ᠪᠦᠬᠦ ᠵᠢᠯ ᠤᠨ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠡᠮᠡᠭᠳᠡᠬᠦ ᠠᠴᠠ ᠪᠢᠰᠢ ᠬᠠᠰᠤᠭᠳᠠᠭᠰᠠᠨ ᠦᠭᠡᠢ᠃ | ᠣᠳᠣᠬᠠᠨ ᠳᠤ᠂ ᠠᠮᠤ ᠪᠤᠳᠠᠭᠠᠨ ᠤ ᠦᠨ᠎ᠡ ᠦᠷᠭᠦᠯᠵᠢᠯᠡᠨ ᠲᠣᠭᠲᠠᠭᠤᠨ ᠪᠠᠶᠢᠵᠤ᠂ ᠲᠠᠷᠢᠶᠠᠴᠢᠳ ᠲᠤ ᠠᠰᠢᠭ | ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠥᠯᠥᠭᠡᠯᠡᠯ ᠳᠣᠤᠷ᠎ᠠ᠂ ᠱᠠᠩᠳᠤ ᠰᠢᠶᠠᠨ ᠤ ᠲᠠᠷᠢᠮᠠᠯ ᠤᠨ | ᠵᠦᠢᠯ ᠤᠨ ᠳᠠᠷᠢᠬᠤ ᠲᠠᠯᠠᠪᠠᠶ ᠦᠷᠭᠦᠯᠵᠢᠯᠡᠨ ᠨᠡᠮᠡᠭᠳᠡᠵᠦ᠂ 2022 ᠣᠨ ᠳᠤ ᠲᠠᠷᠢᠮᠠᠯ ᠤᠨ ᠵᠦᠢᠯ ᠤᠨ ᠳᠠᠷᠢᠬᠤ | ᠲᠠᠯᠠᠪᠠᠶ 1.5 ᠲᠦᠮᠡᠨ ᠮᠥ ᠨᠡᠮᠡᠭᠳᠡᠵᠦ᠂ ᠵᠢᠱᠢᠯᠲᠡ ᠪᠠᠷ 165 ᠲᠦᠮᠡᠨ ᠮᠥ ᠳᠤ ᠬᠥᠷᠬᠦ ᠪᠣᠯᠤᠨ᠎ᠠ᠃ ᠠᠮᠤ | ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ ᠶᠢ 5 ᠲᠦᠮᠡᠨ ᠮᠥ ᠨᠡᠮᠡᠭᠳᠡᠭᠦᠯᠵᠦ᠂ 105 ᠲᠦᠮᠡᠨ ᠮᠥ ᠳᠤ | ᠲᠣᠭᠲᠠᠪᠤᠷᠢᠵᠢᠭᠤᠯᠤᠨ᠎ᠠ᠂ ᠡᠭᠦᠨ ᠳᠤ ᠪᠤᠭᠤᠳᠠᠶ 30 ᠲᠦᠮᠡᠨ ᠮᠥ᠂ ᠡᠷᠳᠡᠨᠢ ᠰᠢᠰᠢ 14 ᠲᠦᠮᠡᠨ ᠮᠥ᠂ ᠡᠯᠳᠡᠪ | ᠠᠮᠤ 18 ᠲᠦᠮᠡᠨ ᠮᠥ᠂ ᠲᠥᠮᠥᠰᠥ 16 ᠲᠦᠮᠡᠨ ᠮᠥ᠂ ᠪᠤᠷᠴᠠᠭ ᠤᠨ ᠲᠥᠷᠥᠯ 8 ᠲᠦᠮᠡᠨ ᠮᠥ᠂ ᠨᠣᠬᠠᠶ ᠶᠢᠨ | ᠬᠤᠰᠢᠭᠤ 27 ᠲᠦᠮᠡᠨ ᠮᠥ︔ ᠠᠵᠤ ᠠᠬᠤᠶ ᠶᠢᠨ ᠲᠠᠷᠢᠮᠠᠯ ᠢ 60 ᠲᠦᠮᠡᠨ ᠮᠥ ᠳᠤ ᠬᠦᠷᠦᠭᠦᠯᠵᠦ᠂ ᠡᠭᠦᠨ ᠳᠤ | ᠰᠢᠬᠢᠷ ᠯᠤᠤᠪᠠᠩ 10 ᠲᠦᠮᠡᠨ ᠮᠥ᠂ ᠢᠳᠡᠰᠢᠨ ᠨᠣᠭᠤᠭ᠎ᠠ 9 ᠲᠦᠮᠡᠨ ᠮᠥ᠂ ᠨᠡᠷᠡᠨ ᠬᠤᠸᠠᠷ 6 ᠲᠦᠮᠡᠨ ᠮᠥ᠂ | ᠲᠣᠰᠣᠯᠢᠭ ᠲᠠᠷᠢᠮᠠᠯ 9 ᠲᠦᠮᠡᠨ ᠮᠥ᠂ ᠲᠡᠵᠢᠭᠡᠯ ᠡᠪᠡᠰᠦᠲᠦ ᠡᠷᠳᠡᠨᠢ ᠰᠢᠰᠢ 13 ᠲᠦᠮᠡᠨ ᠮᠥ᠂ ᠡᠪᠡᠰᠦᠲᠦ | ᠨᠣᠬᠠᠶ ᠶᠢᠨ ᠬᠤᠰᠢᠭᠤ 5 ᠲᠦᠮᠡᠨ ᠮᠥ ᠪᠠᠶᠢᠨ᠎ᠠ᠃ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯᠲᠡ ᠵᠠᠯᠭᠠᠭ᠎ᠠ ᠪᠠᠷ ᠪᠡᠯᠡᠨ ᠪᠣᠯᠣᠨ᠎ᠠ᠃ | ᠱᠠᠩᠳᠤ ᠰᠢᠶᠠᠨ ᠤ ᠡᠯ᠎ᠡ ᠲᠦᠷᠦᠯ ᠤᠨ ᠬᠢᠮᠢ ᠶᠢᠨ ᠪᠤᠷᠳᠤᠭᠤᠷ ᠤᠨ ᠬᠡᠷᠡᠭᠴᠡᠭᠡ ᠨᠢᠳᠤᠨᠤᠨ ᠤ ᠬᠢ ᠠᠴᠠ ᠪᠠᠷᠤᠭ 1. | 65 ᠲᠦᠮᠡᠨ ᠲᠣᠨ ᠬᠠᠰᠤᠭᠳᠠᠪᠠ᠂ ᠡᠭᠦᠨ ᠤ ᠳᠣᠲᠣᠷ᠎ᠠ ᠨᠡᠭᠦᠷᠡᠰᠦᠲᠥ᠋ᠷᠥᠭᠴᠢ ᠶᠢᠨ ᠠᠮᠮᠣᠨᠢ 500 ᠲᠣᠨ᠂ | ᠹᠣᠰᠹᠣᠷ ᠬᠦᠴᠢᠯ ᠤᠨ ᠬᠤᠶᠠᠷᠴᠢ ᠠᠮᠢᠨ 3500 ᠲᠣᠨ᠂ ᠰᠢᠭᠡᠰᠦᠯᠢᠭ ᠡᠳ᠋ 3000 ᠲᠣᠨ᠂ ᠨᠡᠶᠢᠯᠡᠮᠡᠯ | ᠪᠤᠷᠳᠤᠭᠤᠷ 9500 ᠲᠣᠨ ᠪᠠᠶᠢᠵᠤ᠂ ᠣᠳᠣ ᠨᠢᠭᠡᠨᠲᠡ 9800 ᠲᠣᠨ ᠪᠡᠯᠡᠨ ᠪᠠᠶᠢᠵᠤ᠂ ᠪᠡᠯᠡᠳᠬᠡᠭᠰᠡᠨ ᠨᠣᠷᠮ᠎ᠠ | ᠨᠢ 59.4% ᠳᠤ ᠬᠦᠷᠪᠡ᠃ ᠰᠦᠯᠢᠶᠣᠣ ᠪᠦᠷᠬᠦᠪᠴᠢ ᠶᠢᠨ ᠬᠡᠷᠡᠭᠴᠡᠭᠡ 1500 ᠲᠣᠨ ᠪᠠᠶᠢᠵᠤ᠂ ᠨᠢᠭᠡᠨᠲᠡ | 900 ᠲᠣᠨ ᠪᠡᠯᠡᠨ ᠪᠠᠶᠢᠵᠤ᠂ ᠪᠡᠯᠡᠳᠬᠡᠭᠰᠡᠨ ᠨᠣᠷᠮ᠎ᠠ ᠨᠢ 60% ᠳᠤ ᠭᠦᠷᠦᠭᠰᠡᠨ ᠪᠠᠶᠢᠨ᠎ᠠ᠃ ᠲᠠᠷᠢᠶᠠᠨ ᠡᠮ ᠤᠨ | ᠬᠡᠷᠡᠭᠴᠡᠭᠡ ᠨᠢᠳᠤᠨᠤᠨ ᠤ ᠬᠢ ᠠᠴᠠ 1 ᠲᠣᠨ ᠪᠠᠭᠠᠰᠴᠤ᠂ ᠪᠠᠷᠤᠭ 92.5 ᠲᠣᠨ ᠪᠠᠶᠢᠵᠤ᠂ 15 ᠲᠣᠨ ᠲᠠᠷᠢᠶᠠᠨ | ᠡᠮ ᠤᠨ ᠬᠡᠷᠡᠭᠴᠡᠭᠡ ᠨᠢᠭᠡᠨᠲᠡ ᠪᠡᠯᠡᠨ ᠪᠠᠶᠢᠵᠤ᠂ ᠪᠡᠯᠡᠳᠬᠡᠭᠰᠡᠨ ᠨᠣᠷᠮ᠎ᠠ ᠨᠢ 16.2% ᠲᠤ ᠬᠦᠷᠴᠡᠶ᠃ ᠡᠷᠳᠡᠨᠢ | ᠰᠢᠰᠢ ᠶᠢᠨ ᠦᠷ᠎ᠡ ᠶᠢᠨ ᠬᠡᠷᠡᠭᠴᠡᠭᠡ 468 ᠲᠣᠨ ᠪᠠᠶᠢᠵᠤ᠂ 350 ᠲᠣᠨ ᠢ ᠪᠡᠯᠡᠳᠬᠡᠵᠦ᠂ ᠪᠡᠯᠡᠳᠬᠡᠭᠰᠡᠨ ᠨᠣᠷᠮ᠎ᠠ | ᠨᠢ 74.8% ᠳᠤ ᠬᠥᠷᠪᠡ︔ ᠰᠢᠷ᠎ᠠ ᠪᠤᠷᠴᠠᠭ ᠤᠨ ᠦᠷ᠎ᠡ ᠶᠢ 150 ᠲᠣᠨ ᠬᠡᠷᠡᠭᠰᠡᠵᠦ᠂ 110 ᠲᠣᠨ ᠪᠡᠯᠡᠨ | ᠪᠠᠶᠢᠵᠤ᠂ ᠪᠡᠯᠡᠳᠬᠡᠭᠰᠡᠨ ᠨᠣᠷᠮ᠎ᠠ ᠨᠢ 73.3% ᠳᠤ ᠬᠦᠷᠪᠡ︔ ᠲᠥᠮᠥᠰᠥᠨ ᠤ ᠦᠷ᠎ᠡ 2.85 ᠲᠦᠮᠡᠨ ᠲᠣᠨ᠂ | ᠨᠣᠬᠠᠶ ᠶᠢᠨ ᠬᠤᠰᠢᠭᠤ ᠶᠢᠨ ᠦᠷ᠎ᠡ 2850 ᠲᠣᠨ᠂ ᠪᠤᠭᠤᠳᠠᠢ ᠶᠢᠨ ᠦᠷ᠎ᠡ 3050 ᠲᠣᠨ ᠬᠡᠷᠡᠭᠰᠡᠨ᠎ᠡ᠂ ᠤᠳᠤ | ᠨᠢᠭᠡᠨᠲᠡ ᠪᠦᠬᠦᠨ ᠢᠶᠠᠷ ᠢᠶᠠᠨ ᠪᠡᠯᠡᠨ ᠪᠠᠶᠢᠵᠤ᠂ ᠪᠡᠯᠡᠳᠬᠡᠭᠰᠡᠨ ᠨᠣᠷᠮ᠎ᠠ ᠨᠢ 100% ᠪᠣᠯᠤᠨ᠎ᠠ᠃ | ᠬᠥᠷᠥᠰᠥᠨ ᠤ ᠴᠢᠭᠢᠭ ᠤᠨ ᠪᠠᠶᠢᠳᠠᠯ ᠶᠡᠷᠦᠩᠬᠡᠶ ᠳᠡᠭᠡᠨ ᠲᠣᠬᠢᠷᠠᠮᠵᠢᠲᠠᠶ᠃ ᠲᠤᠬᠠᠶ ᠶᠢᠨ ᠭᠠᠵᠠᠷ ᠤᠨ | ᠪᠠᠶᠢᠴᠠᠭᠠᠯᠲᠠ ᠪᠠᠷ ᠳᠡᠮᠵᠢᠨ᠂ ᠱᠠᠩᠳᠤ ᠰᠢᠶᠠᠨ ᠤ ᠳᠥᠷᠪᠡᠨ ᠲᠠᠷᠢᠶᠠᠨ ᠭᠠᠵᠠᠷ ᠤᠨ ᠬᠢᠨᠠᠨ ᠬᠡᠮᠵᠢᠬᠦ ᠴᠡᠭ ᠤᠨ | ᠬᠠᠭᠤᠷᠠᠶ ᠰᠢᠷᠣᠶ ᠶᠢᠨ ᠳᠠᠪᠬᠤᠷᠭ᠎ᠠ ᠶᠢᠨ ᠳᠤᠮᠳᠠᠴᠢ ᠵᠤᠵᠠᠭᠠᠨ ᠤ ᠬᠡᠮᠵᠢᠶ᠎ᠡ ᠨᠢ 1 ᠰᠠᠨᠲ᠋ᠢᠮᠧᠲᠷ ᠪᠠᠶᠢᠪᠠ᠃ ᠪᠥᠬᠦ | ᠰᠢᠶᠠᠨ ᠤ 0 — 20 ᠰᠠᠨᠲ᠋ᠢᠮᠧᠲᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠰᠢᠷᠣᠶ ᠶᠢᠨ ᠳᠤᠮᠳᠠᠴᠢ | ᠤᠰᠤᠨ ᠤ ᠠᠭᠤᠯᠤᠭᠳᠠᠴᠠ ᠨᠢ 71.66% ᠪᠠᠶᠢᠵᠤ᠂ ᠬᠠᠮᠤᠭ ᠤᠨ ᠥᠨᠳᠥᠷ ᠬᠡᠮᠵᠢᠭᠳᠡᠯ ᠨᠢ 101.28% | ᠪᠠᠶᠢᠵᠤ᠂ ᠬᠠᠮᠤᠭ ᠤᠨ ᠪᠠᠭ᠎ᠠ ᠬᠡᠮᠵᠢᠭᠳᠡᠯ ᠨᠢ 44.3% ᠪᠣᠯᠤᠨ᠎ᠠ︔ ᠪᠥᠬᠦ ᠵᠢᠯ ᠤᠨ ᠲᠥᠯᠥᠪᠯᠡᠭᠡ ᠪᠠᠷ ᠳᠠᠷᠢᠬᠤ | ᠲᠠᠯᠠᠪᠠᠶ ᠶᠢᠨ ᠳᠣᠲᠣᠷ᠎ᠠ᠂ ᠲᠣᠬᠢᠷᠠᠮᠵᠢᠲᠠᠶ ᠲᠠᠯᠠᠪᠠᠶ 95 ᠲᠦᠮᠡᠨ ᠮᠥ ᠪᠠᠶᠢᠵᠤ᠂ ᠶᠡᠷᠦᠩᠬᠡᠶ ᠳᠠᠷᠢᠬᠤ ᠲᠠᠯᠠᠪᠠᠶ ᠶᠢᠨ | 57.5% ᠶᠢ ᠡᠵᠡᠯᠡᠨ᠎ᠡ︔ ᠬᠥᠩᠭᠡᠨ ᠭᠠᠩᠳᠠᠭᠰᠠᠨ ᠲᠠᠯᠠᠪᠠᠶ 45 ᠲᠦᠮᠡᠨ ᠮᠥ ᠳᠤ ᠬᠦᠷᠴᠦ᠂ ᠶᠡᠷᠦᠩᠬᠡᠶ | ᠳᠠᠷᠢᠭᠰᠠᠨ ᠲᠠᠯᠠᠪᠠᠶ ᠶᠢᠨ 27.3% ᠶᠢ ᠡᠵᠡᠯᠡᠪᠡ︔ ᠳᠤᠮᠳᠠ ᠵᠡᠷᠭᠡ ᠶᠢᠨ ᠭᠠᠩᠳᠠᠭᠰᠠᠨ ᠲᠠᠯᠠᠪᠠᠶ 25 ᠲᠦᠮᠡᠨ ᠮᠥ | ᠪᠠᠶᠢᠵᠤ᠂ ᠶᠡᠷᠦᠩᠬᠡᠶ ᠳᠠᠷᠢᠭᠰᠠᠨ ᠲᠠᠯᠠᠪᠠᠶ ᠶᠢᠨ 15.2% ᠢ ᠡᠵᠡᠯᠡᠵᠦ᠂ ᠪᠥᠬᠦ ᠰᠢᠶᠠᠨ ᠤ ᠬᠠᠪᠤᠷ ᠤᠨ | ᠲᠠᠷᠢᠶᠠᠯᠠᠭ᠎ᠠ ᠶᠢᠨ ᠭᠠᠩ ᠬᠠᠭᠰᠠᠷᠠᠭᠠᠨ ᠲᠠᠢ ᠲᠡᠮᠡᠴᠡᠬᠦ ᠡᠭᠦᠷᠭᠡ ᠮᠥᠨ ᠬᠦ ᠬᠠᠲᠠᠭᠤ ᠪᠡᠷᠬᠡ ᠲᠠᠢ᠃ 3 ᠰᠠᠷ᠎ᠠ ᠶᠢᠨ | 17 ᠤ ᠡᠳᠦᠷ ᠠᠴᠠ 18 ᠤ ᠡᠳᠦᠷ ᠪᠣᠯᠲᠠᠯ᠎ᠠ᠂ ᠱᠠᠩᠳᠤ ᠰᠢᠶᠠᠨ ᠳᠤ ᠨᠡᠶᠢᠳᠡᠮ ᠶᠡᠭᠡ ᠴᠠᠰᠤ ᠣᠷᠣᠵᠤ᠂ ᠬᠠᠪᠤᠷ ᠤᠨ | ᠤᠯᠠᠷᠢᠯ ᠤᠨ ᠬᠥᠷᠥᠰᠥᠨ ᠤ ᠴᠢᠭᠢᠭ ᠤᠨ ᠪᠠᠶᠢᠳᠠᠯ ᠢ ᠳᠡᠭᠡᠭᠰᠢᠯᠡᠭᠦᠯᠵᠦ᠂ ᠪᠥᠬᠦ ᠰᠢᠶᠠᠨ ᠤ ᠬᠠᠪᠤᠷ ᠤᠨ ᠲᠠᠷᠢᠶᠠᠯᠠᠭ᠎ᠠ | ᠪᠠ ᠬᠠᠪᠤᠷ ᠤᠨ ᠲᠠᠷᠢᠶᠠᠯᠠᠭ᠎ᠠ ᠳᠤ ᠬᠦᠴᠦ ᠨᠡᠮᠡᠷᠢᠯᠡᠬᠦ ᠳᠤ ᠠᠰᠢᠭᠲᠠᠶ ᠪᠠᠶᠢᠨ᠎ᠠ᠃ | | ᠣᠷᠴᠢᠭᠤᠯᠤᠭᠴᠢ᠄ ᠬᠤᠩ ᠱᠦᠸᠧ | ᠬᠢᠨᠠᠭᠴᠢ᠄ ᠠᠷᠢᠭᠤᠨ |