ᠣᠶᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠤ 2022 ᠣᠨ ᠳᠤ ᠬᠡᠷᠡᠭᠵᠢᠭᠦᠯᠬᠦ ᠪᠠᠷ ᠲᠥᠯᠥᠪᠯᠡᠵᠦ | ᠪᠠᠶᠢᠭ᠎ᠠ 16 ᠴᠢᠬᠤᠯᠠ ᠶᠡᠭᠡ ᠲᠥᠷᠥᠯ ᠵᠦᠢᠯ ᠵᠠᠯᠭᠠᠭ᠎ᠠ ᠪᠠᠷ ᠠᠵᠢᠯ ᠢᠶᠠᠨ ᠡᠬᠢᠯᠡᠭᠦᠯᠵᠦ᠂ 16 ᠲᠥᠷᠥᠯ ᠵᠦᠢᠯ ᠤᠨ | ᠶᠡᠷᠦᠩᠬᠡᠶ ᠪᠠᠯᠠ ᠣᠷᠣᠭᠤᠯᠤᠯᠲᠠ 29.5 ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠳᠤ᠂ ᠰᠢᠨ᠎ᠡ ᠪᠠᠷ | ᠪᠠᠶᠢᠭᠤᠯᠬᠤ ᠲᠥᠷᠥᠯ ᠵᠦᠢᠯ 9 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 13.1 ᠳ᠋ᠦᠩᠰᠢᠭᠤᠷ | ᠲᠥᠭᠦᠷᠢᠭ ᠲᠤ ᠬᠦᠷᠴᠡᠶ︔ 7 ᠲᠥᠷᠥᠯ ᠵᠦᠢᠯ ᠢ ᠵᠠᠯᠭᠠᠨ ᠪᠠᠶᠢᠭᠤᠯᠵᠤ᠂ ᠨᠡᠶᠢᠲᠡ 16.4 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠪᠠ᠃ 2022 ᠣᠨ ᠳᠤ 4.9 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠳᠣ ᠪᠣᠯᠲᠠᠯ᠎ᠠ᠂ ᠯᠢᠶᠠᠩᠴᠧᠩ ᠰᠢᠶᠠᠨ ᠤ | ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ | ᠪᠠᠶᠢᠭᠤᠯᠵᠤ᠂ ᠥᠪᠥᠷ ᠮᠣᠩᠭᠤᠯ ᠤᠨ ᠲᠠᠭ᠎ᠠ ᠶᠢᠨ ᠨᠠᠭᠤᠷ ᠤᠨ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠬᠡᠳᠦ ᠲᠣᠮᠣ ᠠᠯᠭᠠᠰᠠᠯᠳᠤ ᠪᠦᠷᠬᠦᠪᠴᠢ ᠶᠢᠨ ᠪᠦᠲᠦᠴᠡ ᠶᠢᠨ ᠪᠦᠷᠢᠨ ᠪᠢᠲᠡᠭᠦᠮᠵᠢᠯᠡᠭᠰᠡᠨ ᠨᠡᠭᠦᠷᠡᠰᠦᠨ | ᠲᠠᠯᠠᠪᠠᠶ ᠶᠢᠨ ᠵᠢᠱᠢᠶ᠎ᠡ ᠦᠵᠡᠭᠦᠯᠬᠦ ᠪᠠ ᠬᠡᠷᠡᠭᠯᠡᠭᠡᠨ ᠤ ᠲᠥᠷᠥᠯ ᠵᠦᠢᠯ᠂ ᠡᠮᠦᠨ᠎ᠡ ᠶᠡᠭᠡ ᠵᠡᠭᠡᠯᠢ ᠶᠢᠨ ᠪᠠᠭ᠎ᠠ | ᠲᠣᠭᠤᠷᠢᠭ ᠢ ᠨᠡᠭᠦᠯᠭᠡᠬᠦ ᠪᠠᠲᠤᠯᠠᠭ᠎ᠠ ᠶᠢᠨ ᠣᠷᠣᠨ ᠰᠠᠭᠤᠴᠠ ᠶᠢᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠰᠢᠶᠠᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ | ᠪᠠᠴᠢᠮ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠢᠨᠠᠷ | ᠰᠠᠶᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠰᠢᠩ ᠳ᠋ᠠ ᡁᠢ ᠵᠢᠶᠡ ᠬᠤᠲᠠ ᠶᠢᠨ ᠳᠥᠭᠦᠮ | ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠢᠵᠢ ᠪᠦᠷᠢᠳᠦᠭᠦᠯᠬᠦ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠨ ᠺᠠᠩ ᠵᠢᠶᠡ ᠶᠤᠸᠠᠨ ︵ᠢᠵᠢ ᠪᠦᠷᠢᠨ | ᠪᠤᠰᠤ︶ ᠬᠤᠲᠠ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠢᠵᠢ | ᠪᠦᠷᠢᠳᠦᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠳᠠᠭ᠎ᠠ ᠶᠢᠨ ᠨᠠᠭᠤᠷ ᠤᠨ ᠬᠥᠩ | ᠪᠠ ᠾᠧ ᠭᠤᠣᠯ ᠤᠨ ᠠᠳᠠᠭ ᠢ ᠬᠠᠰᠢᠵᠤ ᠴᠡᠪᠡᠷᠰᠢᠭᠦᠯᠬᠦ ᠢᠨᠵᠧᠨᠧᠷᠢᠩ᠂ ᠳᠠᠭ᠎ᠠ ᠶᠢᠨ ᠨᠠᠭᠤᠷ ᠤᠨ ᠬᠥᠪᠡᠭᠡᠨ ᠤ | ᠨᠠᠮᠬᠠᠳᠬᠠᠯ ᠪᠦᠰᠡ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ᠂ ᠳᠠᠭ᠎ᠠ ᠶᠢᠨ ᠨᠠᠭᠤᠷ ᠢ ᠲᠣᠭᠤᠷᠢᠭᠰᠠᠨ ᠬᠥᠳᠡᠭᠡ | ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠵᠠᠯᠭᠠᠪᠡᠷ ᠠᠵᠢᠯ ᠢᠶᠠᠨ ᠡᠬᠢᠯᠡᠭᠦᠯᠪᠡ᠃ | | | ᠣᠷᠴᠢᠭᠤᠯᠤᠭᠴᠢ᠄ ᠬᠤᠩ ᠱᠦᠸᠧ | ᠬᠢᠨᠠᠭᠴᠢ᠄ ᠠᠷᠢᠭᠤᠨ |