ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠠ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ ᠵᠡᠷᠭᠡ ᠠᠵᠢᠯ ᠢ ᠰᠤᠳᠤᠯᠪᠡ
ᠨᠡᠶᠢᠲᠡᠯᠡᠭᠰᠡᠨ ᠴᠠᠭ᠄
2022/4/11
    4 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ﹀ ᠶᠢᠨ ᠬᠤᠭᠤᠴᠠᠭᠠᠨ ᠳᠠᠬᠢ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠬᠤ ᠲᠥᠯᠦᠪᠵᠢᠭᠦᠯᠭᠡ︾ ︽ᠤᠯᠠᠭᠠᠨᠴᠠᠪ ᠬᠤᠲᠠ ᠶᠢᠨ ᠬᠦᠳᠡᠭᠡ ᠳᠣᠰᠬᠤᠨ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠬᠦᠯᠬᠦ ᠲᠠᠪᠤᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︽2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠤᠯᠠᠭᠠᠨᠴᠠᠪ ᠬᠤᠲᠠ ᠶᠢᠨ ᠬᠡᠷᠡᠭᠵᠢᠭᠦᠯᠬᠦ ᠰᠠᠨᠠᠯ︾ ︽ᠤᠯᠠᠭᠠᠨᠴᠠᠪ ᠬᠤᠲᠠ ᠶᠢᠨ ︿ᠨᠢᠭᠡ ᠰᠦᠯᠵᠢᠶ᠎ᠡ ᠪᠠᠷ ᠪᠦᠬᠦᠨ ᠢ ᠬᠦᠢᠴᠡᠳᠭᠡᠬᠦ﹀ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠰᠥᠯ︾ ᠪᠠ ︽ᠤᠯᠠᠭᠠᠨᠴᠠᠪ ᠬᠤᠲᠠ ᠶᠢᠨ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠠᠵᠢᠯ ᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠭᠰᠡᠨ ᠪᠦᠭᠡᠳ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠰᠢᠨ᠎ᠡ ᠴᠠᠭ ᠦᠶ᠎ᠡ ᠰᠢᠨ᠎ᠡ ᠱᠠᠲᠤ ᠦᠶ᠎ᠡ ᠶᠢᠨ ︽ᠳᠠᠷᠢᠶᠠᠯᠠᠩ ᠬᠦᠳᠡᠭᠡ ᠳᠤᠰᠬᠤᠨ ᠳᠠᠷᠢᠶᠠᠴᠢᠨ ᠮᠠᠯ ᠠᠵᠤ ᠠᠬᠤᠢ ᠮᠠᠯᠵᠢᠬᠤ ᠣᠷᠣᠨ ᠮᠠᠯᠴᠢᠨ︾ ᠤ ᠠᠵᠢᠯ ᠤᠨ ᠶᠡᠷᠦᠩᠬᠡᠢ ᠭᠠᠷᠳᠠᠴᠠ ᠮᠥᠨ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ︽ᠳᠠᠷᠢᠶᠠᠯᠠᠩ ᠬᠦᠳᠡᠭᠡ ᠳᠤᠰᠬᠤᠨ ᠳᠠᠷᠢᠶᠠᠴᠢᠨ︾ ᠤ ᠠᠵᠢᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠮᠠᠨ ᠤ ᠬᠤᠳᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ︽ᠨᠣᠬᠠᠢ ᠶᠢᠨ ᠬᠤᠰᠢᠭᠤ ᠨᠣᠭᠤᠭ᠎ᠠ ᠲᠥᠮᠥᠰᠥ᠂ ᠠᠯᠠᠰᠢᠨ ᠦᠬᠡᠷ ᠠᠯᠠᠰᠢᠨ ᠬᠤᠨᠢ ᠰᠦ︾ ᠶᠢᠨ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠳᠠᠷᠢᠶᠠᠯᠠᠩ ᠮᠠᠯ ᠠᠵᠤ ᠠᠬᠤᠢ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠨᠡᠶᠢᠰᠯᠡᠯ ᠳᠤ ᠦᠢᠯᠡᠴᠢᠯᠡᠬᠦ ︽ᠲᠥᠪ ᠲᠣᠭᠤᠭᠠᠨ ᠭᠡᠷ︾ ᠢ ᠪᠠᠶᠢᠭᠤᠯᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠭᠠᠳᠬᠠᠵᠤ ᠂ ᠲᠠᠷᠢᠶᠠᠨ ᠭᠠᠵᠠᠷ ᠢ ᠬᠠᠮᠠᠭᠠᠯᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠦᠨᠡᠨᠬᠦ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠶᠢ ᠵᠠᠰᠠᠬᠤ᠂ ᠬᠤᠭ ᠨᠣᠪᠰᠢ ᠶᠢ ᠰᠢᠢᠳᠪᠦᠷᠢᠯᠡᠬᠦ᠂ ᠠᠶᠢᠯ ᠲᠣᠰᠬᠤᠨ ᠢ ᠴᠡᠪᠡᠷᠯᠡᠬᠦ ᠵᠡᠷᠭᠡ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠲᠣᠭᠤᠷᠢᠨ ᠳᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠪᠣᠬᠢᠷᠳᠤᠯ ᠦᠭᠡᠢ ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃     ᠬᠤᠷᠠᠯ ᠠᠴᠠ᠂ ︽ᠨᠢᠭᠡ ᠰᠦᠯᠵᠢᠶ᠎ᠡ ᠪᠠᠷ ᠪᠦᠬᠦᠨ ᠢ ᠬᠦᠢᠴᠡᠳᠬᠡᠬᠦ︾ ᠪᠣᠯ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠲᠣᠭᠠᠴᠢᠯᠠᠭᠰᠠᠨ ᠪᠠ ᠣᠶᠤᠨᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠮᠵᠢᠯᠴᠠᠬᠤ ᠪᠠᠨ ᠴᠢᠩᠭᠠᠷᠠᠭᠤᠯᠤᠨ᠂ ︽ᠨᠢᠭᠡ ᠰᠦᠯᠵᠢᠶ᠎ᠡ ᠪᠠᠷ ᠪᠦᠬᠦᠨ ᠢ ᠬᠦᠢᠴᠡᠳᠬᠡᠬᠦ︾ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠭᠦᠢᠴᠡᠳᠬᠡᠬᠦ ᠭᠤᠭᠴᠤᠭ᠎ᠠ ᠪᠠ ᠭᠦᠢᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠤᠨ ᠰᠢᠯᠢᠳᠡᠭᠵᠢᠭᠦᠯᠵᠦ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠨᠠᠪᠲᠠᠷᠡᠭᠦᠯᠵᠦ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠬᠦᠢᠴᠡᠳᠭᠡᠬᠦ᠂ ᠬᠠᠮᠵᠢᠯᠴᠠᠨ ᠭᠦᠢᠴᠡᠳᠬᠡᠬᠦ᠂ ᠶᠡᠷᠦᠩᠬᠡᠶᠢᠯᠡᠨ ᠬᠠᠮᠢᠶᠠᠷᠬᠤ ᠶᠢ ᠨᠢᠭᠡ ᠴᠣᠭᠴᠠᠵᠢᠭᠤᠯᠤᠭᠰᠠᠨ ︽ᠨᠢᠭᠡ ᠰᠦᠯᠵᠢᠶ᠎ᠡ ᠪᠠᠷ ᠪᠦᠬᠦᠨ ᠢ ᠬᠦᠢᠴᠡᠳᠭᠡᠬᠦ︾ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠤᠯᠤᠰ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠶᠡᠬᠡᠪᠡᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠵᠦ᠂ ᠳᠤᠮᠳᠠ ᠪᠠᠭ᠎ᠠ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠢ ᠰᠠᠨᠠᠭ᠎ᠠ ᠠᠮᠤᠷ ᠡᠵᠡᠩᠨᠡᠭᠦᠯᠵᠦ᠂ ᠦᠷᠭᠦᠯᠵᠢᠯᠡᠨ ᠲᠣᠭᠲᠠᠭᠤᠨ ᠢᠶᠠᠷ ᠠᠵᠢᠯ ᠣᠯᠭᠤᠵᠤ᠂ ᠠᠷᠠᠳ ᠤᠨ ᠠᠮᠢᠳᠤᠷᠠᠯ ᠢ ᠪᠠᠲᠤᠯᠠᠬᠤ ᠬᠡᠷᠡᠭᠲᠡᠢ ᠭᠡᠵᠤ ᠱᠠᠭᠠᠷᠳᠠᠪᠠ᠃     ᠬᠤᠷᠠᠯ ᠠᠴᠠ᠂ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠣᠯ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠳᠦᠷᠢᠮ ᠢᠶᠠᠨ ᠥᠭᠡᠷᠡᠴᠢᠯᠡᠵᠦ ᠨᠢᠭᠡ ᠪᠦᠯᠦᠭ ᠢ ᠪᠣᠶᠢᠵᠢᠭᠤᠯᠬᠤ᠂ ᠨᠢᠭᠡ ᠪᠦᠯᠦᠭ ᠢ ᠬᠠᠪᠰᠤᠷᠤᠨ ᠵᠢᠯᠤᠭᠤᠳᠴᠤ ᠭᠤᠶᠤᠴᠢᠯᠠᠨ ᠮᠡᠳᠡᠭᠦᠯᠬᠦ᠂ ᠨᠢᠭᠡ ᠪᠦᠯᠦᠭ ᠢ ᠰᠲ᠋ᠤᠺ ᠤᠨ ᠵᠠᠬ᠎ᠠ ᠳᠡᠯᠭᠡᠭᠦᠷ ᠲᠤ ᠭᠠᠷᠭᠠᠵᠤ ᠫᠠᠶᠢᠰᠠ ᠡᠯᠭᠦᠬᠦ︾ ᠠᠵᠢᠯ ᠤᠨ ᠰᠡᠳᠬᠢᠮᠵᠢ ᠶᠣᠰᠣᠭᠠᠷ᠂ ᠬᠥᠭᠵᠢᠯᠲᠡ ᠶᠢᠨ ᠬᠡᠲᠦ ᠶᠢᠨ ᠲᠥᠯᠥᠪ ᠢᠶᠠᠷ ᠰᠠᠶᠢᠨ᠂ ᠰᠲ᠋ᠤᠺ ᠤᠨ ᠵᠠᠬ᠎ᠠ ᠳᠡᠯᠭᠡᠭᠦᠷ ᠲᠤ ᠭᠠᠷᠭᠠᠵᠤ ᠫᠠᠶᠢᠰᠠ ᠡᠯᠭᠦᠬᠦ ᠳᠠᠯᠳᠠ ᠬᠦᠴᠦᠨ ᠲᠠᠢ ᠠᠵᠤ ᠠᠬᠤᠶᠢᠯᠠᠯ ᠢ ᠭᠤᠣᠯᠳᠠᠯᠭ᠎ᠠ ᠲᠠᠢ ᠪᠣᠶᠢᠵᠢᠭᠤᠯᠵᠤ᠂ ᠲᠠᠰ ᠬᠤᠪᠢᠶᠠᠨ ᠡᠮᠬᠢ ᠵᠢᠷᠤᠮ ᠲᠠᠢ᠂ ᠱᠠᠲᠤ ᠱᠠᠲᠤ ᠪᠠᠷ ᠠᠬᠢᠭᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ᠃ ᠲᠣᠬᠢᠷᠠᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠦᠢᠯᠡᠴᠢᠯᠡᠭᠡᠨ ᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠭᠠᠷᠬᠤ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠤᠨ ᠰᠲ᠋ᠤᠺ ᠤᠨ ᠵᠠᠬ᠎ᠠ ᠳᠡᠯᠭᠡᠭᠦᠷ ᠲᠤ ᠡᠷᠲᠡᠬᠡᠨ ᠭᠠᠷᠬᠤ᠂ ᠰᠲ᠋ᠤᠺ ᠤᠨ ᠵᠠᠬ᠎ᠠ ᠳᠡᠯᠭᠡᠭᠦᠷ ᠲᠤ ᠲᠦᠷᠭᠡᠨ ᠭᠠᠷᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                          ᠵᠤᠬᠢᠶᠠᠭᠴᠢ᠄ ᠯᠢᠤ ᠶᠠᠩ                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2