ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ ᠪᠤᠭᠤᠳᠠᠶ ᠳᠠᠷᠢᠬᠤ ᠠᠵᠢᠯ ᠶᠠᠭᠠᠷᠠᠯᠲᠠᠶ ᠪᠠᠶᠢᠨ᠎ᠠ
ᠨᠡᠶᠢᠲᠡᠯᠡᠭᠰᠡᠨ ᠴᠠᠭ᠄
2022/4/14
   ᠣᠳᠣᠬᠠᠨ ᠳᠤ ᠶᠠᠭ ᠰᠠᠶᠢᠬᠠᠨ ᠬᠠᠪᠤᠷ ᠤᠨ ᠪᠤᠭᠤᠳᠠᠢ ᠲᠠᠷᠢᠬᠤ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ ᠤᠢᠢᠷ᠎ᠠ ᠶᠢᠨ ᠡᠳᠦᠷ ᠤᠳ ᠲᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠤᠭᠤᠳᠠᠢ ᠲᠠᠷᠢᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ ᠲᠣᠰᠬᠤᠨ ᠤ ᠠᠷᠠᠳ ᠢ ᠢᠳᠡᠪᠬᠢᠲᠡᠢ ᠵᠣᠬᠢᠶᠠᠨ ᠪᠠᠶᠢᠭᠤᠯᠤᠨ ᠠᠰᠢᠭᠲᠠᠢ ᠴᠠᠭ ᠲᠣᠬᠢᠶᠠᠯ ᠢ ᠠᠮᠵᠢᠨ ᠴᠢᠬᠢᠭ ᠢ ᠠᠮᠵᠢᠨ ᠲᠠᠷᠢᠵᠤ᠂ ᠬᠠᠪᠤᠷ ᠤᠨ ᠲᠠᠷᠢᠶᠠᠯᠠᠭ᠎ᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠪᠡ᠃    ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠪᠤᠷᠢ ᠶᠢᠨ ᠴᠢᠳᠠᠪᠤᠷᠢ ᠪᠣᠯᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠣᠳᠣᠬᠠᠨ ᠤ ᠡᠯ᠎ᠡ ᠵᠦᠢᠯ ᠤᠨ ᠠᠵᠢᠯ ᠤᠨ ᠭᠤᠣᠯᠳᠠᠯᠭ᠎ᠠ ᠪᠣᠯᠭᠠᠨ ᠠᠳᠬᠤᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠪᠤᠭᠤᠳᠠᠢ ᠲᠠᠷᠢᠬᠤ ᠡᠭᠦᠷᠭᠡ ᠶᠢ ᠱᠠᠲᠤ ᠱᠠᠲᠤ ᠪᠠᠷ ᠵᠠᠳᠠᠯᠵᠤ᠂ ᠡᠯ᠎ᠡ ᠲᠣᠰᠬᠤᠨ ᠤ ᠲᠠᠷᠢᠬᠤ ᠲᠥᠯᠥᠪᠯᠡᠭᠡ ᠶᠢ ᠨᠠᠷᠢᠨ ᠨᠢᠭᠲᠠ ᠪᠦᠷᠢᠳᠬᠡᠵᠦ᠂ ᠪᠤᠭᠤᠳᠠᠢ ᠲᠠᠷᠢᠬᠤ ᠲᠠᠯᠠᠪᠠᠢ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠪᠠ᠃ ᠡᠭᠦᠨ ᠤ ᠬᠠᠮᠲᠤ᠂ ᠰᠤᠮᠤ ᠰᠢᠶᠠᠩ ᠪᠠᠯᠭᠠᠰᠤ᠂ ᠲᠣᠰᠬᠤᠨ ᠤ ᠺᠠᠳ᠋ᠷᠴᠤᠳ ᠢᠳᠡᠪᠬᠢᠲᠡᠶ ᠪᠠᠷ ᠠᠶᠢᠯ ᠡᠷᠦᠬᠡ ᠳᠤ ᠣᠷᠤᠵᠤ᠂ ᠲᠣᠮᠣ ᠪᠦᠷᠢᠶ᠎ᠡ᠂ ᠸᠢᠴᠠᠲ ᠤᠨ ᠪᠦᠯᠦᠭ ᠵᠡᠷᠭᠡ ᠠᠷᠭ᠎ᠠ ᠮᠠᠶ᠋ᠢᠭ ᠢᠶᠠᠷ᠂ ᠲᠣᠰᠬᠤᠨ ᠤ ᠠᠷᠠᠳ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠳᠠᠷᠢᠬᠤ ᠲᠥᠯᠥᠪᠯᠡᠭᠡ ᠪᠠᠨ ᠣᠶᠤᠨᠴᠢ ᠪᠠᠷ ᠳᠣᠭᠢᠷᠠᠭᠤᠯᠵᠤ᠂ ᠣᠯᠠᠨ ᠵᠦᠢᠯ ᠤᠨ ᠠᠮᠤ ᠪᠤᠳᠠᠭ᠎ᠠ ᠳᠠᠷᠢᠭᠤᠯᠵᠤ᠂ ᠰᠠᠶᠢᠨ ᠠᠮᠤ ᠪᠤᠳᠠᠭ᠎ᠠ ᠳᠠᠷᠢᠭᠤᠯᠬᠤ ᠪᠠᠷ ᠪᠠᠶᠢᠨ᠎ᠠ᠃    ᠡᠨᠡ ᠵᠢᠯ ᠤᠨ ᠬᠠᠪᠤᠷ ᠠᠴᠠ ᠨᠠᠰᠢ᠂ ᠬᠡᠰᠡᠭ ᠰᠢᠶᠠᠩ ᠪᠠᠯᠭᠠᠰᠤᠨ ᠤ ᠵᠠᠰᠠᠭ ᠤᠨ ᠣᠷᠳᠣᠨ ᠪᠤᠭᠤᠳᠠᠶ ᠳᠠᠷᠢᠬᠤ ᠶᠠᠪᠤᠳᠠᠯ ᠢ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠭᠤᠣᠯᠳᠠᠯᠭ᠎ᠠ ᠲᠠᠢ ᠠᠵᠢᠯ ᠪᠣᠯᠭᠠᠵᠤ᠂ ᠪᠦᠬᠦ ᠬᠦᠴᠦᠨ ᠢᠶᠠᠷ ᠢᠶᠠᠨ ᠴᠠᠭ ᠢ ᠠᠮᠵᠢᠨ᠂ ᠠᠬᠢᠴᠠ ᠪᠠᠨ ᠲᠦᠷᠭᠡᠳᠬᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠦᠷᠭᠦᠯᠵᠢᠯᠡᠨ ᠲᠥᠪ ᠤᠨ 1 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠲᠣᠭᠤᠷᠢᠨ ᠳᠤ ︿ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠶᠠᠷ ᠬᠢᠵᠠᠭᠠᠷ ᠱᠤᠭᠤᠮ﹀ ᠤᠨ ᠱᠠᠭᠠᠷᠳᠠᠯᠭ᠎ᠠ ᠶᠢ ᠪᠠᠲᠤ ᠰᠠᠬᠢᠵᠤ᠂ ᠪᠤᠭᠤᠳᠠᠢ ᠳᠠᠷᠢᠬᠤ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ  ᠪᠠᠲᠦᠯᠠᠪᠠ᠃                                          ᠣᠷᠴᠢᠭᠤᠯᠤᠭᠴᠢ᠄ ᠬᠤᠩ ᠱᠦᠸᠧ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2