ᠬᠤᠲᠠ ᠶᠢᠨ ᠨᠠᠮ ᠤᠨ ᠬᠤᠷᠢᠶᠠᠨ ᠤ ᠱᠦᠵᠢ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠤᠨ ᠰᠢᠢᠳᠪᠦᠷᠢᠯᠡᠵᠤ ᠨᠠᠶᠢᠳᠠᠪᠤᠷᠢᠵᠢᠭᠤᠯᠬᠤ ᠶᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/12
    4 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠤᠨ ᠰᠢᠢᠳᠪᠦᠷᠢᠯᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠰᠦᠢ ᠸᠧᠢ ᠵᠢᠶᠦ᠋ᠨ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ ᠢᠶᠠᠨ ᠠᠬᠢᠭᠤᠯᠵᠤ᠂ ᠪᠡᠶ᠎ᠡ ᠪᠠᠷ ᠢᠶᠠᠨ ᠱᠠᠯᠠᠪᠳᠠᠭᠤᠯᠤᠨ ᠨᠠᠶᠢᠳᠠᠪᠤᠷᠢᠵᠢᠭᠤᠯᠤᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠣᠨ᠎ᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠬᠤ ᠪᠣᠳᠠᠲᠠᠢ ᠦᠢᠯᠡᠳᠦᠯᠭᠡ ᠪᠣᠯᠣᠨ᠎ᠠ᠃ ᠪᠥᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠮᠢ ᠠᠬᠤᠢ ᠶᠢ ᠤᠷᠢᠳᠡᠪᠡᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠨ᠂ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠ ᠬᠤᠸᠠᠷ ᠬᠠᠳᠬᠤᠬᠤ ᠡᠷᠳᠡᠮ ᠢᠶᠠᠷ ᠲᠥᠪ ᠤᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠤᠨ ᠰᠢᠢᠳᠪᠦᠷᠢᠯᠡᠵᠤ ᠨᠠᠶᠢᠳᠠᠪᠤᠷᠢᠵᠢᠭᠤᠯᠬᠤ ᠶᠢ ᠠᠬᠢᠭᠤᠯᠬᠤ ᠲᠣᠬᠢᠷᠠᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠭᠡᠵᠤ ᠵᠢᠭᠠᠵᠤ ᠭᠠᠷᠭᠠᠪᠠ᠃     ᠰᠦᠢ ᠸᠧᠢ ᠵᠢᠶᠦ᠋ᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢ ᠲᠡᠷᠡ ᠬᠡᠪ ᠢᠶᠠᠷ ᠨᠢ ᠠᠬᠢᠭᠤᠯᠵᠤ᠂ ᠤᠳᠤᠷᠢᠳᠬᠤ ᠺᠠᠳ᠋ᠷ ᠤᠨ ᠵᠠᠬᠢᠳᠠᠯ ᠰᠣᠷᠪᠤᠯᠵᠢᠯᠠᠭ᠎ᠠ ᠤᠨ ᠬᠡᠷᠡᠭ ᠢ ᠳᠠᠭᠠᠭᠠᠴᠢᠯᠠᠬᠤ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠤᠴᠢᠷ ᠶᠠᠪᠤᠳᠠᠯ ᠢ ᠰᠢᠢᠳᠪᠦᠷᠢᠯᠡᠵᠦ᠂ ᠤᠯᠠᠨ ᠲᠦᠮᠡᠨ ᠬᠠᠨᠤᠮᠵᠢᠲᠠᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠥᠭᠵᠢᠯᠲᠡ ᠶᠢᠨ ᠰᠡᠳᠬᠢᠴᠡ ᠪᠠᠨ ᠬᠤᠪᠢᠷᠠᠭᠤᠯᠵᠤ᠂ ︽ᠭᠤᠷᠪᠠᠨ ᠨᠢᠭᠡ ᠪᠦᠯᠦᠭ︾ ︽ᠲᠠᠪᠤᠨᠵᠢᠯᠳᠡ ᠶᠢᠨ ᠥᠭᠡᠷᠡᠴᠢᠯᠡᠯᠲᠡ︾ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠦᠷᠢᠯᠡᠵᠦ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠪᠣᠯᠣᠨ ᠤᠯᠠᠨ ᠲᠦᠮᠡᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠢ ᠡᠪᠳᠡᠵᠦ ᠨᠥᠯᠥᠭᠡᠯᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠶᠢ ᠴᠢᠩᠭᠠᠳᠬᠠᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠲᠥᠪᠯᠡᠷᠡᠭᠦᠯᠦᠨ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠬᠢᠵᠦ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠣᠯᠠᠨ ᠲᠦᠮᠡᠨ ᠳᠤ ᠮᠡᠳᠡᠭᠳᠡᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠣᠯᠠᠨ ᠲᠦᠮᠡᠨ ᠤ ᠰᠠᠨᠠᠭᠠᠨ ᠳᠤ ᠬᠦᠷᠬᠦ ᠬᠡᠷᠡᠭᠲᠡᠢ ᠭᠡᠵᠤ ᠴᠢᠬᠤᠯᠠᠴᠢᠯᠠᠪᠠ᠃     ᠰᠦᠢ ᠸᠧᠢ ᠵᠢᠶᠦ᠋ᠨ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠬᠤᠰᠢᠭᠤ ᠰᠢᠶᠠᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠭᠠᠷᠳᠠᠵᠤ᠂ ᠡᠭᠦᠷᠭᠡᠯᠡᠨ ᠠᠵᠢᠯᠯᠠᠵᠤ᠂ ᠪᠡᠶ᠎ᠡ ᠪᠠᠷ ᠢᠶᠠᠨ ᠠᠬᠢᠭᠤᠯᠵᠤ᠂ ᠪᠡᠶ᠎ᠡ ᠪᠠᠷ ᠢᠶᠠᠨ ᠲᠣᠬᠢᠷᠠᠭᠤᠯᠵᠤ᠂ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠯᠪᠣᠭᠳᠠᠯ ᠪᠦᠬᠦᠢ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨ ᠪᠣᠳᠠᠲᠠᠢ ᠬᠠᠷᠢᠭᠤᠴᠠᠯᠭ᠎ᠠ ᠶᠢ ᠡᠭᠦᠷᠭᠡᠯᠡᠵᠦ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠰᠠᠭᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠵᠤ᠂ ᠠᠮᠢ ᠠᠬᠤᠢ ᠶᠢ ᠤᠷᠢᠳᠡᠪᠡᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠤ ᠴᠢᠬᠤᠯᠠᠴᠢᠯᠠᠪᠠ᠃     ᠬᠤᠲᠠ ᠶᠢᠨ ᠤᠳᠤᠷᠢᠳᠤᠯᠭ᠎ᠠ ᠯᠢᠦ ᠭᠦᠸᠧ ᠭᠠᠩ᠂ ᠶᠤᠸᠠᠨ ᠰᠢᠶᠣᠣ ᠳ᠋ᠦᠩ ᠬᠤᠷᠠᠯ ᠳᠤ ᠣᠷᠣᠯᠴᠠᠪᠠ᠃          ᠵᠤᠬᠢᠶᠠᠭᠴᠢ᠄ ᠲᠧᠩ ᠵᠢᠶᠠ          ᠤᠷᠴᠢᠭᠤᠯᠤᠭᠴᠢ᠄ ᠬᠦᠰᠡᠯ          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2