ᠣᠶᠢᠷ᠎ᠠ ᠳᠤ᠂ ᠤᠯᠠᠭᠠᠨᠴᠠᠪ ᠬᠤᠲᠠ ᠶᠢᠨ ᠠᠩᠬᠠᠳᠠᠭᠴᠢ ᠵᠢᠭᠤᠯᠴᠢᠯᠠᠯ ᠤᠨ ᠲᠦᠷᠭᠡᠨ ᠤ ᠵᠠᠰᠠᠮᠠᠯ ᠵᠠᠮ ︵ | ᠵᠢᠨᠢᠩ ᠠᠴᠠ ᠯᠢᠶᠠᠩᠴᠧᠩ ᠬᠥᠷᠬᠦ ᠲᠦᠷᠭᠡᠨ ᠤ ᠵᠠᠰᠠᠮᠠᠯ ᠵᠠᠮ︶ ᠤᠨ ᠪᠠᠷᠢᠯᠭ᠎ᠠ ᠶᠢᠨ ᠠᠵᠢᠯ ᠢ ᠡᠬᠢᠯᠡᠭᠦᠯᠪᠡ᠃ ᠡᠨᠡ | ᠬᠦ ᠵᠢᠭᠤᠯᠴᠢᠯᠠᠯ ᠢᠶᠠᠷ ᠭᠤᠣᠯ ᠪᠣᠯᠭᠠᠭᠰᠠᠨ ᠲᠦᠷᠭᠡᠨ ᠤ ᠵᠠᠰᠠᠮᠠᠯ ᠵᠠᠮ ᠤᠨ ᠡᠬᠢᠯᠡᠯᠲᠡ ᠶᠢᠨ ᠴᠡᠭ ᠨᠢ ᠵᠢᠨᠢᠩ | ᠲᠣᠭᠤᠷᠢᠭ ᠲᠤ ᠪᠠᠶᠢᠵᠤ᠂ ᠡᠴᠦᠰ ᠤᠨ ᠴᠡᠭ ᠨᠢ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠬᠠᠯᠠᠭᠤᠨ | ᠷᠠᠰᠢᠶᠠᠨ ᠤ ᠵᠢᠵᠢᠭ ᠪᠠᠯᠭᠠᠰᠤᠨ ᠳᠤ ᠪᠠᠶᠢᠳᠠᠭ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 30.3 | ᠳ᠋ᠦᠩᠰᠢᠭᠤᠷ ᠲᠥᠭᠦᠷᠢᠭ ᠪᠠᠶᠢᠵᠤ᠂ ᠭᠤᠤᠯ ᠵᠠᠮ ᠱᠤᠭᠤᠮ ᠤᠨ ᠣᠷᠳᠣ ᠨᠢ 48 ᠺᠢᠯᠣᠮᠧᠲᠷ ᠪᠠᠶᠢᠵᠤ᠂ ᠬᠤᠤᠰ | ᠴᠢᠭᠯᠡᠯ ᠤᠨ 4 ᠲᠡᠷᠭᠡᠨ ᠵᠠᠮ ᠢ ᠵᠢᠷᠤᠵᠤ ᠲᠥᠯᠥᠪᠯᠡᠨ᠂ ᠭᠤᠷᠪᠠᠨ ᠵᠢᠯ ᠤᠨ ᠳᠠᠷᠠᠭ᠎ᠠ ᠵᠠᠰᠠᠵᠤ ᠳᠠᠭᠤᠰᠬᠠᠨ᠎ᠠ᠃ | ᠲᠡᠷᠭᠡ ᠨᠡᠪᠲᠡᠷᠡᠭᠰᠡᠨ ᠤ ᠳᠠᠷᠠᠭ᠎ᠠ᠂ ᠵᠢᠨᠢᠩ ᠠᠴᠠ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠵᠤᠭᠠᠴᠠᠯ ᠤᠨ | ᠣᠷᠣᠨ ᠬᠦᠷᠬᠦ ᠴᠠᠭ ᠨᠢ ᠥᠩᠭᠡᠷᠡᠭᠰᠡᠨ ᠤ 1 ᠴᠠᠭ 10 ᠮᠢᠨᠦ᠋ᠲ ᠠᠴᠠ 30 ᠮᠢᠨᠦ᠋ᠲ ᠪᠤᠯᠵᠤ ᠪᠣᠭᠤᠨᠢᠰᠪᠠ᠃ | ᠡᠨᠡ ᠨᠢ ᠪᠡᠭᠡᠵᠢᠩ ᠲᠢᠶᠠᠨᠵᠢᠨ ᠾᠧᠪᠧᠶ ᠶᠢᠨ ᠵᠤᠭᠠᠴᠠᠭᠰᠠᠳ ᠵᠢᠨᠢᠩ ᠢᠶᠠᠷ ᠳᠡᠮᠵᠢᠨ ᠳᠠᠭ᠎ᠠ ᠶᠢᠨ ᠨᠠᠭᠤᠷ ᠤᠨ | ᠵᠤᠭᠠᠴᠠᠯ ᠤᠨ ᠣᠷᠣᠨ ᠳᠤ ᠬᠦᠷᠴᠦ᠂ ᠴᠠᠭ ᠨᠢ 40 ᠮᠢᠨᠦ᠋ᠲ ᠪᠣᠭᠤᠨᠢᠰᠴᠤ᠂ ᠵᠢᠨᠢᠩ ᠠᠴᠠ ᠯᠢᠶᠠᠩᠴᠧᠩ ᠬᠥᠷᠬᠦ | ᠲᠦᠷᠭᠡᠨ ᠤ ᠵᠠᠰᠠᠮᠠᠯ ᠵᠠᠮ ᠨᠢ G7 ᠲᠦᠷᠭᠡᠨ ᠤ ᠵᠠᠰᠠᠮᠠᠯ ᠵᠠᠮ ᠢ ᠬᠤᠯᠪᠣᠵᠤ ᠪᠣᠯᠤᠨ᠎ᠠ᠂ ᠡᠨᠡ ᠨᠢ ᠪᠡᠭᠡᠵᠢᠩ | ᠲᠢᠶᠠᠨᠵᠢᠨ ᠾᠧᠪᠧᠶ ᠣᠷᠣᠨ ᠤ ᠲᠦᠷᠭᠡᠨ ᠤ ᠵᠠᠰᠠᠮᠠᠯ ᠵᠠᠮ ᠤᠨ ᠪᠦᠬᠦᠯᠢ ᠴᠣᠭᠴᠠ ᠶᠢᠨ ᠲᠣᠤᠷ ᠰᠦᠯᠵᠢᠶ᠎ᠡ ᠶᠢᠨ | ᠦᠷ᠎ᠡ ᠠᠰᠢᠭ ᠢ ᠭᠦᠢᠴᠡᠳ ᠪᠠᠳᠠᠷᠠᠭᠤᠯᠬᠤ ᠳᠤ ᠠᠰᠢᠭᠲᠠᠶ ᠪᠠᠶᠢᠵᠤ᠂ ᠣᠷᠣᠨ ᠪᠦᠰᠡ ᠶᠢᠨ ᠬᠤᠭᠤᠷᠣᠨᠳᠣᠬᠢ᠂ | ᠬᠤᠲᠠ ᠶᠢᠨ ᠬᠤᠭᠤᠷᠣᠨᠳᠣᠬᠢ ᠵᠢᠭᠤᠯᠴᠢᠯᠠᠯ ᠤᠨ ᠡᠬᠢ ᠪᠠᠶᠠᠯᠢᠭ ᠤᠨ ᠣᠷᠣᠨ ᠤ ᠬᠠᠷᠢᠯᠴᠠᠭ᠎ᠠ ᠶᠢ ᠴᠢᠩᠭᠠᠷᠠᠭᠤᠯᠤᠨ᠂ | ᠪᠡᠭᠡᠵᠢᠩ ᠲᠢᠶᠠᠨᠵᠢᠨ ᠾᠧᠪᠧᠶ ᠶᠢᠨ ᠬᠤᠲᠠ ᠶᠢᠨ ᠪᠥᠭᠡᠮᠨᠡᠷᠡᠯ ᠵᠢᠴᠢ ᠬᠥᠷᠰᠢ ᠵᠡᠷᠭᠡᠯᠡᠳᠡᠭᠡ ᠠᠶᠢᠮᠠᠭ | ᠬᠤᠲᠠ ᠯᠤᠭ᠎ᠠ ᠶᠢᠨ ᠨᠡᠪᠲᠡᠷᠡᠬᠦ ᠵᠠᠮ ᠤᠨ ᠵᠣᠯᠭᠠᠯᠴᠠᠭ᠎ᠠ ᠶᠢ ᠴᠢᠩᠭᠠᠳᠬᠠᠵᠤ᠂ ᠭᠠᠳᠠᠭᠠᠳᠤ ᠲᠡᠭᠡᠭᠡᠪᠦᠷᠢ ᠶᠢᠨ ᠭᠤᠤᠯ | ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠡᠨᠡᠬᠦ ᠵᠢᠭᠤᠯᠴᠢᠯᠠᠯ ᠤᠨ ᠲᠦᠷᠭᠡᠨ ᠤ ᠵᠠᠰᠠᠮᠠᠯ ᠵᠠᠮ ᠨᠢ ᠮᠥᠨᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠴᠢᠬᠤᠯᠠ ᠰᠣᠳᠣᠨ ᠵᠤᠭᠠᠴᠠᠯ ᠤᠨ ᠵᠠᠮ ᠱᠤᠭᠤᠮ ᠪᠣᠯᠤᠨ᠎ᠠ᠂ ᠪᠠᠶᠢᠭᠤᠯᠤᠭᠳᠠᠭᠰᠠᠨ ᠤ ᠳᠠᠷᠠᠭ᠎ᠠ | ᠬᠥᠬᠡᠬᠤᠲᠠ᠂ ᠤᠷᠳᠤᠰ᠂ ᠤᠯᠠᠭᠠᠨᠴᠠᠪ ᠭᠤᠷᠪᠠᠨ ᠬᠤᠳᠠ ᠶᠢᠨ ᠲᠦᠷᠭᠡᠨ ᠤ ᠵᠠᠰᠠᠮᠠᠯ ᠵᠠᠮ ᠢ ᠪᠦᠲᠦᠮᠵᠢᠲᠡᠢ | ᠵᠣᠯᠭᠠᠭᠤᠯᠵᠤ ᠪᠣᠯᠤᠨ᠎ᠠ᠃ | | ᠣᠷᠴᠢᠭᠤᠯᠤᠭᠴᠢ᠄ ᠬᠤᠩ ᠱᠦᠸᠧ | ᠬᠢᠨᠠᠭᠴᠢ᠄ ᠠᠷᠢᠭᠤᠨ |