᠂ ᠣᠷᠣᠨ ᠰᠠᠭᠤᠴᠠ ᠵᠡᠷᠭᠡ ᠲᠥᠬᠦᠷ ᠴᠢᠳᠠᠮᠵᠢ ᠶᠢ ᠬᠠᠪᠰᠤᠷᠭᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠪᠣᠯᠣᠨ᠎ᠠ᠃ ᠬᠦᠷᠢᠶᠡᠯᠡᠩ ᠲᠣᠭᠤᠷᠢᠭ ᠢ 2022 ᠣᠨ ᠠᠴᠠ ᠡᠬᠢᠯᠡᠨ ᠪᠠᠶᠢᠭᠤᠯᠵᠤ᠂ ᠰᠠᠭᠤᠷᠢ ᠲᠥᠬᠦᠷᠵᠢᠭᠦᠯᠬᠦ ᠪᠠ ︽ᠠᠵᠤ ᠠᠬᠤᠶᠢᠯᠠᠯ ᠢ ᠤᠷᠢᠵᠤ ᠰᠤᠷᠭᠠᠭᠤᠯᠢ ᠶᠢ ᠳᠠᠳᠠᠨ ᠤᠷᠤᠭᠤᠯᠬᠤ︾ ᠠᠵᠢᠯ ᠢ ᠵᠡᠷᠭᠡᠪᠡᠷ ᠥᠷᠨᠢᠭᠦᠯᠵᠦ᠂ 2030 ᠣᠨ ᠪᠣᠯᠬᠤ ᠳᠤ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠪᠠ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠶᠢ ᠪᠡᠶᠡᠯᠡᠭᠦᠯᠬᠦ ᠪᠠᠷ ᠲᠥᠯᠥᠪᠯᠡᠵᠦ᠂ 10 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠣᠷᠣᠵᠤ ᠰᠠᠭᠤᠬᠤ ᠶᠢ ᠪᠡᠶᠡᠯᠡᠭᠦᠯᠵᠦ᠂ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠬᠡᠪᠴᠢᠶ᠎ᠡ ᠶᠢ 10 ᠲᠦᠮᠡ ᠠᠴᠠ ᠳᠡᠭᠡᠭᠰᠢ ᠳᠤ ᠬᠦᠷᠦᠬᠦᠯᠵᠤ᠂ ᠡᠯ᠎ᠡ ᠲᠥᠷᠥᠯ ᠤᠨ ᠰᠣᠷᠣᠭᠴᠢ ᠶᠢ 20 ᠲᠦᠮᠡ ᠠᠴᠠ ᠳᠡᠭᠡᠭᠰᠢ ᠳᠤ ᠬᠦᠷᠦᠬᠦᠯᠵᠤ᠂ ᠵᠢᠯ ᠪᠦᠷᠢ 30 ᠲᠦᠮᠡᠨ ᠬᠥᠮᠥᠨ ᠤᠳᠠᠭ᠎ᠠ ᠶᠢᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠪᠡᠶᠡᠯᠡᠭᠦᠯᠦᠨ᠎ᠡ᠃     ᠬᠤᠶᠠᠷ᠂ ᠬᠤᠳᠠᠯᠳᠤᠭᠠᠴᠢᠨ ᠤᠷᠢᠵᠤ ᠰᠤᠷᠭᠠᠭᠤᠯᠢ ᠳᠠᠳᠠᠨ ᠤᠷᠤᠭᠤᠯᠬᠤ ᠴᠢᠭᠯᠡᠯ     1. ᠪᠥᠬᠦ ᠤᠯᠤᠰ ᠤᠨ ᠡᠯ᠎ᠡ ᠭᠠᠵᠠᠷ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠶᠢᠨ ᠲᠤᠷᠰᠢᠯᠭ᠎ᠠ ᠲᠠᠢ ᠪᠥᠭᠡᠳ ᠵᠣᠬᠢᠬᠤ ᠬᠢᠷᠢ ᠬᠡᠮ ᠲᠠᠢ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ᠂ ᠡᠯ᠎ᠡ ᠵᠦᠢᠯ ᠤᠨ ᠦᠨᠡᠮᠯᠡᠯ᠂ ᠭᠠᠷᠳᠠᠮ ᠨᠢ ᠪᠦᠷᠢᠨ ᠭᠦᠢᠴᠡᠳ᠂ ᠪᠡᠯᠡ ᠮᠥᠩᠭᠦ ᠶᠢᠨ ᠪᠣᠳᠠᠲᠤ ᠬᠦᠴᠦᠨ ᠲᠠᠢ᠃ ᠪᠤᠰᠤᠳ ᠭᠠᠵᠠᠷ ᠣᠷᠣᠨ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠭᠰᠠᠨ ᠪᠤᠶᠤ ᠠᠵᠢᠯᠯᠠᠭᠤᠯᠤᠨ ᠡᠵᠡᠩᠨᠡᠭᠡᠳ ᠠᠮᠵᠢᠯᠲᠠ ᠤᠯᠤᠭᠰᠠᠨ ᠵᠢᠱᠢᠶ᠎ᠡ ᠲᠠᠢ ᠠᠵᠤ ᠠᠬᠤᠶᠢᠯᠠᠯ ᠢ ᠤᠷᠢᠳᠠᠪᠠᠷ ᠪᠤᠳᠤᠯᠬᠢᠯᠠᠨ᠎ᠠ᠃     2. ᠪᠥᠬᠦ ᠤᠯᠤᠰ ᠤᠨ ᠡᠯ᠎ᠡ ᠭᠠᠵᠠᠷ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠬᠢᠷᠢ ᠬᠡᠮ ᠲᠠᠢ ᠠᠯᠪᠠᠨ ᠠᠴᠠ ᠪᠠᠶᠢᠭᠤᠯᠤᠭᠰᠠᠨ ᠪᠤᠶᠤ ᠠᠷᠠᠳ ᠠᠴᠠ ᠡᠷᠭᠢᠯᠡᠭᠰᠡᠨ ᠳᠡᠭᠡᠳᠦ ᠰᠤᠷᠭᠠᠭᠤᠯᠢ᠂ ᠳᠤᠮᠳᠠᠳᠤ ᠵᠡᠷᠭᠡ ᠶᠢᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠰᠤᠷᠭᠠᠨ ᠬᠥᠮᠦᠵᠢᠯ ᠤᠨ ᠪᠦᠯᠦᠭᠯᠡᠯ᠃    ᠭᠤᠷᠪᠠ᠂ ᠬᠠᠮᠳᠤᠯᠴᠠᠭᠠᠨ ᠤ ᠠᠷᠭ᠎ᠠ ᠬᠡᠯᠪᠡᠷᠢ    ᠬᠠᠮᠲᠤᠷᠠᠯᠴᠠᠭᠠᠨ ᠤ ᠠᠷᠭ᠎ᠠ ᠬᠡᠯᠪᠡᠷᠢ ᠨᠢ ᠠᠮᠢᠳᠤᠯᠢᠭ ᠪᠠᠶᠢᠵᠤ᠂ ᠵᠠᠰᠠᠭ ᠪᠠ ᠠᠵᠤ ᠠᠬᠤᠶᠢᠯᠠᠯ ᠬᠠᠮᠲᠤ ᠪᠠᠷ ᠪᠠᠶᠢᠭᠤᠯᠬᠤ ᠪᠤᠶᠤ ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠪᠦᠲᠦᠭᠡᠨ ᠪᠠᠶᠢᠭᠤᠯᠬᠤ ᠶᠢ ᠬᠡᠷᠡᠭᠵᠢᠬᠦᠯᠵᠤ ᠪᠣᠯᠣᠨ᠎ᠠ᠂ ᠪᠣᠳᠠᠲᠠᠢ ᠳᠡᠭᠡᠷ᠎ᠡ ︽ᠨᠢᠭᠡ ᠬᠡᠷᠡᠭ ᠢ ᠨᠢᠭᠡ ᠵᠥᠪᠯᠡᠬᠦ︾᠂ ︽ᠨᠢᠭᠡ ᠠᠵᠤ ᠠᠬᠤᠶᠢᠯᠠᠯ ᠨᠢᠭᠡ ᠵᠥᠪᠯᠡᠬᠦ︾ ᠪᠣᠯᠣᠨ᠎ᠠ᠃     ᠳᠥᠷᠪᠡ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ     ᠬᠦᠷᠢᠶᠡᠯᠡᠩ ᠳᠤ ᠣᠷᠣᠭᠰᠠᠨ ᠠᠵᠤ ᠠᠬᠤᠶᠢᠯᠠᠯ ᠪᠣᠯᠣᠨ ᠰᠤᠷᠭᠠᠭᠤᠯᠢ ᠨᠤᠭᠤᠳ ᠤᠯᠠᠭᠠᠨᠴᠠᠪ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠭᠤᠷᠪᠠᠨ ᠱᠠᠲᠤᠨ ᠤ ᠵᠠᠰᠠᠭ ᠤᠨ ᠣᠷᠳᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠨᠡᠶᠢᠲᠡᠯᠡᠭᠰᠡᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃     ᠲᠠᠪᠤ᠂ ᠬᠠᠷᠢᠯᠴᠠᠬᠤ ᠠᠷᠭ᠎ᠠ ᠬᠡᠯᠪᠡᠷᠢ     1. ᠨᠡᠷ᠎ᠡ ᠮᠡᠳᠡᠭᠦᠯᠬᠦ ᠴᠠᠭ᠄ 2022 ᠣᠨ ᠤ 4 ᠰᠠᠷ᠎ᠠ ᠶᠢᠨ 6 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ᠃     2. ᠨᠡᠷ᠎ᠡ ᠮᠡᠳᠡᠭᠦᠯᠬᠦ ᠭᠠᠵᠠᠷ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ ᠤᠨ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠪᠡᠯᠡᠳᠬᠡᠯ ᠤᠨ ᠭᠠᠵᠠᠷ ︵ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠷᠳᠠᠩ ᠶᠡᠭᠡ ᠵᠠᠮ ᠤᠨ ᠪᠠᠷᠠᠭᠤᠨ᠂ ᠬᠤᠸ ᠱᠧᠩ ᠪᠠᠭᠤᠳᠠᠯ ᠤᠨ ᠡᠮᠦᠨ᠎ᠡ 500 ᠮᠧᠲᠷ︶᠃     3. ᠬᠠᠷᠢᠯᠴᠠᠬᠤ ᠬᠥᠮᠥᠨ     ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠄ ᠴᠢᠶᠣᠤ ᠦ᠋     ᠤᠲᠠᠰᠤ  18648050333᠃     ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠄ ᠵᠣᠣ ᠳ᠋ᠠ ᠫᠧᠩ     ᠤᠲᠠᠰᠤ  18647452069᠃            ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ                   2022 ᠣᠨ ᠤ 4 ᠰᠠᠷ᠎ᠠ ᠶᠢᠨ 6 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2