ᠰᠢ ᠶᠢᠨ ᠫᠢᠩ ᠬᠠᠶᠢᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠦᠵᠡᠯ ᠰᠠᠨᠠᠭ᠎ᠠ ᠪᠠᠨ ᠴᠢᠯᠥᠭᠡᠯᠡᠵᠦ ᠵᠠᠮ ᠨᠡᠭᠡᠭᠡᠨ ᠰᠢᠨ᠎ᠡ ᠶᠢ ᠡᠭᠦᠳᠴᠦ ᠪᠦᠯᠬᠦᠮᠳᠡᠨ ᠲᠡᠮᠡᠴᠡᠵᠦ ᠬᠦᠴᠢᠷ ᠢ ᠲᠤᠭᠤᠯᠤᠨ ᠪᠡᠷᠬᠡ ᠶᠢ ᠳᠠᠪᠠᠵᠤ ᠳᠡᠯᠡᠬᠡᠢ ᠳ᠋ᠠᠬᠢᠨ ᠳᠤ ᠨᠥᠯᠥᠭᠡᠯᠡᠬᠦ ᠬᠦᠴᠦᠨ ᠪᠦᠬᠦᠢ ᠳᠤᠮᠳᠠᠳᠤ ᠤᠯᠤᠰ ᠤᠨ ᠣᠨᠴᠠᠯᠢᠭ ᠲᠠᠢ ᠴᠢᠯᠥᠭᠡᠲᠦ ᠠᠷᠠᠯᠵᠢᠶᠠᠨ ᠤ ᠭᠠᠷᠠᠮ ᠢ ᠲᠦᠷᠭᠡᠳᠭᠡᠨ ᠪᠦᠲᠦᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/4/15
     4 ᠰᠠᠷ᠎ᠠ ᠶᠢᠨ 10 ᠠᠴᠠ 13 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠠᠶᠢᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 11 ᠤ ᠦᠳᠡ ᠶᠢᠨ ᠬᠤᠶᠢᠨ᠎ᠠ᠂ ᠰᠢ ᠶᠢᠨ ᠫᠢᠩ ᠦ᠋ ᡁᠢ ᠱᠠᠨ ᠬᠤᠳᠠ ᠶᠢᠨ ᠱᠦᠢᠮᠠᠨ ᠰᠢᠶᠠᠩ ᠤᠨ ᠮᠤᠤᠨᠠ ᠲᠣᠰᠬᠤᠨ ᠳᠤ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ      
    4 ᠰᠠᠷ᠎ᠠ ᠶᠢᠨ 10 ᠠᠴᠠ 13 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠠᠶᠢᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 12 ᠤᠨ ᠦᠳᠡ ᠶᠢᠨ ᠡᠮᠦᠨ᠎ᠡ᠂ ᠰᠢ ᠶᠢᠨ ᠫᠢᠩ ᠶᠠᠩᠫᠦ᠋ ᠤᠯᠠᠨ ᠤᠯᠤᠰ ᠤᠨ ᠴᠢᠩᠭᠡᠯᠢᠭ ᠤᠨ ᠤᠯᠤᠮ ᠤᠨ ᠰᠢᠶᠤᠤ ᠴᠠᠨ ᠲᠠᠨ ᠭᠠᠷᠠᠮ ᠤᠨ ᠲᠣᠭᠤᠷᠢᠭ ᠲᠤ ᠲᠤᠬᠠᠢ ᠶᠢᠨ ᠲᠠᠯᠠᠪᠠᠢ ᠳᠠᠬᠢ ᠠᠵᠢᠯᠲᠡᠨ᠂ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠨ ᠲᠥᠯᠥᠭᠡᠯᠡᠭᠴᠢ ᠨᠠᠷ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ      ᠰᠢᠨᠬᠤᠸᠠ ᠬᠤᠷᠢᠶᠠᠨ ᠤ ᠬᠠᠶᠢᠺᠸᠤ ᠶᠢᠨ 4 ᠰᠠᠷ᠎ᠠ ᠶᠢᠨ 13 ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠬᠠᠶᠢᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠦᠵᠡᠯ ᠰᠠᠨᠠᠭ᠎ᠠ ᠪᠠᠨ ᠴᠢᠯᠥᠭᠡᠯᠡᠵᠦ᠂ ᠵᠡᠮ ᠨᠡᠭᠡᠭᠡᠨ ᠰᠢᠨ᠎ᠡ ᠶᠢ ᠡᠭᠦᠳᠴᠦ᠂ ᠪᠦᠯᠬᠦᠮᠳᠡᠨ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠳᠡᠯᠡᠬᠡᠢ ᠳ᠋ᠠᠬᠢᠨ ᠳᠤ ᠨᠥᠯᠥᠭᠡᠯᠡᠬᠦ ᠬᠦᠴᠦᠨ ᠪᠦᠬᠦᠢ ᠳᠤᠮᠳᠠᠳᠤ ᠤᠯᠤᠰ ᠤᠨ ᠣᠨᠴᠠᠯᠢᠭ ᠲᠠᠢ ᠴᠢᠯᠥᠭᠡᠲᠦ ᠠᠷᠠᠯᠵᠢᠶᠠᠨ ᠤ ᠭᠠᠷᠠᠮ ᠢ ᠲᠦᠷᠭᠡᠳᠭᠡᠨ ᠪᠦᠲᠦᠬᠡᠨ ᠪᠠᠶᠢᠭᠤᠯᠵᠤ ᠂ ᠬᠠᠶᠢᠨᠠᠨ ᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠦᠯᠢᠭᠡᠷ ᠵᠢᠱᠢᠶ᠎ᠡ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠵᠠᠢ᠃      4 ᠰᠠᠷ᠎ᠠ ᠶᠢᠨ 10 ᠠᠴᠠ 13 ᠤ ᠡᠳᠦᠷ ᠪᠣᠯᠲᠠᠯ᠎ᠠ᠂ ᠰᠢ ᠶᠢᠨ ᠫᠢᠩ ᠬᠠᠶᠢᠨᠠᠨ ᠮᠤᠵᠢ ᠶᠢᠨ ᠨᠠᠮ ᠤᠨ ᠬᠤᠷᠢᠶᠠᠨ ᠤ ᠱᠦᠵᠢ ᠱᠧᠨ ᠰᠢᠶᠤᠤ ᠮᠢᠩ᠂ ᠮᠤᠵᠢ ᠶᠢᠨ ᠳᠠᠷᠤᠭ᠎ᠠ ᠹᠧᠩ ᠹᠸᠢ ᠶᠢᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠰᠠᠨᠶᠠ᠂ ᠦ᠋ ᡁᠢ ᠱᠠᠨ᠂ ᠳ᠋ᠠᠨᠵᠸᠦ ᠵᠡᠷᠭᠡ ᠭᠠᠵᠠᠷ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠤᠯᠤᠰ ᠤᠨ ᠴᠡᠴᠡᠷᠯᠢᠭ᠂ ᠯᠢ ᠦᠨᠳᠦᠰᠦᠲᠡᠨ ᠤ ᠲᠣᠰᠬᠤᠨ᠂ ᠭᠠᠷᠠᠮ ᠤᠯᠤᠮ ᠵᠡᠷᠭᠡ ᠳᠤ ᠭᠦᠨᠵᠡᠭᠡᠶᠢᠷᠡᠵᠦ ᠪᠠᠶᠢᠴᠠᠭᠠᠨ ᠰᠤᠳᠤᠯᠪᠠ᠃      10 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠰᠠᠨᠶᠠ ᠬᠤᠳᠠ ᠶᠢᠨ ᠶᠠ ᠵᠧᠦ ᠸᠠᠨ ᠪᠤᠯᠤᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠳᠠ ᠳᠤ ᠪᠠᠶᠢᠷᠢᠯᠠᠭ᠎ᠠ ᠶᠠ ᠵᠧᠦ ᠸᠠᠨ ᠪᠤᠯᠤᠩ ᠤᠨ ᠦᠷ᠎ᠡ ᠶᠢᠨ ᠲᠤᠷᠰᠢᠯᠲᠠ ᠶᠢᠨ ᠲᠠᠰᠤᠭ ᠲᠤ ᠬᠦᠷᠴᠦ ᠰᠢᠨᠵᠢᠯᠡᠨ ᠪᠠᠶᠢᠴᠠᠭᠠᠪᠠ᠃ ᠰᠢ ᠶᠢᠨ ᠫᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠳᠠ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠪᠠ ᠲᠤᠷᠰᠢᠯᠲᠠ ᠶᠢᠨ ᠲᠠᠰᠤᠭ ᠤᠨ ᠶᠡᠷᠦᠩᠬᠡᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠤᠷᠰᠢᠯᠲᠠ ᠶᠢᠨ ᠲᠠᠰᠤᠭ ᠤᠨ ᠲᠠᠪᠴᠠᠩ ᠪᠠᠶᠢᠭᠤᠯᠵᠤ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠶᠢ ᠳᠡᠮᠵᠢᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠬᠠᠶᠢᠨᠠᠨ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠭᠪᠤᠷ ᠢ ᠬᠠᠶᠢᠨ ᠰᠦᠪᠡᠭᠴᠢᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ ᠲᠤᠯᠭᠠᠭᠤᠷᠢᠯᠠᠵᠦ ᠪᠠᠶᠢᠭ᠎ᠠ ᠠᠷᠭ᠎ᠠ ᠬᠢᠳᠡᠯ ᠢ ᠨᠤᠲᠠᠯᠠᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ ᠤᠷᠢᠳ ᠬᠤᠵᠢᠳ ᠲᠤᠮᠤ ᠬᠡᠯᠪᠡᠷᠢ ᠶᠢᠨ ᠬᠡᠮᠵᠢᠭᠦᠷᠯᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠨᠠᠷᠢᠯᠢᠭ ᠣᠨᠣᠴᠠᠲᠠᠢ ᠮᠣᠯᠧᠺᠦ᠋ᠯ ᠤᠨ ᠵᠢᠷᠤᠭ ᠲᠥᠯᠥᠪᠯᠡᠭᠡᠨ ᠤ ᠦᠷ᠎ᠡ ᠪᠣᠶᠢᠵᠢᠭᠤᠯᠬᠤ ᠲᠥᠪ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠰᠢ ᠶᠢᠨ ᠫᠢᠩ᠂ ᠳᠤᠮᠳᠠᠳᠤᠴᠤᠳ ᠠᠮᠤ ᠪᠤᠳᠠᠭᠠᠨ ᠤ ᠠᠰᠠᠭᠤᠳᠠᠯ ᠢ ᠦᠪᠡᠷ ᠲᠡᠭᠡᠨ ᠰᠢᠢᠳᠪᠦᠷᠢᠯᠡᠶ᠎ᠠ ᠭᠡᠪᠡᠯ ᠡᠷᠬᠡᠪᠰᠢ ᠦᠷ᠎ᠡ ᠶᠢ ᠭᠠᠷ ᠲᠠᠭᠠᠨ ᠯᠠᠪᠳᠠᠭᠤᠨ ᠠᠳᠬᠤᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠲᠠᠢ ᠤᠶᠠᠯᠳᠤᠭᠤᠯᠵᠦ ᠲᠥᠪᠯᠡᠷᠡᠭᠦᠯᠦᠨ ᠪᠤᠭᠤᠮᠲᠠ ᠰᠢᠪᠲᠤᠯᠵᠤ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ᠂ ᠦᠷ᠎ᠡ ᠶᠢᠨ ᠢᠷᠡᠯᠳᠡ ᠶᠢ ᠪᠡᠶ᠎ᠡ ᠪᠠᠨ ᠳᠠᠭᠠᠭᠠᠵᠤ ᠡᠵᠡᠮᠳᠡᠬᠦ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠦᠷ᠎ᠡ ᠪᠠᠷ ᠳᠤᠮᠳᠠᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠠᠬᠠᠮᠠᠳ ᠨᠢᠭᠡ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠡᠬᠦᠳᠡᠭ ᠴᠡᠭᠡᠵᠢᠨ ᠳᠡᠭᠡᠨ ᠡᠭᠡ ᠤᠯᠤᠰ ᠢᠶᠠᠨ ᠪᠠᠭᠲᠠᠭᠠᠵᠤ᠂ ᠠᠷᠠᠳ ᠲᠦᠮᠡᠨ ᠳᠤ ᠦᠢᠯᠡᠴᠢᠯᠡᠬᠦ ᠰᠢᠯᠢᠳᠡᠭ ᠵᠠᠩ ᠴᠢᠨᠠᠷ ᠢ ᠵᠠᠯᠭᠠᠮᠵᠢᠯᠠᠨ ᠪᠠᠳᠠᠷᠠᠭᠤᠯᠵᠤ᠂ ᠠᠷᠪᠠᠨ ᠵᠢᠯ ᠰᠢᠷᠭᠠᠭᠤ ᠴᠢᠷᠮᠠᠶᠢᠯᠭ᠎ᠠ ᠭᠠᠷᠭᠠᠬᠤ ᠡᠷᠴᠢ ᠵᠤᠷᠢᠭ ᠢᠶᠠᠷ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠣᠶᠠᠨ ᠤᠷᠬᠢᠯ ᠳᠤ ᠵᠣᠷᠢᠭᠲᠠᠢ ᠪᠠᠷ ᠠᠪᠠᠷᠢᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠲᠠᠷᠠᠭ᠎ᠠ ᠨᠢ᠂ ᠰᠢ ᠶᠢᠨ ᠫᠢᠩ ᠳᠤᠮᠳᠠᠳᠤ ᠤᠯᠤᠰ ᠤᠨ ᠲᠠᠯᠠᠢ ᠲᠠᠩᠭᠢᠰ ᠤᠨ ᠶᠡᠭᠡ ᠰᠤᠷᠭᠠᠭᠤᠯᠢ ᠶᠢᠨ ᠰᠠᠨᠶᠠ ᠳᠠᠬᠢ ᠲᠠᠯᠠᠢ ᠲᠠᠩᠭᠢᠰ ᠤᠨ ᠰᠤᠳᠤᠯᠭᠠᠨ ᠤ ᠬᠦᠷᠢᠶᠡᠯᠡᠩ ᠳᠤ ᠬᠦᠷᠴᠦ᠂ ᠲᠠᠯᠠᠢ ᠲᠠᠩᠭᠢᠰ ᠢ ᠠᠵᠢᠭᠯᠠᠨ ᠬᠡᠮᠵᠢᠬᠦ ᠲᠥᠬᠦᠭᠡᠷᠦᠮᠵᠢ ᠪᠣᠯᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠢ ᠰᠤᠳᠤᠯᠤᠨ ᠨᠡᠭᠡᠭᠡᠵᠦ ᠬᠡᠷᠡᠭᠯᠡᠭᠰᠡᠨ ᠪᠠᠶᠢᠳᠠᠯ ᠢ ᠣᠶᠢᠯᠠᠭᠠᠵᠤ᠂ ︽ᠭᠦᠨ ᠲᠠᠯᠠᠢ ᠨᠢᠭᠡᠳᠦᠭᠡᠷ ᠨᠡᠷᠡᠮᠵᠢᠳᠤ︾ ᠠᠵᠢᠯᠯᠠᠬᠤ ᠲᠠᠪᠴᠠᠩ ᠲᠠᠢ ᠬᠤᠯᠪᠤᠭ᠎ᠠ ᠠᠪᠤᠪᠠ᠃ ᠡᠮᠦᠨ᠎ᠡ ᠹᠷᠣᠨᠲ ᠤᠨ ᠠᠵᠢᠯᠲᠠᠳ ᠶᠡᠷᠦᠩᠬᠡᠢ ᠱᠦᠵᠢ ᠳᠤ ᠡᠮᠦᠨ᠎ᠡ ᠹᠷᠣᠨᠲ ᠤᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ᠃ ᠰᠢ ᠶᠢᠨ ᠫᠢᠩ ᠳᠡᠳᠡᠨ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ᠂ ᠳᠡᠳᠡᠨ ᠢ ᠠᠮᠤᠷ ᠲᠦᠪᠰᠢᠨ ᠢ ᠠᠩᠬᠠᠷᠴᠤ᠂ ᠪᠡᠶ᠎ᠡ ᠪᠠᠨ ᠰᠠᠶᠢᠳᠤᠷ ᠭᠠᠮᠨᠠᠭᠠᠷᠠᠢ ᠭᠡᠵᠦ ᠵᠠᠬᠢᠪᠠ᠃ ᠰᠢ ᠶᠢᠨ ᠫᠢᠩ᠂ ᠲᠠᠯᠠᠢ ᠲᠠᠩᠭᠢᠰ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠮᠥᠨ᠃ ᠲᠠᠯᠠᠢ ᠲᠠᠩᠭᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠤᠤᠭᠠᠯ ᠡᠭᠦᠳᠦᠯᠲᠡ ᠶᠢᠨ ᠴᠢᠨᠠᠷᠲᠠᠢ᠂ ᠬᠦᠲᠦᠯᠦᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ ᠂ ᠮᠠᠰᠢᠨ ᠲᠣᠨᠣᠭᠯᠠᠯ ᠦᠢᠯᠡᠳᠬᠦ ᠠᠵᠢᠯ ᠢ ᠥᠪᠡᠷ ᠲᠡᠭᠡᠨ ᠰᠠᠶᠢᠳᠤᠷ ᠡᠵᠡᠮᠳᠡᠵᠦ᠂ ᠥᠪᠡᠷ ᠤᠨ ᠮᠠᠰᠢᠨ ᠲᠣᠨᠣᠭᠯᠠᠯ ᠢᠶᠠᠷ ᠢᠶᠠᠨ ᠴᠢᠯᠠᠭᠤᠨ ᠲᠤᠰᠤ ᠰᠢᠲᠠᠮᠠᠬᠠᠢ ᠬᠡᠢ ᠶᠢᠨ ᠡᠬᠢ ᠪᠠᠶᠠᠯᠢᠭ ᠢ ᠴᠢᠷᠮᠠᠶᠢᠨ ᠨᠡᠭᠡᠭᠡᠨ ᠬᠥᠭᠵᠢᠭᠦᠯᠵᠦ᠂ ᠡᠨᠧᠷᠭᠢ ᠶᠢᠨ ᠥᠪᠡᠷ ᠢ ᠪᠠᠨ ᠬᠠᠩᠭᠠᠬᠤ ᠨᠤᠷᠮ᠎ᠠ ᠶᠢ ᠳᠡᠭᠡᠭᠰᠢᠯᠡᠭᠦᠯᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠰᠢᠨᠵᠢᠯᠡᠨ ᠪᠠᠶᠢᠴᠠᠭᠠᠬᠤ ᠵᠠᠮ ᠲᠠᠭᠠᠤ᠂ ᠰᠢ ᠶᠢᠨ ᠫᠢᠩ ᠲᠡᠷᠭᠡᠨ ᠠᠴᠠ ᠪᠠᠭᠤᠵᠤ ᠲᠠᠯᠠᠢ ᠳᠠᠭᠠᠤ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠦᠵᠡᠭᠰᠡᠨ ᠪᠥᠭᠡᠳ ᠲᠡᠭᠦᠨ ᠤ 12 ᠵᠢᠯ ᠤᠨ ᠡᠮᠦᠨ᠎ᠡ ᠲᠠᠷᠢᠭᠰᠠᠠ ᠨᠢᠭᠡ ᠰᠠᠭᠤᠷᠢ ᠮᠦᠩᠭᠡ ᠨᠠᠷᠠᠰᠤᠨ ᠳᠤ ᠪᠣᠷᠳᠤᠭᠤᠷ ᠣᠷᠣᠭᠤᠯᠵᠤ ᠤᠰᠤᠯᠠᠭᠰᠠᠨ ᠪᠠᠶᠢᠨ᠎ᠠ᠃ ᠰᠢ ᠶᠢᠨ ᠫᠢᠩ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠳᠤ ᠡᠬᠡ ᠬᠠᠭᠤᠷᠠᠢ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠨᠢᠭᠡᠨ ᠴᠢᠬᠤᠯᠠ ᠡᠭᠦᠷᠭᠡ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠢ ᠭᠡᠵᠦ ᠵᠠᠬᠢᠪᠠ᠃      ᠬᠠᠶᠢᠨᠠᠨ ᠮᠤᠵᠢ 2011 ᠣᠨ ᠤ 4 ᠰᠠᠷ᠎ᠠ ᠶᠢᠨ 20 ᠤ ᠡᠳᠦᠷ ᠠᠷᠠᠯ ᠠᠴᠠ ᠰᠠᠯᠬᠤ ᠭᠠᠶᠢᠯᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠤᠷᠰᠢᠨ ᠬᠡᠷᠡᠭᠵᠢᠭᠦᠯᠪᠡ᠃ 11 ᠤ ᠦᠳᠡ ᠶᠢᠨ ᠡᠮᠦᠨ᠎ᠡ᠂ ᠰᠢ ᠶᠢᠨ ᠫᠢᠩ ᠰᠠᠨᠶᠠ ᠶᠢᠨ ᠣᠯᠠᠨ ᠤᠯᠤᠰ ᠤᠨ ᠭᠠᠶᠢᠯᠢ ᠬᠡᠯᠲᠦᠷᠢᠭᠦᠯᠬᠦ ᠬᠤᠲᠠ ᠳᠤ ᠬᠦᠷᠴᠦ᠂ ᠠᠷᠠᠯ ᠠᠴᠠ ᠰᠠᠯᠬᠤ ᠭᠠᠶᠢᠯᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠬᠡᠷᠡᠭᠵᠢᠭᠦᠯᠦᠭᠰᠡᠨ ᠪᠠᠶᠢᠳᠠᠯ ᠵᠡᠷᠭᠡ ᠶᠢ ᠲᠤᠬᠠᠢ  ᠶᠢᠨ ᠭᠠᠵᠠᠷ ᠲᠤᠨᠢ ᠣᠶᠢᠯᠠᠭᠠᠪᠠ᠃ ᠰᠢ ᠶᠢᠨ ᠫᠢᠩ᠂ ᠬᠡᠷᠡᠭᠯᠡᠭᠡ ᠶᠢᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠰᠠᠭᠤᠷᠢ ᠴᠢᠨᠠᠷᠲᠠᠶ ᠦᠶᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠬᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠬᠠᠤᠯᠢᠵᠢᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠦᠨᠡᠨᠴᠢ ᠢᠲᠡᠭᠡᠮᠵᠢᠲᠡᠶ ᠡᠵᠡᠩᠨᠡᠯᠲᠡ᠂ ᠴᠢᠨᠠᠷ ᠰᠠᠶᠢᠲᠠᠶ ᠦᠶᠯᠡᠴᠢᠯᠡᠭᠡ ᠪᠠᠷ ᠬᠡᠷᠡᠭᠯᠡᠭᠴᠢᠳ ᠢ ᠲᠡᠳᠡᠨ ᠠᠪᠴᠢᠷᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠢᠯᠥᠭᠡᠲᠦ ᠠᠷᠠᠯᠵᠢᠶᠠᠨ ᠤ ᠭᠠᠷᠠᠮ ᠢ ᠪᠥᠲᠥᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      11 ᠤ ᠦᠳᠡ ᠶᠢᠨ ᠬᠤᠶᠢᠨ᠎ᠠ᠂ ᠰᠢ ᠶᠢᠨ ᠫᠢᠩ ᠬᠠᠶᠢᠨᠠᠨ ᠠᠷᠠᠯ ᠤᠨ ᠳᠤᠮᠳᠠ ᠡᠮᠦᠨ᠎ᠡ ᠬᠡᠰᠡᠭ ᠤᠨ ᠦ᠋ ᡁᠢ ᠱᠠᠨ ᠬᠤᠳᠠ ᠳᠤ ᠰᠢᠨᠵᠢᠯᠡᠨ ᠪᠠᠶᠢᠴᠠᠭᠠᠪᠠ᠃ ᠬᠠᠶᠢᠨᠠᠨ ᠤ ᠬᠠᠯᠠᠭᠤᠨ ᠪᠦᠰᠡᠨ ᠤ ᠪᠣᠷᠣᠭᠠᠨᠲᠤ ᠣᠶ ᠶᠢᠨ ᠤᠯᠤᠰ ᠤᠨ ᠴᠡᠴᠡᠷᠯᠢᠭ ᠪᠣᠯ ᠮᠠᠨ ᠤ ᠤᠯᠤᠰ ᠤᠨ ᠲᠦᠷᠦᠭᠦᠦ ᠪᠦᠯᠦᠭ ᠤᠨ 5 ᠤᠯᠤᠰ ᠤᠨ ᠴᠡᠴᠡᠷᠯᠢᠭ ᠤᠨ ᠨᠢᠭᠡ ᠪᠣᠯᠤᠨ᠎ᠠ᠃ ᠰᠢ ᠶᠢᠨ ᠫᠢᠩ ᠦ᠋ ᡁᠢ ᠱᠠᠨ ᠠᠭᠤᠯᠠ ᠶᠢᠨ ᠣᠷᠣᠨ ᠢᠶᠠᠷ ᠭᠦᠨᠵᠡᠭᠡᠶᠢᠷᠡᠵᠦ᠂ ᠮᠣᠳᠣᠨ ᠬᠥᠭᠦᠷᠭᠡᠨ ᠵᠠᠮ ᠢᠶᠠᠷ ᠠᠯᠬᠤᠯᠠᠨ ᠴᠡᠴᠡᠷᠯᠢᠭ ᠤᠨ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠪᠠᠶᠢᠨ ᠪᠠᠶᠢᠨ ᠵᠣᠭᠰᠣᠵᠤ᠂ ᠤᠢ ᠮᠣᠳᠣᠨ ᠤ ᠤᠷᠭᠤᠴᠠ᠂ ᠤᠰᠤᠨ ᠤ ᠡᠬᠢ ᠰᠤᠷᠪᠤᠯᠵᠢ ᠶᠢᠨ ᠬᠠᠳᠠᠭᠠᠯᠠᠯᠲᠠ᠂ ᠠᠮᠢᠳᠠᠨ ᠤᠷᠭᠤᠮᠠᠯ ᠤᠨ ᠡᠬᠢ ᠪᠠᠶᠠᠯᠢᠭ ᠤᠨ ᠬᠠᠮᠠᠭᠠᠯᠠᠯᠲᠠ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠲᠡᠷᠡ᠂ ᠬᠠᠶᠢᠨᠠᠨ ᠠᠮᠢ ᠠᠬᠤᠶ ᠪᠠᠷ ᠮᠤᠵᠢ ᠪᠠᠶᠢᠭᠤᠯᠬᠤ ᠶᠢ ᠭᠤᠶᠢᠪᠢᠰᠢ ᠥᠬᠡᠶ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠭᠤᠤᠯᠳᠠᠯᠭ᠎ᠠ ᠶᠢᠨ ᠭᠤᠤᠯᠳᠠᠯᠭ᠎ᠠ ᠪᠣᠯᠭᠠᠵᠤ᠂ ᠬᠠᠯᠠᠭᠤᠨ ᠪᠦᠰᠡᠨ ᠤ ᠪᠣᠷᠣᠭᠠᠨᠲᠤ ᠣᠶ ᠶᠢ ᠴᠢᠩᠭ᠎ᠠ ᠬᠠᠮᠠᠭᠠᠯᠠᠵᠤ᠂ ᠠᠮᠢ ᠠᠬᠤᠶ ᠶᠢ ᠬᠠᠮᠠᠭᠠᠯᠠᠬᠤ᠂ ᠪᠣᠬᠢᠷᠲᠤᠯ ᠥᠬᠡᠶ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠠᠷᠢᠯᠴᠠᠨ ᠨᠢᠭᠡᠳᠭᠡᠬᠦ ᠶᠢ ᠪᠡᠶᠡᠯᠡᠭᠦᠯᠵᠦ᠂ ᠳᠡᠯᠡᠬᠡᠶ ᠳ᠋ᠠᠬᠢᠨ ᠳᠤ ᠳᠤᠮᠳᠠᠳᠤ ᠤᠯᠤᠰ ᠤᠨ ᠤᠯᠤᠰ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢᠨ ᠡᠯᠪᠡᠭ ᠦᠷ᠎ᠡ ᠪᠦᠲᠦᠭᠡᠯ ᠢ ᠲᠡᠯᠭᠡᠨ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠱᠦᠢᠮᠠᠨ ᠰᠢᠶᠠᠩ ᠤᠨ ᠮᠤᠤᠨᠠ ᠲᠣᠰᠬᠤᠨ ᠪᠣᠯ ᠦ᠋ ᡁᠢ ᠱᠠᠨ ᠬᠤᠳᠠ ᠶᠢᠨ ᠯᠢ ᠦᠨᠳᠦᠰᠦᠲᠡᠨ ᠤ ᠨᠢᠭᠡᠨ ᠲᠣᠰᠬᠤᠨ ᠪᠣᠯᠤᠨ᠎ᠠ᠂ ᠤᠢᠢᠷ᠎ᠠ ᠶᠢᠨ ᠵᠢᠯ ᠠᠴᠠ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠢ ᠶᠡᠭᠡ ᠪᠠᠷ ᠬᠥᠭᠵᠢᠭᠦᠯᠪᠡ᠃ ᠶᠡᠷᠦᠩᠬᠡᠢ ᠱᠦᠵᠢ ᠰᠢ ᠶᠢᠨ ᠫᠢᠩ ᠲᠣᠰᠬᠤᠨ ᠳᠤ ᠬᠦᠷᠴᠦ ᠪᠠᠶᠢᠴᠠᠭᠠᠨ ᠰᠤᠳᠤᠯᠵᠤ᠂ ᠲᠣᠰᠬᠤᠨ ᠤ ᠵᠠᠮ ᠳᠠᠭᠠᠤ ᠲᠤᠭᠤᠷᠢᠨ ᠦᠵᠡᠪᠡ᠃ ᠯᠢ ᠦᠨᠳᠦᠰᠦᠲᠡᠨ ᠤ ᠲᠣᠰᠬᠤᠨ ᠤ ᠠᠷᠠᠳ ᠸᠠᠩ ᠪᠠᠢ ᠾᠧ ᠶᠢᠨ ᠬᠢᠨ ᠶᠡᠷᠦᠩᠬᠡᠢ ᠱᠦᠵᠢ ᠶᠢ ᠬᠠᠯᠠᠭᠤᠮᠰᠤᠭ ᠢᠶᠠᠷ ᠭᠡᠷ ᠲᠡᠭᠡᠨ ᠵᠠᠯᠠᠪᠠ᠃ ᠰᠢ ᠶᠢᠨ ᠫᠢᠩ ᠬᠦᠷᠢᠶ᠎ᠡ ᠬᠠᠰᠢᠶ᠎ᠠ ᠂ ᠵᠣᠴᠢᠨ ᠤ ᠥᠷᠥᠭᠡ᠂ ᠤᠨᠲᠠᠬᠤ ᠥᠷᠥᠭᠡ ᠵᠡᠷᠭᠡ ᠶᠢ ᠪᠠᠶᠢᠴᠠᠭᠠᠨ ᠦᠵᠡᠵᠦ᠂ ᠴᠠᠶ ᠶᠢᠨ ᠦᠢᠯᠡᠳᠭᠡᠯ ᠳᠤᠨᠢ ᠴᠠᠶ ᠬᠠᠭᠤᠷᠬᠤ ᠬᠥᠳᠡᠯᠮᠦᠷᠢ ᠳᠤ ᠣᠷᠣᠯᠴᠠᠭᠰᠠᠨ ᠪᠥᠭᠡᠳ ᠬᠤᠶᠠᠷ ᠤᠭᠤᠲᠠ ᠴᠠᠶ ᠬᠤᠳᠠᠯᠳᠤᠨ ᠠᠪᠴᠠᠶ᠃ ᠰᠢ ᠶᠢᠨ ᠫᠢᠩ ᠲᠡᠳᠡᠨ ᠢ ᠴᠠᠶ ᠪᠠᠨ ᠰᠠᠶᠢᠲᠤᠷ ᠡᠵᠡᠩᠨᠡᠵᠦ᠂ ᠠᠮᠢᠳᠤᠷᠠᠯ ᠢᠶᠠᠨ ᠨᠠᠩ ᠥᠭᠡᠳᠡ ᠡᠰᠡᠷᠡᠭ ᠪᠣᠯᠭᠠᠭᠠᠷᠠᠶ ᠭᠡᠵᠦ ᠵᠣᠷᠢᠭᠵᠢᠭᠤᠯᠪᠠ᠃      ᠲᠣᠰᠬᠤᠨ ᠤ ᠰᠡᠷᠢᠭᠦᠨ ᠲᠢᠩᠰᠡ ᠳᠤ᠂ ᠰᠢ ᠶᠢᠨ ᠫᠢᠩ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠰᠢᠶᠠᠩ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠬᠤ ᠠᠩᠬᠢ ᠶᠢᠨ ᠳᠠᠷᠤᠭ᠎ᠠ᠂ ᠲᠣᠰᠬᠤᠨ ᠤ ᠨᠠᠮ ᠤᠨ ᠡᠭᠦᠷ ᠤᠨ ᠱᠦᠵᠢ᠂ ᠠᠬᠠᠮᠠᠳ ᠨᠠᠮ ᠤᠨ ᠭᠡᠰᠢᠭᠦᠨ᠂ ᠪᠠᠶᠠᠵᠢᠯ ᠤᠨ ᠲᠠᠭᠠᠭᠤᠯᠤᠬᠴᠢ ᠶᠢᠨ ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠦᠨᠳᠦᠰᠦᠲᠡᠨ ᠤ ᠤᠯᠠᠮᠵᠢᠯᠠᠯᠲᠤ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠭᠰᠠᠨ ᠵᠡᠷᠭᠡ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠵᠠᠩᠭᠢᠯᠠᠭ᠎ᠠ ᠨᠢ ᠬᠥᠮᠦᠨ ᠳᠤ ᠲᠦᠰᠢᠭᠯᠡᠬᠦ ᠳᠤ ᠪᠠᠶᠢᠨ᠎ᠠ᠃ ᠤᠯᠤᠰ ᠲᠦᠷᠦ ᠶᠢᠨ ᠲᠠᠯ᠎ᠠ ᠪᠠᠷ ᠴᠠᠭᠤᠷᠬᠠᠢ᠂ ᠡᠷᠳᠡᠮ ᠴᠢᠳᠠᠪᠤᠷᠢ ᠨᠢ ᠭᠠᠷᠮᠠᠭᠠᠢ᠂ ᠣᠪᠣᠷ ᠰᠤᠷᠲᠠᠯ ᠨᠢ ᠪᠠᠳᠤ ᠴᠢᠩᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠡᠩᠨᠡᠭᠡ ᠶᠢ ᠪᠠᠶᠢᠭᠤᠯᠵᠤ᠂ ᠪᠠᠶᠠᠵᠢᠯ ᠤᠨ ᠲᠠᠭᠠᠭᠤᠯᠤᠬᠴᠢ᠂ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠣᠶᠤᠲᠠᠨ᠂ ᠴᠡᠷᠢᠭ ᠠᠴᠠ ᠬᠠᠯᠠᠭᠳᠠᠭᠰᠠᠳ ᠵᠡᠷᠭᠡ ᠶᠢ ᠪᠠᠭᠲᠠᠭᠠᠭᠰᠠᠨ ᠡᠯ᠎ᠡ ᠲᠦᠷᠦᠯ ᠤᠨ ᠴᠢᠳᠠᠪᠤᠷᠢᠲᠠᠨ ᠢ ᠤᠷᠢᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠭᠠᠪᠢᠶ᠎ᠠ ᠵᠢᠳᠬᠦᠯ ᠦᠵᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃      ᠰᠢ ᠶᠢᠨ ᠫᠢᠩ ᠬᠤᠩᠭᠢᠯ ᠳᠠᠭᠠᠤ ᠯᠢ ᠦᠨᠳᠦᠰᠦᠲᠡᠨ ᠤ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠯᠢ ᠦᠨᠳᠦᠰᠦᠳᠡᠨ ᠤ ᠬᠡᠮᠡᠷᠯᠢᠭ᠂ ᠣᠷᠢᠶᠠᠩᠭᠤ ᠶᠢᠨ ᠭᠦᠷᠦᠮᠡᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢ ᠦᠵᠡᠪᠡ᠃ ᠠᠭᠤᠳᠠᠮ ᠲᠠᠯᠠᠪᠠᠢ ᠳᠡᠭᠡᠷ᠎ᠡ᠂ ᠤᠶᠠᠩᠭᠠᠳᠤ ᠳᠠᠭᠤᠤ ᠬᠠᠩᠭᠢᠨᠠᠵᠤ᠂ ᠬᠡᠩᠭᠡᠷᠭᠡ ᠴᠠᠩ ᠲᠦᠴᠢᠬᠢᠨᠠᠵᠦ᠂ ᠲᠣᠰᠬᠤᠨ ᠤ ᠠᠷᠠᠳ ᠬᠤᠯᠤᠰᠤᠨ ᠪᠥᠵᠢᠭ ᠪᠥᠵᠢᠭᠯᠡᠵᠦ ᠠᠯᠤᠰ ᠤᠨ ᠵᠣᠴᠢᠨ ᠢᠶᠠᠨ ᠤᠭᠲᠤᠪᠠ᠃ ᠰᠢ ᠶᠢᠨ ᠫᠢᠩ᠂ ᠯᠢ ᠦᠨᠳᠦᠰᠦᠲᠡᠨ ᠤ ᠠᠬ᠎ᠠ ᠳᠡᠭᠦᠦ ᠨᠡᠷ ᠢ ᠡᠷᠬᠢᠨ ᠦᠵᠡᠭᠡᠳ ᠮᠠᠰᠢ ᠪᠠᠶᠠᠷᠯᠠᠵᠤ ᠪᠠᠶᠢᠨ᠎ᠠ᠂ ᠲᠠ ᠨᠠᠷ ᠤᠨ ᠵᠣᠯ ᠵᠢᠷᠭᠠᠯ ᠲᠠᠢ ᠠᠮᠢᠳᠤᠷᠠᠯ ᠢ ᠬᠠᠷᠠᠭᠠᠳ ᠪᠢ ᠪᠠᠶᠠᠰᠤᠯ᠎ᠠ᠃ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠤ ᠲᠠᠷᠠᠭ᠎ᠠ ᠪᠠᠰᠠ ᠦᠷᠭᠦᠯᠵᠢᠯᠡᠨ ᠪᠦᠬᠦ ᠠᠷᠠᠳ ᠲᠦᠮᠡᠨ ᠤ ᠬᠠᠮᠲᠤ ᠶᠢᠨ ᠪᠠᠶᠠᠵᠢᠯ ᠵᠦᠭ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠳᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠠᠮᠢ ᠠᠬᠤᠶᠢᠵᠢᠭᠤᠯᠬᠤ ᠪᠠ ᠠᠮᠢ ᠠᠬᠤᠢ ᠶᠢ ᠠᠵᠤ ᠦᠢᠯᠡᠰᠵᠢᠭᠦᠯᠬᠦ ᠳᠡᠭᠡᠷ᠎ᠡ ᠬᠦᠴᠦ ᠲᠠᠯᠪᠢᠵᠤ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ᠂ ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠲᠠᠷᠢᠶᠠᠯᠠᠩ ᠵᠡᠷᠭᠡ ᠠᠵᠤ ᠦᠢᠯᠡᠰ ᠢ ᠦᠷᠭᠦᠯᠵᠢᠯᠡᠨ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠤᠨ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠨᠠᠮ ᠤᠨ ᠦᠨᠳᠦᠰᠦᠨ ᠵᠣᠷᠢᠯᠲᠠ ᠶᠢ ᠪᠠᠲᠤ ᠴᠡᠭᠡᠵᠢᠯᠡᠵᠦ᠂ ᠤᠯᠠᠨ ᠲᠦᠮᠡᠨ ᠤ ᠪᠤᠳᠤᠵᠦ ᠪᠠᠶᠢᠭ᠎ᠠ ᠵᠦᠢᠯ ᠢ ᠪᠤᠳᠤᠵᠦ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠶᠠᠪᠤᠳᠠᠯ ᠳᠤ ᠰᠠᠨᠠᠭᠠᠰᠢᠷᠠᠵᠤ᠂ ᠪᠦᠬᠦ ᠬᠦᠴᠦᠨ ᠴᠢᠳᠠᠯ ᠢᠶᠠᠨ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠳᠡᠭᠡᠷ᠎ᠡ ᠬᠡᠷᠡᠭᠯᠡᠬᠦ ᠬᠡᠷᠡᠭᠲᠡᠢ ᠭᠡᠵᠤ ᠤᠯᠠᠨ ᠲᠦᠮᠡᠨ ᠳᠤ ᠳᠤᠳᠤᠨᠤᠰᠤᠭ ᠢᠶᠠᠷ ᠬᠡᠯᠡᠪᠡ᠃      12 ᠤᠨ ᠦᠳᠡ ᠶᠢᠨ ᠡᠮᠦᠨ᠎ᠡ᠂ ᠰᠢ ᠶᠢᠨ ᠫᠢᠩ ᠬᠠᠶᠢᠨᠠᠨ ᠠᠷᠠᠯ ᠤᠨ ᠪᠠᠷᠠᠭᠤᠨ ᠬᠤᠶᠢᠲᠤ ᠬᠡᠰᠡᠭ ᠲᠤ ᠪᠠᠶᠢᠭ᠎ᠠ ᠳ᠋ᠠᠨᠵᠧᠦ ᠬᠤᠳᠠ ᠳᠤ ᠰᠢᠨᠵᠢᠯᠡᠨ ᠪᠠᠶᠢᠴᠠᠭᠠᠪᠠ᠃ ᠦᠵᠡᠭᠦᠯᠭᠡ ᠶᠢᠨ ᠣᠷᠳᠣᠨ ᠳᠤ᠂ ᠰᠢ ᠶᠢᠨ ᠫᠢᠩ ᠶᠠᠩᠫᠦ᠋ ᠠᠵᠤ ᠠᠬᠤᠢ ᠶᠢᠨ ᠨᠡᠭᠡᠭᠡᠯᠳᠡ ᠶᠢᠨ ᠣᠷᠣᠨ ᠤ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠶᠡᠷᠦᠩᠬᠡᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠨᠡᠭᠡᠭᠡᠯᠳᠡ ᠶᠢᠨ ᠣᠷᠣᠨ ᠤ ᠬᠥᠭᠵᠢᠯᠲᠡ ᠶᠢᠨ ᠶᠠᠪᠤᠴᠠ᠂ ᠪᠦᠳᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ᠂ ᠢᠷᠡᠭᠡᠳᠦᠢ ᠶᠢᠨ ᠲᠥᠯᠥᠪᠵᠢᠭᠦᠯᠭᠡ ᠵᠢᠴᠢ ᠣᠷᠣᠵᠤ ᠰᠠᠭᠤᠭᠰᠠᠨ ᠠᠵᠤ ᠠᠬᠤᠶᠢᠯᠠᠯ ᠤᠨ ᠦᠷ᠎ᠡ ᠪᠦᠲᠦᠭᠡᠯ ᠵᠡᠷᠭᠡ ᠦᠵᠡᠭᠦᠯᠭᠡ ᠶᠢ ᠨᠠᠷᠢᠨ ᠬᠢᠨᠠᠮᠠᠭᠠᠢ ᠦᠵᠡᠪᠡ᠃ ᠰᠢ ᠶᠢᠨ ᠫᠢᠩ᠂ ᠶᠠᠩᠫᠦ᠋ ᠠᠵᠤ ᠠᠬᠤᠢ ᠶᠢᠨ ᠨᠡᠬᠡᠬᠡᠯᠳᠡ ᠶᠢᠨ ᠣᠷᠣᠨ ᠨᠢ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠤᠷᠢᠳ ᠢᠶᠠᠷ ᠬᠡᠷᠡᠭᠵᠢᠭᠦᠯᠬᠦ ᠣᠷᠣᠨ᠂ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ᠂ ᠬᠠᠶᠢᠨᠠᠨ ᠤ ᠠᠵᠤ ᠠᠬᠤᠢ ᠶᠢᠨ ᠣᠨᠴᠠᠭᠠᠢ ᠣᠷᠣᠨ ᠪᠠᠶᠢᠭᠤᠯᠤᠭᠰᠠᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ︽ᠳᠤᠮᠳᠠᠳᠤ ᠤᠯᠤᠰ ᠤᠨ ᠶᠠᠩᠫᠦ᠋ ᠭᠠᠷᠠᠮ︾ ᠤᠨ ᠣᠩᠭᠤᠴᠠ ᠳᠠᠩᠰᠠᠯᠠᠬᠤ ᠭᠠᠷᠠᠮ ᠤᠨ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠢ ᠰᠠᠶᠢᠲᠤᠷ ᠠᠰᠢᠭᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᠳᠠᠷᠠᠭ᠎ᠠ ᠨᠢ᠂ ᠰᠢ ᠶᠢᠨ ᠫᠢᠩ ᠶᠠᠩᠫᠦ᠋ ᠤᠯᠠᠨ ᠤᠯᠤᠰ ᠤᠨ ᠴᠢᠩᠭᠡᠯᠢᠭ ᠤᠨ ᠤᠯᠤᠮ ᠤᠨ ᠰᠢᠶᠤᠤ ᠴᠠᠨ ᠲᠠᠨ ᠭᠠᠷᠠᠮ ᠤᠨ ᠲᠣᠭᠤᠷᠢᠭ ᠲᠤ ᠬᠦᠷᠴᠦ᠂ ᠭᠠᠷᠠᠮ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠲᠤᠬᠠᠢ ᠶᠢᠨ ᠲᠠᠯᠠᠪᠠᠢ ᠳᠠᠬᠢ ᠠᠵᠢᠯᠳᠠᠨ᠂ ᠲᠦᠷ ᠴᠠᠭ ᠲᠤᠰᠢᠶᠠᠯ ᠡᠭᠦᠷᠭᠡᠯᠡᠵᠤ ᠪᠠᠶᠢᠭ᠎ᠠ ᠺᠠᠳ᠋ᠷ ᠤᠨ ᠲᠥᠯᠥᠭᠡᠯᠡᠭᠴᠢ ᠨᠡᠷ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠭᠠᠷᠠᠮ ᠢ ᠬᠥᠭᠵᠢᠭᠦᠯᠦᠨ ᠮᠠᠨᠳᠤᠭᠤᠯᠵᠤ᠂ ᠲᠡᠭᠡᠭᠡᠪᠦᠷᠢ ᠶᠢᠨ ᠦᠢᠯᠡᠰ ᠢ ᠬᠥᠭᠵᠢᠭᠦᠯᠬᠦ ᠳᠤ ᠪᠠᠶᠢᠷᠢ ᠲᠣᠭᠲᠠᠭᠠᠯᠲᠠ ᠶᠢ ᠰᠠᠶᠢᠲᠤᠷ ᠡᠵᠡᠮᠳᠡᠵᠦ᠂ ᠵᠣᠬᠢᠴᠠᠬᠤ ᠴᠢᠨᠠᠷ ᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠬᠦᠯᠬᠦ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠭᠠᠷᠠᠮ ᠤᠨ ᠬᠥᠭᠵᠢᠯᠲᠡ ᠪᠣᠯᠤᠨ ᠶᠠᠩᠫᠦ᠋ ᠠᠵᠤ ᠠᠬᠤᠢ ᠶᠢᠨ ᠨᠡᠭᠡᠭᠡᠯᠳᠠ ᠶᠢᠨ ᠣᠷᠣᠨ᠂ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠦᠰᠢᠭᠯᠡᠯᠴᠡᠵᠤ᠂ ᠬᠠᠷᠢᠯᠴᠠᠨ ᠠᠬᠢᠭᠤᠯᠵᠤ ᠬᠠᠮᠲᠤ ᠪᠠᠷ ᠳᠠᠪᠰᠢᠬᠤ ᠶᠢ ᠴᠢᠩᠭᠠᠳᠬᠠᠵᠤ᠂ ᠪᠠᠷᠠᠭᠤᠨ ᠣᠷᠣᠨ ᠤ ᠡᠬᠡ ᠬᠠᠭᠤᠷᠠᠢ ᠪᠠ ᠲᠠᠯᠠᠢ ᠶᠢᠨ ᠰᠢᠨ᠎ᠡ ᠵᠠᠮ ᠢ ᠪᠦᠳᠦᠭᠡᠨ ᠪᠠᠶᠢᠭᠤᠯᠬᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠨᠡᠩ ᠰᠠᠶᠢᠨ ᠦᠢᠯᠡᠴᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃ ᠲᠡᠷᠡ᠂ ᠨᠠᠮ ᠤᠨ ᠲᠥᠪ ᠬᠤᠷᠢᠶ᠎ᠠ ᠠᠴᠠ ᠺᠠᠳ᠋ᠷ ᠢ ᠲᠣᠮᠢᠯᠠᠨ ᠢᠷᠡᠭᠦᠯᠵᠤ ᠴᠢᠯᠥᠭᠡᠲᠦ ᠠᠷᠠᠯᠵᠢᠶᠠᠨ ᠤ ᠭᠠᠷᠠᠮ ᠳᠤ ᠲᠦᠷ ᠴᠠᠭ ᠲᠤᠰᠢᠶᠠᠯ ᠡᠭᠦᠷᠭᠡᠯᠡᠭᠦᠯᠵᠤ ᠪᠠᠶᠢᠬᠤ ᠨᠢ ᠨᠠᠮ ᠤᠨ ᠲᠥᠪ ᠬᠤᠷᠢᠶ᠎ᠠ ᠠᠴᠠ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠲᠡᠮᠵᠢᠵᠤ ᠪᠠᠶᠢᠬᠤ ᠶᠢ ᠢᠯᠡᠷᠡᠭᠦᠯᠦᠭᠰᠡᠨ ᠪᠦᠭᠡᠳ ᠪᠠᠰᠠ ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠵᠤ ᠪᠠᠶᠢᠭ᠎ᠠ ᠶᠠᠪᠤᠳᠠᠯ ᠪᠣᠯᠤᠨ᠎ᠠ᠂ ᠲᠦᠷ ᠴᠠᠭ ᠲᠤᠰᠢᠶᠠᠯ ᠡᠭᠦᠷᠭᠡᠯᠡᠵᠤ ᠪᠠᠶᠢᠭ᠎ᠠ ᠺᠠᠳ᠋ᠷ ᠤᠨ ᠢᠳᠡᠪᠬᠢ ᠦᠢᠯᠡᠳᠦᠯ ᠢ ᠪᠠᠳᠠᠷᠠᠭᠤᠯᠵᠤ᠂ ᠲᠡᠳᠡᠨ ᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠠᠪᠢᠶᠠᠰ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃      13 ᠤ ᠦᠳᠡ ᠶᠢᠨ ᠡᠮᠦᠨ᠎ᠡ᠂ ᠰᠢ ᠶᠢᠨ ᠫᠢᠩ ᠬᠠᠶᠢᠨᠠᠨ ᠤ ᠥᠭᠡᠷᠡᠴᠢᠯᠡᠯᠲᠡ ᠨᠡᠭᠡᠭᠡᠯᠳᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠳᠤᠮᠳᠠᠳᠤ ᠤᠯᠤᠰ ᠤᠨ ᠣᠨᠴᠠᠯᠢᠭ ᠲᠠᠢ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠭᠰᠡᠨ ᠤ ᠲᠠᠷᠠᠭ᠎ᠠ᠂ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠶᠢᠨᠠᠨ ᠤ ᠡᠯ᠎ᠡ ᠵᠦᠢᠯ ᠤᠨ ᠠᠵᠢᠯ ᠳᠤ ᠣᠯᠤᠭᠰᠠᠨ ᠠᠮᠵᠢᠯᠲᠠ ᠪᠦᠲᠦᠮᠵᠢ ᠶᠢ ᠨᠤᠲᠠᠯᠠᠵᠤ᠂ ᠬᠠᠶᠢᠨᠠᠨ ᠤ ︽ᠠᠮᠵᠢᠯᠲᠠ ᠠᠨᠤ ᠭᠠᠭᠴᠠ ᠮᠢᠨᠦ ᠭᠠᠪᠢᠶ᠎ᠠ ᠪᠤᠰᠤ︾ ᠭᠡᠬᠦ ᠵᠣᠷᠢᠭ ᠰᠠᠨᠠᠭᠠᠨ ᠤ ᠪᠠᠶᠢᠳᠠᠯ ᠪᠣᠯᠤᠨ ︽ᠠᠮᠵᠢᠯᠲᠠ ᠤᠯᠬᠤ ᠳᠤ ᠯᠠᠪᠲᠠᠢ ᠪᠢ ᠵᠢᠳᠭᠦᠨ᠎ᠠ︾ ᠭᠡᠬᠦ ᠲᠡᠦᠬᠡᠲᠦ ᠡᠭᠦᠷᠭᠡᠯᠡᠯ ᠢᠶᠠᠷ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠢ ᠳᠤᠮᠳᠠᠳᠤ ᠤᠯᠤᠰ ᠤᠨ ᠬᠡᠪ ᠨᠠᠮᠪᠠ ᠶᠢ ᠢᠯᠡᠷᠡᠭᠦᠯᠬᠦ ᠢᠷᠠᠭᠤ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠶᠢ ᠬᠦᠰᠡᠪᠡ᠃      ᠰᠢ ᠶᠢᠨ ᠫᠢᠩ᠂ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠤᠷᠳᠤ ᠬᠤᠭᠤᠴᠠᠭ᠎ᠠ ᠪᠠᠷ ᠲᠡᠮᠡᠴᠡᠬᠦ ᠦᠵᠡᠯ ᠰᠠᠨᠠᠭᠠᠨ ᠤ ᠪᠡᠯᠡᠳᠭᠡᠯ ᠪᠣᠯᠤᠨ ᠠᠵᠢᠯ ᠤᠨ ᠪᠡᠯᠡᠳᠭᠡᠯ ᠢ ᠰᠠᠶᠢᠲᠤᠷ ᠬᠢᠬᠦ ᠬᠡᠷᠡᠭᠲᠡᠢ᠃ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠦᠯ ᠪᠣᠯᠤᠨ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠬᠠᠤᠯᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠲᠦᠷᠢᠮ ᠤᠨ ᠰᠢᠨ᠎ᠡ ᠡᠭᠦᠳᠦᠯᠲᠡ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ︽ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠰᠠᠯᠠᠭ᠎ᠠ ᠮᠥᠴᠢᠷ ᠠᠴᠠ ᠳᠡᠮᠵᠢᠬᠦ᠂ ᠮᠤᠵᠢ ᠠᠴᠠ ᠨᠠᠶᠢᠳᠠᠪᠤᠷᠢᠵᠢᠭᠤᠯᠬᠤ︾ ᠠᠵᠢᠯ ᠤᠨ ᠲᠣᠭᠲᠡᠴᠡ ᠶᠢ ᠴᠢᠩᠭᠠᠳᠬᠠᠵᠤ᠂ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠲᠣᠭᠲᠠᠭᠰᠠᠨ ᠬᠤᠭᠤᠴᠠᠭᠠᠨ ᠳᠤ ᠤᠷᠤᠭᠰᠢᠲᠠᠢ ᠠᠵᠢᠯᠯᠠᠬᠤ ᠶᠢ ᠪᠠᠲᠤᠯᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠤᠬᠠᠮᠰᠠᠷ ᠠᠴᠠ ᠪᠠᠨ ᠨᠠᠮ ᠪᠣᠯᠤᠨ ᠤᠯᠤᠰ ᠤᠨ ᠶᠡᠭᠡ ᠲᠠᠯ᠎ᠠ ᠳᠤ ᠵᠣᠭᠰᠣᠨ ᠠᠰᠠᠭᠤᠳᠠᠯ ᠢ ᠪᠣᠳᠣᠯᠬᠢᠯᠠᠵᠤ᠂ ᠤᠴᠢᠷ ᠶᠠᠪᠤᠳᠠᠯ ᠢ ᠬᠢᠵᠤ᠂ ᠢᠮᠠᠭᠲᠠ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠨᠡ ᠬᠦ ᠰᠢᠨᠵᠢ ᠴᠢᠨᠠᠷ ᠢ ᠪᠠᠲᠤ ᠡᠵᠡᠮᠳᠡᠬᠦ ᠬᠡᠷᠡᠭᠲᠡᠢ᠃ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠢᠯᠭᠠᠨ ᠲᠠᠨᠢᠬᠤ ᠪᠠ ᠰᠡᠷᠭᠡᠶᠢᠯᠡᠬᠦ ᠶᠢ ᠴᠢᠩᠭᠠᠳᠬᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠢ ᠨᠢᠭᠡᠳᠦᠯᠲᠡᠢ ᠲᠥᠯᠥᠪᠵᠢᠭᠦᠯᠵᠦ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ᠂ ᠪᠠᠶᠢᠭᠤᠯᠬᠤ ᠦᠭᠡᠢ ᠪᠣᠯ ᠡᠪᠳᠡᠬᠦ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠠᠶᠢᠨᠠᠨ ᠤ ᠨᠡᠩ ᠰᠠᠶᠢᠨ ᠬᠥᠭᠵᠢᠯᠲᠡ ᠶᠢ ᠠᠬᠢᠭᠤᠯᠬᠤ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠦᠨᠳᠦᠰᠦᠨ ᠭᠠᠷᠬᠤ ᠵᠠᠮ ᠮᠥᠨ᠃ ᠵᠢᠭᠤᠯᠴᠢᠯᠠᠯ ᠤᠨ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠬᠠᠯᠠᠭᠤᠨ ᠪᠦᠰᠡ ᠶᠢᠨ ᠣᠨᠴᠠᠯᠢᠭᠳᠤ ᠥᠨᠳᠥᠷ ᠦᠷ᠎ᠡ ᠠᠰᠢᠭᠲᠤ ᠲᠠᠷᠢᠶᠠᠯᠠᠩ ᠢ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠲᠦᠷᠭᠡᠳᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠨᠳᠤᠤᠰᠢᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠬᠡ ᠬᠠᠭᠤᠷᠠᠢ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ᠂ ᠠᠭᠤᠯᠠ ᠳᠠᠯᠠᠢ ᠬᠤᠯᠪᠣᠭᠠᠯᠠᠨ ᠬᠥᠳᠡᠯᠦᠯᠴᠡᠬᠦ᠂ ᠡᠬᠢ ᠪᠠᠶᠠᠯᠢᠭ ᠢ ᠠᠭᠤᠰᠤᠯᠴᠠᠭᠤᠯᠤᠨ ᠨᠡᠪᠲᠡᠷᠡᠭᠦᠯᠬᠦ ᠶᠢ ᠳᠤᠪᠤᠶᠢᠯᠭᠠᠵᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠬᠡᠮ ᠰᠣᠭᠤᠭ ᠢ ᠬᠦᠴᠦᠯᠡᠨ ᠠᠷᠢᠯᠭᠠᠵᠤ᠂ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠰᠢ ᠶᠢᠨ ᠫᠢᠩ᠂ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠥᠳᠡᠭᠡ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠴᠢᠨᠠᠷᠳᠠᠢ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠪᠠᠳᠦ ᠰᠠᠬᠢᠬᠤ ᠬᠡᠷᠡᠭᠲᠡᠢ᠃ ᠬᠤᠲᠠ ᠬᠥᠳᠡᠭᠡ ᠵᠢᠴᠢ ᠠᠲᠠᠷ ᠬᠠᠭᠠᠯᠪᠤᠷᠢᠯᠠᠯᠲᠠ ᠶᠢᠨ ᠣᠷᠣᠨ ᠤ ᠨᠢᠭᠡ ᠴᠣᠭᠴᠠᠵᠢᠭᠰᠠᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠤᠯᠤᠰ ᠤᠨ ᠡᠮᠦᠨᠡᠲᠦ ᠣᠷᠣᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠣᠶᠢᠵᠢᠭᠤᠯᠬᠤ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠪᠠᠶᠢᠭᠠᠯᠢ ᠶᠢᠨ ᠭᠤᠮ ᠤᠨ ᠠᠵᠤ ᠦᠶᠯᠡᠰ ᠢ ᠲᠡᠳᠬᠦᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠲᠠᠯᠠᠢ ᠶᠢ ᠬᠦᠷᠢᠶᠡᠯᠡᠨ ᠪᠥᠭᠯᠡᠬᠦ ᠶᠢ ᠬᠠᠮᠢᠶᠠᠷᠤᠨ ᠡᠵᠡᠮᠳᠡᠬᠦ ᠪᠠ ᠡᠷᠭᠢ ᠳᠠᠭᠠᠤ ᠶᠢᠨ ᠨᠡᠭᠡᠭᠡᠨ ᠬᠥᠭᠵᠢᠭᠦᠯᠦᠯᠲᠡ ᠶᠢ ᠬᠠᠮᠢᠶᠠᠷᠤᠨ ᠡᠵᠡᠮᠳᠡᠬᠦ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠯᠠᠭᠤᠨ ᠪᠦᠰᠡᠨ ᠤ ᠪᠣᠷᠣᠭᠠᠨᠲᠤ ᠣᠶ ᠶᠢᠨ ᠤᠯᠤᠰ ᠤᠨ ᠴᠡᠴᠡᠷᠯᠢᠭ ᠪᠣᠯ ᠤᠯᠤᠰ ᠤᠨ ᠡᠷᠳᠡᠨᠢ ᠮᠥᠨ᠂ ᠤᠰᠤᠨ ᠴᠥᠭᠦᠷᠥᠮ᠂ ᠠᠮᠤ ᠪᠤᠳᠠᠭᠠᠨ ᠤ ᠬᠥᠮᠥᠷᠭᠡ᠂ ᠵᠣᠭᠤᠰᠣᠨ ᠬᠥᠮᠥᠷᠭᠡ ᠮᠥᠨ᠂ ᠨᠠᠩ ᠴᠤ ᠨᠡᠭᠦᠷᠡᠰᠦᠲᠥ᠋ᠷᠥᠭᠴᠢ ᠶᠢᠨ ᠬᠥᠮᠥᠷᠭᠡ ᠮᠥᠨ᠂ ᠲᠡᠭᠦᠨ ᠤ ᠤᠯᠤᠰ ᠲᠤ ᠦᠵᠡᠭᠦᠯᠬᠦ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠭᠦᠶᠴᠡᠳ ᠲᠠᠨᠢᠵᠤ᠂ ᠡᠯᠪᠡᠭ ᠪᠠᠶᠠᠯᠢᠭ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠳᠠ ᠶᠢ ᠥᠷᠭᠡᠳᠭᠡᠬᠦ ᠲᠤᠳᠤᠮ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠴᠢᠩᠭᠠᠳᠬᠠᠬᠤ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠥᠬᠦᠷᠡᠰᠢ ᠥᠬᠡᠶ ᠰᠠᠶᠢᠲᠤᠷ ᠠᠳᠬᠤᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠤᠨ ᠪᠠᠳᠠᠷᠠᠭᠤᠯᠵᠤ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠷᠠᠳ ᠲᠦᠮᠡᠨ ᠤ ᠪᠣᠯᠪᠠᠰᠤᠨ ᠬᠡᠪ ᠪᠣᠯᠪᠠᠰᠤᠷᠠᠯ ᠪᠣᠯᠤᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠦᠨᠡᠨᠴᠢ ᠢᠲᠡᠭᠡᠮᠵᠢᠲᠡᠢ ᠪᠠᠶᠢᠬᠤ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠦᠨᠡᠨᠴᠢ ᠢᠲᠡᠭᠡᠮᠵᠢᠲᠡᠢ ᠪᠠᠶᠢᠬᠤ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠡᠩ ᠤᠯᠠᠨ ᠬᠠᠶᠢᠷ᠎ᠠ ᠰᠡᠳᠭᠢᠯᠭᠡ ᠲᠠᠢ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠨᠡᠩ ᠤᠯᠠᠨ ᠠᠷᠠᠳ ᠤᠨ ᠰᠡᠳᠭᠢᠯ ᠢ ᠳᠤᠯᠠᠭᠠᠴᠠᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠶᠢᠭ᠎ᠠ ᠠᠰᠠᠭᠤᠳᠠᠯ ᠢ ᠰᠡᠳᠭᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠳᠠᠷᠤᠭᠠᠰᠤ ᠶᠢ ᠬᠥᠩᠭᠡᠷᠡᠭᠦᠯᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠭᠡᠬᠦ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠪᠠ ᠬᠤᠳᠠ ᠬᠥᠳᠡᠭᠡ ᠶᠢᠨ ᠨᠢᠭᠡ ᠴᠤᠭᠴᠠᠵᠢᠯᠳᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠠᠶᠤᠯᠭᠦᠢ ᠦᠶᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠲᠡᠯᠡᠶ ᠲᠠᠩᠬᠢᠰ ᠲᠤ ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠴᠢᠩᠭ᠎ᠠ ᠭᠤᠣᠯ ᠬᠦᠭ ᠠᠶᠠᠰ ᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠦᠯᠲᠡᠢ ᠵᠢᠯᠤᠭᠤᠳᠤᠭᠤᠯᠤᠨ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠶᠢᠨᠠᠨ ᠤ ᠴᠢᠶᠦ᠋ᠩ ᠶᠠ ᠶᠢᠨ ᠴᠤᠪᠤᠭ᠎ᠠ ᠠᠩᠬᠢ ᠶᠢᠨ ᠳᠤᠷᠠᠰᠬᠠᠯ ᠤᠨ ᠲᠠᠯᠠᠪᠤᠷ᠂ ᠬᠤᠪᠢᠰᠬᠠᠯᠲᠤ ᠡᠮᠡᠭᠲᠡᠢ ᠴᠡᠷᠢᠭ ᠤᠨ ᠳᠤᠷᠠᠰᠬᠠᠯ ᠤᠨ ᠬᠦᠷᠢᠶᠡᠯᠡᠩ ᠵᠡᠷᠭᠡ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠤᠳᠤᠮᠰᠢᠯ ᠢ ᠦᠷᠭᠦᠯᠵᠢᠯᠡᠭᠦᠯᠬᠦ ᠬᠡᠷᠡᠭᠲᠡᠢ᠃ ᠺᠠᠳ᠋ᠷ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ︽ᠴᠢᠳᠠᠪᠤᠷᠢ ᠶᠢᠨ ᠮᠡᠭᠦᠰᠳᠡᠯ︾᠂ ᠴᠢᠳᠠᠪᠤᠷᠢ ᠬᠦᠷᠦᠯᠴᠡᠬᠦ ᠦᠭᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠬᠦᠴᠦᠯᠡᠨ ᠲᠡᠪᠴᠢᠬᠦ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠮᠵᠢᠲᠡᠢ ᠪᠦᠷᠬᠦᠴᠡ ᠶᠢ ᠦᠷᠭᠦᠯᠵᠢᠯᠡᠨ ᠥᠷᠭᠡᠳᠭᠡᠵᠦ᠂ ᠡᠯ᠎ᠡ ᠬᠦᠷᠢᠶᠡᠨ ᠳᠠᠬᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ᠃ ᠢᠯᠵᠠᠷᠡᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠱᠠᠳᠤᠴᠢ ᠴᠢᠨᠠᠷᠲᠠᠢ ᠣᠨᠴᠠᠯᠢᠭ ᠢ ᠣᠨᠣᠪᠴᠢᠲᠠᠢ ᠡᠵᠡᠮᠳᠡᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠭᠠᠵᠠᠷ ᠰᠢᠷᠣᠢ ᠶᠢ ᠲᠦᠷᠢᠶᠡᠰᠦᠯᠡᠬᠦ ᠶᠢ ᠵᠥᠪᠰᠢᠶᠡᠷᠡᠬᠦ᠂ ᠭᠡᠷ ᠭᠠᠵᠠᠷ ᠤᠨ ᠬᠦᠷᠦᠩᠭᠡ ᠶᠢ ᠨᠡᠭᠡᠭᠡᠨ ᠠᠰᠢᠭᠯᠠᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠲᠦᠷᠢᠮ ᠢ ᠪᠦᠷᠢᠨᠰᠢᠬᠦᠯᠵᠤ᠂ ᠠᠯᠳᠠᠰᠢ ᠭᠠᠷᠬᠤ ᠶᠢ ᠬᠤᠷᠢᠭᠯᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠣᠳᠣᠬᠠᠨ ᠳᠤ ᠪᠦᠬᠦ ᠪᠥᠮᠪᠥᠷᠴᠡᠭ ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠲᠤᠶᠢᠯ ᠤᠨ ᠬᠦᠨᠳᠦ ᠨᠣᠴᠢᠲᠠᠢ ᠪᠠᠶᠢᠨ᠎ᠠ᠂ ᠢᠯᠠᠩᠭᠤᠶ᠎ᠠ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠵᠤ ᠪᠣᠯᠬᠤ ᠦᠭᠡᠢ᠃ ᠪᠠᠷᠢᠮᠲᠠᠯᠠᠯ ᠪᠣᠯ ᠳᠠᠷᠤᠢ ᠢᠯᠠᠯᠲᠠ ᠮᠦᠨ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠲᠡᠯᠭᠡᠷᠡᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠣᠨᠣᠴᠠᠲᠠᠢ ᠪᠠᠶᠢᠬᠤ᠂ ᠡᠪᠡᠳᠴᠢᠨ ᠤ ᠵᠢᠱᠶᠶ᠎ᠡ ᠶᠢ ᠳᠠᠷᠤᠢ ᠲᠦᠷᠭᠡᠨ ᠦᠭᠡᠢ ᠪᠤᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠠᠳᠬᠤᠬᠤ ᠬᠡᠷᠡᠭᠲᠡᠢ᠃ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠭᠢᠯᠭᠡ᠂ ᠭᠤᠷᠢᠳᠠᠬᠤ ᠪᠤᠳᠤᠯ᠂ ᠰᠤᠯᠠᠷᠠᠬᠤ ᠰᠡᠳᠭᠢᠯᠭᠡ ᠶᠢ ᠢᠯᠠᠨ ᠳᠠᠪᠠᠵᠤ᠂ ᠸᠢᠷᠦ᠋ᠰ ᠤᠨ ᠣᠨᠳᠣᠣᠰᠢᠯ ᠤᠨ ᠰᠢᠨ᠎ᠡ ᠣᠨᠴᠠᠯᠢᠭ ᠲᠤ ᠴᠢᠭᠯᠡᠭᠦᠯᠦᠨ᠂ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ ᠲᠡᠭᠦᠯᠳᠡᠷᠵᠢᠭᠦᠯᠦᠨ᠂ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2