ᠪᠦᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠠᠶᠢᠰᠢᠶᠠᠨ ᠬᠥᠬᠢᠭᠦᠯᠬᠦ ᠪᠠ ᠲᠤᠰᠢᠶᠠᠨ  ᠰᠢᠢᠳᠪᠦᠷᠢᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/15
   4 ᠰᠠᠷ᠎ᠠ ᠶᠢᠨ 14 ᠤ ᠡᠳᠦᠷ᠂ ᠪᠦᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠠᠶᠢᠰᠢᠶᠠᠨ ᠬᠥᠬᠢᠭᠦᠯᠬᠦ ᠪᠠ ᠲᠤᠰᠢᠶᠠᠨ  ᠰᠢᠢᠳᠪᠦᠷᠢᠯᠡᠬᠦ ᠬᠤᠷᠠᠯ ᠢ ᠬᠤᠷᠠᠯᠳᠤᠭᠤᠯᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠦᠨ ᠫᠧᠩ ᠭᠠᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠢᠦᠶ ᠯᠢᠶᠠᠩ ᠬᠤᠷᠠᠯ ᠳᠤ ᠣᠷᠣᠯᠴᠠᠪᠠ᠃    ᠬᠤᠷᠠᠯ ᠠᠴᠠ ᠬᠤᠳᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ ᠤᠨ ᠳᠤᠷᠠᠳᠤᠭᠰᠠᠨ 20 ᠰᠢᠯᠢᠳᠡᠭ ᠰᠠᠨᠠᠭᠤᠯᠭ᠎ᠠ ᠪᠠ 15 ᠲᠡᠷᠢᠭᠦᠨ ᠤ ᠳᠠᠭᠠᠭᠠᠨ ᠠᠪᠤᠭᠰᠠᠨ ᠰᠢᠢᠳᠪᠦᠷᠢᠯᠡᠬᠦ ᠨᠢᠭᠡᠴᠢ ᠶᠢ ᠬᠥᠬᠢᠭᠦᠯᠦᠨ ᠰᠠᠶᠢᠰᠢᠶᠠᠭᠰᠠᠨ ᠪᠥᠭᠡᠳ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢ ᠲᠤᠰᠢᠶᠠᠨ ᠥᠭᠴᠦ  ᠰᠢᠢᠳᠪᠦᠷᠢᠯᠡᠭᠦᠯᠪᠡ᠃    ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠶᠢᠨ ᠬᠢᠨ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠪᠡᠶᠡᠯᠡᠭᠦᠯᠵᠦ᠂ ᠠᠷᠠᠳ ᠤᠯᠠᠨ ᠤ ᠬᠦᠰᠡᠯ ᠱᠠᠭᠠᠷᠳᠠᠯᠭ᠎ᠠ ᠪᠠ ᠬᠦᠰᠡᠯ ᠡᠷᠡᠮᠡᠯᠵᠡᠯ ᠢ ᠨᠠᠶᠢᠳᠠᠪᠤᠷᠢᠵᠢᠭᠤᠯᠬᠤ᠂ ᠬᠠᠷᠢᠭᠤ ᠲᠤᠰᠬᠠᠯ ᠲᠠᠢ ᠪᠣᠯᠭᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠤᠯᠤᠯᠴᠠᠭ᠎ᠠ ᠬᠠᠷᠢᠯᠴᠠᠭ᠎ᠠ ᠪᠠᠨ ᠨᠢᠭᠲᠠᠷᠠᠭᠤᠯᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠮᠥᠷᠳᠡᠨ ᠰᠢᠮᠳᠠᠭᠤᠯᠤᠨ  ᠭᠦᠢᠴᠡᠳᠬᠡᠬᠦ ᠶᠢ ᠴᠢᠩᠭᠠᠳᠬᠠᠵᠤ᠂ ᠡᠯ᠎ᠡ ᠳᠠᠭᠠᠭᠠᠨ ᠭᠦᠢᠴᠡᠳᠬᠡᠬᠦ ᠨᠢᠭᠡᠴᠢ ᠶᠢᠨ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠳᠣᠭᠢᠷᠠᠭᠤᠯᠤᠨ᠂ ᠡᠯ᠎ᠡ ᠳᠠᠭᠠᠭᠠᠨ ᠭᠦᠢᠴᠡᠳᠬᠡᠬᠦ ᠨᠢᠭᠡᠴᠡ ᠶᠢ ᠰᠢᠮᠳᠠᠭᠤᠯᠵᠤ ᠪᠠᠶᠢᠭᠠᠳ ᠭᠦᠢᠴᠡᠳᠬᠡᠬᠦ ᠠᠬᠢᠴᠠ ᠶᠢ ᠲᠦᠷᠭᠡᠳᠬᠡᠵᠦ᠂ ᠭᠦᠢᠴᠡᠳᠬᠡᠬᠦ ᠲᠠᠰ ᠳᠠᠷᠠᠭᠠᠯᠠᠯ ᠢ ᠵᠢᠷᠤᠮᠵᠢᠭᠤᠯᠤᠨ᠂ ᠰᠠᠨᠠᠭᠤᠯᠭ᠎ᠠ ᠶᠢ ᠭᠦᠢᠴᠡᠳᠬᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠶ ᠃ ᠰᠠᠨᠠᠭᠠᠴᠢᠯᠠᠭᠠᠲᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠲᠥᠯᠥᠭᠡᠯᠡᠭᠴᠢᠳ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠲᠥᠯᠥᠭᠡᠯᠡᠭᠴᠢᠳ ᠠᠴᠠ ᠦᠷᠭᠦᠯᠵᠢ ᠶᠢᠨ ᠴᠢᠨᠠᠷᠲᠠᠶ ᠪᠠᠷ ᠰᠠᠨᠠᠯ ᠬᠤᠷᠢᠶᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂  ᠰᠢᠢᠳᠪᠦᠷᠢᠯᠡᠬᠦ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠪᠠ ᠬᠠᠨᠳᠤᠯᠭᠠᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠠᠨᠠᠭᠤᠯᠭ᠎ᠠ ᠶᠢ ᠰᠢᠢᠳᠪᠦᠷᠢᠯᠡᠵᠦ ᠳᠠᠭᠤᠰᠬᠠᠬᠤ ᠨᠤᠷᠮ᠎ᠠ ᠪᠠ ᠬᠠᠨᠤᠮᠵᠢᠲᠠᠶ ᠪᠠᠶᠢᠬᠤ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃    ᠣᠶᠢᠯᠠᠭᠠᠭᠰᠠᠨ ᠢᠶᠠᠷ᠂ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ ᠪᠥᠬᠦ ᠬᠤᠲᠠ ᠶᠢᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠪᠥᠬᠦ ᠬᠤᠲᠠ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠪᠠ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ᠂ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠤᠨ ᠲᠣᠭᠤᠷᠢᠨ ᠳᠤ ᠨᠡᠶᠢᠲᠡ 203 ᠬᠤᠪᠢ ᠰᠠᠨᠠᠭᠤᠯᠭ᠎ᠠ ᠳᠤᠷᠠᠳᠪᠠ᠂ ᠬᠤᠲᠠ ᠶᠢᠨ ᠵᠠᠰᠠᠭ ᠤᠨ ᠣᠷᠳᠣᠨ ᠵᠢᠴᠢ ᠡᠯ᠎ᠡ ᠳᠠᠭᠠᠭᠠᠨ ᠰᠢᠢᠳᠪᠦᠷᠢᠯᠡᠬᠦ ᠨᠢᠭᠡᠴᠢ ᠶᠢᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠶᠢ ᠴᠥᠮ ᠲᠣᠭᠲᠠᠭᠰᠠᠨ ᠬᠤᠭᠤᠴᠠᠭᠠᠨ ᠤ ᠳᠣᠲᠣᠷ᠎ᠠ ᠬᠠᠷᠢᠭᠤᠯᠲᠠ ᠥᠭᠭᠦᠭᠰᠡᠨ ᠪᠠᠶᠢᠨ᠎ᠠ᠃ ᠡᠨᠡ ᠵᠢᠯ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ  ᠬᠤᠷᠠᠯ ᠳᠡᠭᠡᠷ᠎ᠡ ᠪᠦᠬᠦ ᠲᠥᠯᠥᠭᠡᠯᠡᠭᠴᠢᠳ ᠨᠡᠶᠢᠳᠡ 212 ᠬᠤᠪᠢ ᠰᠠᠨᠠᠭᠤᠯᠭ᠎ᠠ ᠳᠤᠷᠠᠳᠴᠤ᠂ ᠡᠭᠦᠨ ᠤ ᠳᠣᠲᠣᠷ᠎ᠠ ᠨᠠᠮ ᠪᠠ ᠤᠯᠠᠨ ᠲᠦᠮᠡᠨ ᠤ ᠰᠠᠯᠠᠭ᠎ᠠ ᠮᠥᠴᠢᠷ ᠠᠴᠠ ᠭᠤᠣᠯᠯᠠᠨ ᠡᠷᠬᠢᠯᠡᠭᠰᠡᠨ ᠨᠢ 17 ᠬᠤᠪᠢ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠭᠤᠣᠯᠯᠠᠨ ᠡᠷᠬᠢᠯᠡᠭᠰᠡᠨ ᠨᠢ 195 ᠬᠤᠪᠢ ᠪᠠᠶᠢᠨ᠎ᠠ᠃                                        ᠣᠷᠴᠢᠭᠤᠯᠤᠭᠴᠢ᠄ ᠬᠤᠩ ᠱᠦᠸᠧ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2