ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠵᠢᠴᠢ ᠴᠢᠬᠤᠯᠠ ᠶᠡᠭᠡ ᠲᠥᠷᠥᠯ ᠵᠦᠢᠯ ᠤᠨ ᠠᠵᠢᠯ ᠰᠡᠷᠭᠦᠭᠡᠬᠦ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/14
    4 ᠰᠠᠷ᠎ᠠ ᠶᠢᠨ 13 ᠤ ᠡᠳᠦᠷ᠂ ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠵᠢᠴᠢ ᠴᠢᠬᠤᠯᠠ ᠶᠡᠭᠡ ᠲᠥᠷᠥᠯ ᠵᠦᠢᠯ ᠤᠨ ᠠᠵᠢᠯ ᠰᠡᠷᠭᠦᠭᠡᠬᠦ ᠶᠢ ᠠᠬᠢᠭᠤᠯᠬᠤ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠡᠷᠡᠯᠬᠡᠭᠯᠡᠨ ᠲᠡᠮᠡᠴᠡᠵᠦ ᠲᠦᠷᠭᠡᠨ ᠠᠵᠢᠯᠯᠠᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠢᠳᠡᠪᠬᠢᠲᠡᠢ ᠪᠦᠲᠦᠮᠵᠢᠲᠡᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠷᠠᠯ ᠡᠷᠭᠢᠯᠡᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠦᠨ ᠬᠤᠸᠠᠢ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠢ ᠬᠤᠸ ᠵᠢᠴᠢ ᠬᠤᠲᠠ ᠶᠢᠨ ᠳᠥᠷᠪᠡᠨ ᠶᠡᠭᠡ ᠪᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃     ᠬᠤᠷᠠᠯ ᠠᠴᠠ᠂ ᠡᠨᠡ ᠵᠢᠯ ᠠᠴᠠ ᠨᠠᠰᠢ᠂ ᠨᠠᠷᠢᠨ ᠪᠤᠳᠤᠯᠢᠶᠠᠨᠲᠠᠢ ᠳᠣᠲᠣᠭᠠᠳᠤ ᠭᠠᠳᠠᠭᠠᠳᠤ ᠣᠷᠴᠢᠨ ᠲᠣᠭᠤᠷᠢᠨ ᠪᠠ ᠲᠠᠰᠤᠷᠠᠯᠲᠠ ᠦᠭᠡᠢ ᠨᠡᠮᠡᠭᠳᠡᠵᠦ ᠪᠠᠶᠢᠭ᠎ᠠ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢᠨ ᠡᠮᠦᠨ᠎ᠡ᠂ ᠪᠦᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠳᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠬᠠᠷᠠᠯᠲᠠ ᠶᠢᠨ ᠲᠣᠭᠤᠷᠢᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠠᠵᠤ ᠠᠬᠤᠢ ᠶᠢᠨ ᠠᠵᠢᠯᠯᠠᠭᠠᠨ ᠳᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠯᠪᠠᠷ ᠪᠤᠰᠤ ᠪᠠᠷ ᠣᠯᠣᠭᠰᠠᠨ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠬᠤᠪᠢ ᠲᠠᠬᠢᠨ ᠨᠠᠨᠳᠢᠩᠨᠠᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠳᠤ ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ︽ᠬᠦᠯᠢᠶᠡᠵᠦ ᠳᠡᠶᠢᠯᠬᠦ ᠦᠭᠡᠢ︾ ᠲᠤᠯᠭᠠᠮ᠎ᠠ ᠰᠡᠳᠬᠢᠯᠭᠡ᠂ ︽ᠤᠳᠠᠭᠠᠰᠢᠷᠠᠭᠤᠯᠵᠤ ᠳᠡᠶᠢᠯᠬᠦ ᠦᠭᠡᠢ︾ ᠲᠦᠭᠰᠢᠭᠦᠷᠢᠲᠦ ᠰᠡᠳᠬᠢᠯᠭᠡ᠂ ︽ᠰᠠᠭᠤᠵᠤ ᠳᠡᠶᠢᠯᠬᠦ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠭᠤᠣᠯᠳᠠᠯᠭ᠎ᠠ ᠶᠢ ᠰᠢᠪᠲᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠦᠬᠦ ᠵᠢᠯ ᠤᠨ ᠠᠵᠤ ᠠᠬᠤᠢ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠤ ᠵᠢᠭᠠᠵᠤ ᠭᠠᠷᠭᠠᠪᠠ᠃     ᠬᠤᠷᠠᠯ ᠠᠴᠠ᠂ ᠭᠤᠣᠯᠳᠠᠯᠭ᠎ᠠ ᠶᠢ ᠳᠤᠪᠤᠶᠢᠯᠭᠠᠵᠤ᠂ ᠤᠨᠢᠨ ᠳᠡᠭᠡᠷ᠎ᠡ ᠨᠢ ᠬᠦᠴᠦᠯᠡᠵᠦ᠂ ᠲᠣᠬᠢᠷᠠᠭᠤᠯᠤᠯᠲᠠ ᠶᠢ ᠠᠳᠬᠤᠵᠤ᠂ ᠨᠡᠮᠡᠭᠳᠡᠯ ᠢ ᠪᠠᠲᠤᠯᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠴᠠᠭ ᠤᠨ ᠳᠠᠷᠠᠭᠠᠯᠠᠯ ᠤᠨ ᠠᠬᠢᠴᠠ ᠶᠢ ᠬᠥᠳᠡᠯᠦᠩᠭᠦᠢ ᠪᠠᠷ ᠡᠵᠡᠮᠰᠢᠵᠦ᠂ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠢ ᠬᠥᠮᠥᠷᠭᠡ ᠳᠤ ᠣᠷᠣᠭᠤᠯᠵᠤ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠵᠦ᠂ ᠡᠷᠲᠡ ᠠᠴᠠ ᠠᠳᠬᠤᠬᠤ᠂ ᠪᠣᠳᠠᠲᠠᠢ ᠳᠤ ᠰᠠᠭᠤᠷᠢᠯᠠᠬᠤ᠂ ᠠᠵᠢᠯᠯᠠᠬᠤ ᠳᠤ ᠰᠠᠭᠤᠷᠢᠯᠠᠬᠤ ᠶᠢ ᠪᠠᠷᠢᠮᠲᠠᠯᠠᠵᠤ᠂ ᠪᠦᠬᠦ ᠦᠶᠡᠯᠡᠯ ᠤᠨ ᠬᠤᠭᠤᠴᠠᠭᠠᠨ ᠳᠤ ᠬᠤᠷᠳᠤᠴᠠ ᠪᠠᠨ ᠲᠦᠷᠭᠡᠳᠬᠡᠵᠦ ᠦᠷ᠎ᠡ ᠠᠰᠢᠭ ᠢᠶᠠᠨ ᠨᠡᠮᠡᠭᠳᠡᠭᠦᠯᠦᠨ ᠲᠦᠷᠦᠯ ᠵᠦᠢᠯ ᠢ ᠠᠳᠬᠤᠵᠤ᠂ ᠪᠦᠬᠦ ᠲᠠᠯ᠎ᠠ ᠪᠠᠷ ᠮᠥᠷᠳᠡᠨ ᠦᠢᠯᠡᠴᠢᠯᠡᠵᠦ ᠲᠦᠷᠦᠯ ᠵᠦᠢᠯ ᠢ ᠠᠳᠬᠤᠵᠤ᠂ ᠪᠦᠬᠦ ᠶᠠᠪᠤᠴᠠ ᠪᠠᠷ ᠠᠩᠬᠠᠷᠴᠤ ᠱᠠᠯᠠᠪᠳᠠᠭᠤᠯᠤᠨ ᠲᠦᠷᠦᠯ ᠵᠦᠢᠯ ᠢ ᠠᠳᠬᠤᠵᠤ᠂ ᠴᠢᠨᠠᠷ ᠰᠠᠶᠢᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠬᠤ ᠶᠢ ᠠᠳᠬᠤᠵᠤ᠂ ᠰᠡᠯᠭᠦᠬᠦ ᠬᠦᠴᠦᠨ ᠢ ᠨᠡᠮᠡᠭᠳᠡᠭᠦᠯᠵᠦ᠂ ︽ᠨᠢᠭᠡᠳᠦᠭᠡᠷ ᠬᠠᠷᠢᠭᠤᠴᠠᠯᠭᠠᠲᠠᠨ︾ ᠨᠢ ᠠᠷᠠᠯᠵᠢᠶᠠᠴᠢᠨ ᠤᠷᠢᠬᠤ ᠶᠢ ᠠᠳᠬᠤᠬᠤ᠂ ︽ᠨᠢᠭᠡ ᠪᠠᠭ ᠬᠥᠮᠥᠨ︾ ᠨᠢ ᠠᠷᠠᠯᠵᠢᠶᠠᠴᠢᠨ ᠤᠷᠢᠬᠤ ᠶᠢ ᠠᠳᠬᠤᠬᠤ᠂ ︽ᠬᠡᠯᠬᠢᠶ᠎ᠡ︾   ᠪᠠᠷ ᠠᠷᠠᠯᠵᠢᠶᠠᠴᠢᠨ ᠤᠷᠢᠬᠤ ᠶᠢ ᠠᠳᠬᠤᠬᠤ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠤᠭᠰᠠᠨ ᠦᠷ᠎ᠡ ᠪᠦᠲᠦᠭᠡᠯ ᠢ ᠦᠨᠡᠨ ᠪᠣᠳᠠᠲᠠᠢ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠥᠭᠡᠷᠡᠴᠢᠯᠡᠯᠲᠡ ᠶᠢ ᠠᠳᠬᠤᠵᠤ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠤᠯᠤᠰ ᠠᠴᠠ ᠨᠡᠶᠢᠲᠡᠯᠡᠭᠰᠡᠨ ᠡᠯ᠎ᠡ ᠵᠦᠢᠯ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠭᠠᠭᠠᠴᠢᠯᠠᠨ ᠬᠤᠯᠪᠣᠭᠠᠯᠠᠵᠤ ᠭᠤᠣᠯᠳᠠᠯᠭ᠎ᠠ ᠲᠠᠢ ᠠᠵᠤ ᠠᠬᠤᠶᠢᠯᠠᠯ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠪᠠᠷ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ᠂ ᠰᠤᠷᠲᠠᠯ ᠢᠶᠠᠨ ᠬᠤᠪᠢᠷᠠᠭᠤᠯᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ︽ᠡᠭᠦᠷᠭᠡ ᠶᠢᠨ ᠪᠢᠴᠢᠭ︾ ᠢ ᠵᠢᠭᠰᠠᠭᠠᠵᠤ᠂ ︽ᠴᠠᠭ ᠤᠨ ᠬᠦᠰᠦᠨᠦᠭᠲᠦ︾ ᠶᠢ ᠵᠢᠭᠰᠠᠭᠠᠵᠤ᠂ ︽ᠵᠠᠮ ᠱᠤᠭᠤᠮ ᠤᠨ ᠵᠢᠷᠤᠭ︾ ᠢ ᠲᠣᠭᠲᠠᠭᠠᠵᠤ᠂ ᠨᠠᠷᠢᠨ ᠲᠠᠩᠰᠠᠵᠢᠭᠤᠯᠤᠨ ᠬᠠᠮᠢᠶᠠᠷᠴᠤ᠂ ᠲᠦᠷᠦᠯ ᠵᠦᠢᠯᠵᠢᠭᠦᠯᠦᠨ ᠠᠬᠢᠭᠤᠯᠵᠤ᠂ ᠡᠯ᠎ᠡ ᠵᠦᠢᠯ ᠤᠨ ᠠᠵᠢᠯ ᠢ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠤᠷᠮᠠᠰᠢᠭᠤᠯᠬᠤ ᠶᠢ ᠴᠢᠬᠤᠯᠠᠴᠢᠯᠠᠵᠤ᠂ ᠴᠢᠩᠭ᠎ᠠ ᠬᠢᠵᠠᠭᠠᠷᠯᠠᠵᠤ᠂ ᠴᠢᠩᠭ᠎ᠠ ᠬᠢᠨᠠᠨ ᠰᠢᠯᠭᠠᠵᠤ᠂ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃                                    ᠵᠤᠬᠢᠶᠠᠭᠴᠢ᠄ ᠲᠧᠩ ᠵᠢᠶᠠ                                    ᠤᠷᠴᠢᠭᠤᠯᠤᠭᠴᠢ᠄ ᠬᠦᠰᠡᠯ                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2