ᠪᠦᠬᠦ ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ 2022 ᠣᠨ ᠤ ᠠᠩᠬᠠᠳᠤᠭᠠᠷ ᠤᠳᠠᠭᠠᠨ ᠤ ᠪᠦᠬᠦᠳᠠ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/13
    4 ᠰᠠᠷ᠎ᠠ ᠶᠢᠨ 12 ᠤᠨ ᠡᠳᠦᠷ᠂ ᠪᠥᠬᠦ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ 2022 ᠣᠨ ᠤ ᠠᠩᠬᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠵᠤ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠤᠯᠠᠮᠵᠢᠯᠠᠨ ᠰᠤᠷᠤᠯᠴᠠᠵᠤ᠂ ᠨᠢᠭᠡᠳᠦᠭᠡᠷ ᠤᠯᠠᠷᠢᠯ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠦᠢ ᠬᠠᠢ ᠢᠦᠢ ᠬᠤᠷᠠᠯ ᠡᠷᠭᠢᠯᠡᠵᠦ᠂ ᠬᠤᠲᠠ ᠶᠢᠨ ᠳᠡᠳ᠋ ᠳᠠᠷᠤᠭ᠎ᠠ᠂ ᠬᠤᠲᠠ  ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠴᠠᠢ ᠶᠤᠸᠠᠢ ᠬᠤᠷᠠᠯ ᠳᠤ ᠣᠷᠣᠯᠴᠠᠪᠠ᠃     ᠬᠤᠷᠠᠯ ᠠᠴᠠ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ︽ᠰᠢᠯᠭᠠᠭᠤᠷ︾ ᠪᠠᠶᠢᠵᠤ᠂ ᠶᠡᠭᠡ ᠲᠠᠯ᠎ᠠ ᠶᠢᠨ ᠲᠣᠭᠲᠠᠭᠤᠨ ᠪᠠᠶᠢᠳᠠᠯ᠂ ᠥᠭᠡᠷᠡᠴᠢᠯᠡᠯᠲᠡ ᠬᠥᠭᠵᠢᠯᠲᠡ ᠪᠣᠯᠣᠨ ᠤᠯᠠᠨ ᠲᠦᠮᠡᠨ ᠤ ᠦᠨᠳᠦᠰᠦᠨ ᠠᠰᠢᠭ ᠲᠤᠰᠠ ᠲᠠᠢ ᠬᠤᠯᠪᠣᠭᠳᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠪᠠᠶᠢᠳᠠᠯ ᠢ ᠲᠣᠳᠣᠷᠬᠠᠢ ᠲᠠᠨᠢᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾  ᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠨᠡᠩ ᠶᠡᠭᠡ ᠡᠷᠴᠢᠮ ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠪᠠ᠃     ᠬᠤᠷᠠᠯ ᠠᠴᠠ᠂ ᠭᠤᠣᠯᠳᠠᠯᠭ᠎ᠠ ᠶᠢᠨ ᠲᠣᠭᠤᠷᠢᠨ ᠳᠤ ᠭᠤᠣᠯᠳᠠᠯᠭ᠎ᠠ ᠶᠢ ᠲᠤᠪᠤᠶᠢᠯᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠤᠳᠤᠷᠢᠳᠬᠤ ᠺᠠᠳ᠋ᠷ ᠤᠨ ᠰᠣᠷᠪᠤᠯᠵᠢᠯᠠᠭ᠎ᠠ ᠶᠢ ᠭᠥᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠶᠢ ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠵᠤ᠂ ᠵᠥᠷᠢᠴᠡᠯ ᠤᠨ ᠳᠠᠯᠳᠠ ᠭᠡᠮ ᠤᠯᠠᠨ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠲᠣᠪᠣᠶᠢᠮ᠎ᠠ ᠪᠠᠶᠢᠭ᠎ᠠ ᠭᠠᠵᠠᠷ ᠲᠤ ᠰᠠᠨᠠᠭᠠᠴᠢᠯᠠᠭ᠎ᠠ ᠠᠴᠠ ᠪᠠᠨ ᠬᠦᠷᠴᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠳᠠᠨ ᠰᠣᠨᠣᠰᠴᠤ᠂ ᠤᠯᠠᠨ ᠲᠦᠮᠡᠨ ᠢ ᠦᠨᠡᠨ ᠪᠣᠳᠠᠲᠠᠢ ᠪᠠᠷ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠴᠥᠬᠦᠷᠡᠰᠢ ᠦᠭᠡᠢ ᠠᠬᠢᠭᠤᠯᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠲᠥᠷᠥᠯ ᠬᠤᠪᠢᠶᠠᠨ ᠨᠠᠷᠢᠨ ᠲᠠᠩᠰᠠ ᠪᠠᠶᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠡᠷᠡᠭ ᠳᠠᠷᠠᠭᠠᠯᠠᠨ ᠳ᠋ᠤᠭᠠᠷᠯᠠᠯ ᠢ ᠬᠦᠴᠦᠨ ᠦᠭᠡᠢ ᠪᠣᠯᠭᠠᠵᠤ᠂ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠣᠳᠣᠬᠠᠨ ᠤ ᠭᠤᠣᠯᠳᠠᠯᠭ᠎ᠠ ᠲᠠᠢ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠦᠭᠡᠢ ᠤᠳᠠᠭᠠᠰᠢᠷᠠᠭᠤᠯᠤᠭᠰᠠᠨ᠂ ᠲᠠᠬᠢᠨ ᠳᠠᠪᠲᠠᠨ ᠡᠭᠦᠰᠦᠭᠰᠡᠨ ᠭᠦᠨ ᠳᠠᠪᠬᠤᠷᠭ᠎ᠠ ᠶᠢᠨ ᠰᠢᠯᠲᠠᠭᠠᠨ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠤᠳᠤᠯᠤᠨ ᠪᠠᠶᠢᠷᠢᠯᠠᠭᠤᠯᠬᠤ ᠪᠠᠨ ᠴᠢᠩᠭᠠᠳᠬᠠᠨ᠂ ᠲᠦᠷᠦ ᠶᠢᠨ ᠪᠣᠳᠣᠯᠭ᠎ᠠ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠠᠰᠠᠭᠤᠳᠠᠯ ᠢ ᠦᠨᠡᠨ ᠬᠦ ᠦᠨᠳᠦᠰᠦ ᠰᠤᠷᠪᠤᠯᠵᠢ ᠠᠴᠠ ᠨᠢ ᠰᠢᠢᠳᠪᠦᠷᠢᠯᠡᠬᠦ ᠬᠡᠷᠡᠭᠲᠡᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠴᠠ ᠬᠦᠢᠴᠡᠳᠭᠡᠯᠬᠡᠬᠦ ᠪᠠᠷ ᠰᠢᠯᠵᠢᠭᠦᠯᠦᠨ ᠳᠤᠰᠢᠶᠠᠭᠰᠠᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ ᠴᠢᠩᠭ᠎ᠠ ᠠᠳᠬᠤᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠴᠢᠩᠭ᠎ᠠ ᠠᠩᠬᠠᠷᠴᠤ ᠭᠡᠮ ᠰᠣᠭᠤᠭ ᠢ ᠡᠷᠢᠵᠦ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠬᠦ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠨᠢ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠵᠡᠷᠭᠡ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠦᠷᠢᠯᠳᠦᠭᠦᠨ ᠨᠢᠭᠡᠴᠢ ᠨᠦᠭᠦᠳ ᠲᠤᠰ ᠰᠢᠰᠲ᠋ᠧᠮ ᠲᠤᠰ ᠬᠦᠷᠢᠶᠡᠨ ᠤ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠲᠤᠪᠤᠶᠢᠯᠭᠠᠵᠦ᠂ ᠰᠢᠨ᠎ᠡ ᠴᠠᠭ ᠦᠶ᠎ᠡ ᠶᠢᠨ ᠹᠧᠩᠴᠢᠶᠤᠤ ᠶᠢᠨ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠤᠯᠠᠮ ᠴᠢᠨᠠᠭᠰᠢᠳᠠ ᠰᠠᠭᠠᠳ ᠦᠭᠡᠢ ᠨᠠᠪᠲᠠᠷᠡᠭᠦᠯᠵᠦ᠂ ᠠᠩᠬ᠎ᠠ ᠭᠥᠯᠢᠶᠡᠨ ᠠᠪᠴᠤ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠡᠯᠡᠬᠦ ᠭᠠᠵᠠᠷ ᠲᠠᠢ᠂ ᠬᠠᠮᠢᠶᠠᠷᠬᠤ ᠬᠥᠮᠥᠨ ᠲᠠᠢ᠂ ᠰᠠᠶᠢᠲᠤᠷ ᠬᠠᠮᠢᠶᠠᠷᠬᠤ ᠶᠢ ᠪᠠᠲᠤᠯᠠᠬᠤ ᠬᠡᠷᠡᠭᠲᠡᠢ᠃ ᠬᠢᠨᠠᠯᠲᠠ ᠲᠠᠯᠪᠢᠵᠤ ᠬᠢᠨᠠᠨ ᠰᠢᠯᠭᠠᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠦᠨᠡᠨᠬᠦ ᠱᠠᠯᠠᠪᠳᠠᠭᠤᠯᠤᠨ ᠦᠨᠡᠨᠬᠦ ᠪᠠᠶᠢᠴᠠᠭᠠᠬᠤ᠂ ᠴᠢᠩᠭ᠎ᠠ ᠱᠠᠯᠠᠪᠳᠠᠭᠤᠯᠤᠨ ᠴᠢᠩᠭ᠎ᠠ ᠪᠠᠶᠢᠴᠠᠭᠠᠬᠤ᠂ ᠬᠦᠴᠢᠷ ᠢ ᠳᠤᠯᠤᠨ ᠨᠠᠷᠢᠨ ᠬᠢᠨᠠᠮᠠᠭᠠᠢ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠤ ᠴᠢᠬᠤᠯᠠᠴᠢᠯᠠᠪᠠ᠃                                     ᠵᠤᠬᠢᠶᠠᠭᠴᠢ᠄ ᠯᠢᠤ ᠶᠠᠩ                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2