ᠵᠢᠨᠢᠩ ᠲᠣᠭᠤᠷᠢᠭ ᠤᠨ ᠬᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠤᠯᠠᠨ ᠨᠡᠶᠢᠲᠡ ᠶᠢᠨ ᠡᠬᠢ ᠪᠠᠶᠠᠯᠢᠭ ᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ ᠬᠤᠳᠠ ᠶᠢᠨ ᠪᠣᠯᠪᠠᠰᠤᠨ ᠲᠦᠷᠢ ᠲᠥᠷᠬᠦ ᠶᠢ  ᠬᠠᠮᠠᠭᠠᠯᠠᠪᠠ
ᠨᠡᠶᠢᠲᠡᠯᠡᠭᠰᠡᠨ ᠴᠠᠭ᠄
2022/4/15
    4 ᠰᠠᠷ᠎ᠠ ᠶᠢᠨ 11 ᠤ ᠡᠳᠦᠷ᠂ ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠤᠲᠠ ᠶᠢᠨ ᠲᠣᠭᠤᠷᠢᠭ ᠤᠨ ᠭᠤᠣᠯ ᠳᠡᠳ᠋ ᠵᠠᠮ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠬᠠᠤᠯᠢ ᠲᠣᠭᠲᠠᠭᠠᠯ ᠠᠴᠠ ᠵᠥᠷᠢᠴᠡᠨ  ᠲᠡᠷᠭᠡᠨ ᠵᠣᠭᠰᠤᠭᠠᠯ ᠶᠢ ᠡᠵᠡᠯᠡᠨ ᠬᠡᠷᠡᠭᠯᠡᠭᠰᠡᠨ᠂ ᠬᠤᠳᠠᠯᠳᠤᠭᠠᠨ ᠤ ᠳᠡᠯᠭᠡᠭᠦᠷ ᠤᠨ ᠡᠭᠦᠳᠡᠨ ᠡᠮᠦᠨ᠎ᠡ ᠳᠤᠷ᠎ᠠ ᠪᠠᠷ ᠢᠶᠠᠨ  ᠪᠤᠳᠠᠰ ᠣᠪᠣᠭᠠᠯᠠᠨ ᠲᠠᠯᠪᠢᠬᠤ ᠵᠡᠷᠭᠡ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ ᠵᠢᠷᠤᠮᠵᠢᠭᠤᠯᠪᠠ᠃ ᠡᠭᠦᠨ ᠤ ᠵᠣᠷᠢᠯᠭ᠎ᠠ ᠨᠢ ᠴᠡᠪᠡᠷ ᠲᠡᠭᠰᠢ ᠬᠤᠲᠠ ᠶᠢᠨ ᠳᠦᠷᠰᠦ ᠪᠠᠶᠢᠳᠠᠯ᠂ ᠪᠣᠯᠪᠠᠰᠤᠨ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠮᠠᠨ ᠤ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠠᠬᠢᠭᠤᠯᠬᠤ ᠶᠢᠨ ᠬᠠᠮᠲᠤ᠂ ᠡᠮᠬᠢ ᠵᠢᠷᠤᠮ ᠲᠠᠢ ᠪᠣᠯᠪᠠᠰᠤᠨ ᠤ ᠣᠶᠢᠯᠠᠭᠠᠭᠳᠠᠬᠤᠨ ᠢ ᠠᠯᠬᠤᠮ ᠠᠯᠬᠤᠮ ᠢᠶᠠᠷ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢᠨ ᠲᠥᠯᠥᠭᠡ ᠶᠤᠮ᠃    ᠨᠡᠶᠢᠲᠡ ᠶᠢᠨ ᠮᠠᠰᠢᠨ ᠲᠡᠷᠭᠡᠨ ᠤ ᠵᠣᠭᠰᠣᠭᠠᠯ ᠢ ᠬᠤᠪᠢ ᠪᠠᠷ ᠢᠶᠠᠨ ᠡᠵᠡᠯᠡᠭᠰᠡᠨ ᠪᠠᠶᠢᠳᠠᠯ ᠨᠡᠯᠢᠶᠡᠳ ᠬᠦᠨᠳᠦ ᠨᠣᠴᠢᠲᠠᠶ ᠪᠠᠶᠢᠭ᠎ᠠ ᠨᠥᠬᠦᠷᠯᠡᠯ ᠵᠡᠭᠡᠯᠢ ᠶᠢᠨ ᠵᠧᠵᠢᠶᠠᠩ ᠤᠨ ᠵᠢᠵᠢᠭ ᠲᠠᠸᠠᠷ ᠤᠨ ᠵᠠᠬ᠎ᠠ ᠳᠡᠯᠭᠡᠭᠦᠷ ᠤᠨ ᠵᠠᠮ ᠤᠨ ᠬᠡᠰᠡᠭ ᠪᠣᠯᠤᠨ ᠴᠢᠤᠸᠠᠨᠱᠠᠨ ᠤ ᠬᠤᠶᠢᠲᠤ ᠵᠡᠭᠡᠯᠢ ᠶᠢᠨ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠬᠦᠷᠢᠶᠡᠯᠡᠩ ᠤᠨ ᠵᠠᠮ ᠤᠨ ᠬᠡᠰᠡᠭ ᠲᠤ ᠣᠯᠠᠨ ᠨᠡᠶᠢᠲᠡ ᠶᠢᠨ ᠲᠡᠷᠭᠡ ᠵᠣᠭᠰᠣᠭᠠᠬᠤ ᠪᠠᠶᠢᠷᠢ ᠶᠢ ᠣᠷᠳᠣ ᠬᠤᠭᠤᠴᠠᠭ᠎ᠠ ᠪᠠᠷ ᠡᠵᠡᠯᠡᠭᠰᠡᠨ ᠴᠠᠬᠢᠯᠭᠠᠨ ᠬᠥᠳᠡᠯᠭᠡᠭᠦᠷᠲᠦ ᠲᠡᠷᠭᠡ ᠪᠠ ᠭᠠᠷ ᠳᠠᠮᠵᠢᠭᠰᠠᠨ ᠮᠠᠰᠢᠨ ᠲᠡᠷᠭᠡ ᠪᠣᠷᠣᠯᠠᠭᠤᠯᠬᠤ ᠬᠤᠳᠠᠯᠳᠤᠭᠠᠴᠢᠨ ᠳᠤ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠢᠳᠬᠠᠨ ᠰᠤᠷᠭᠠᠬᠤ ᠬᠥᠮᠦᠵᠢᠯ ᠬᠢᠬᠦ ᠶᠢᠨ ᠬᠠᠮᠲᠤ᠂ ᠢᠳᠬᠠᠨ ᠬᠤᠷᠢᠭᠯᠠᠬᠤ ᠶᠢ ᠥᠯᠥ ᠰᠣᠨᠣᠰᠬᠤ ᠬᠤᠳᠠᠯᠳᠤᠭᠠᠴᠢᠨ ᠡᠷᠦᠬᠡ ᠪᠤᠶᠤ ᠲᠡᠷᠭᠡᠨ ᠤ ᠡᠵᠡᠨ ᠢ ᠨᠢ ᠡᠷᠢᠵᠦ ᠤᠯᠬᠤ ᠥᠬᠡᠶ ᠲᠡᠷᠭᠡ ᠬᠥᠰᠬᠡ ᠳᠤ ᠡᠵᠡᠩᠨᠡᠯᠲᠡ ᠶᠢᠨ ᠦᠨᠡᠮᠯᠡᠯ ᠢ ᠨᠢ ᠲᠦᠷ  ᠬᠤᠷᠢᠶᠠᠵᠤ ᠠᠪᠬᠤ ᠪᠠ ᠠᠯᠪᠠᠳᠠᠯᠭ᠎ᠠ ᠪᠠᠷ ᠰᠢᠯᠵᠢᠭᠦᠯᠵᠦ ᠲᠦᠷ ᠦᠯᠡᠳᠡᠭᠡᠵᠦ ᠠᠪᠬᠤ ᠶᠢ ᠬᠡᠷᠡᠭᠵᠢᠭᠦᠯᠵᠦ᠂  ᠵᠠᠮ ᠬᠠᠷᠢᠯᠴᠠᠭ᠎ᠠ ᠶᠢᠨ ᠰᠠᠭᠠᠳ ᠥᠬᠡᠶ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ  ᠪᠠᠲᠦᠯᠠᠪᠠ᠃    ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠯᠪᠠᠨ ᠭᠡᠷ ᠤᠨ ᠡᠷᠬᠢᠯᠡᠭᠴᠢ ᠵᠠᠩ ᠶᠢᠨ ᠴᠧᠨ ᠢᠯᠡᠷᠬᠡᠶᠢᠯᠡᠬᠦ ᠳᠡᠭᠡᠨ ︽ᠭᠤᠣᠯ ᠬᠤᠲᠠ ᠲᠣᠭᠤᠷᠢᠭ ᠤᠨ ᠵᠠᠷᠢᠮ ᠲᠡᠷᠭᠡᠨ ᠵᠣᠭᠰᠤᠭᠠᠯ ᠪᠠᠴᠢᠮ ᠪᠠᠶᠢᠭ᠎ᠠ ᠵᠠᠮ ᠤᠨ ᠬᠡᠰᠡᠭ ᠲᠤ᠂ ᠵᠠᠷᠢᠮ ᠬᠤᠳᠠᠯᠳᠤᠭᠠᠴᠢᠨ ᠬᠤᠪᠢ ᠶᠢᠨ ᠠᠰᠢᠭ ᠲᠤᠰᠠ ᠶᠢᠨ ᠲᠥᠯᠥᠭᠡ ᠡᠯᠳᠡᠪ ᠶᠠᠭᠤᠮ᠎ᠠ ᠪᠠᠨ ᠡᠭᠦᠳᠡᠨ ᠡᠮᠦᠨᠡᠬᠢ ᠵᠠᠮ᠂ ᠴᠢᠨᠠᠭᠰᠢᠯᠠᠭᠠᠳ ᠲᠡᠷᠭᠡ ᠵᠣᠭᠰᠣᠬᠤ ᠭᠠᠵᠠᠷ ᠲᠤ ᠣᠪᠣᠭᠠᠯᠠᠵᠤ ᠲᠠᠯᠪᠢᠭᠰᠠᠨ ᠠᠴᠠ ᠬᠤᠲᠠ ᠶᠢᠨ ᠠᠷᠠᠳ ᠲᠡᠷᠭᠡ  ᠵᠣᠭᠰᠤᠭᠠᠬᠤ ᠭᠠᠵᠠᠷ ᠦᠭᠡᠶ ᠪᠣᠯᠵᠤ᠂ ᠬᠤᠲᠠ ᠶᠢᠨ ᠦᠵᠡᠮᠵᠢ ᠶᠢ ᠨᠥᠯᠥᠭᠡᠯᠡᠬᠦ ᠪᠠᠷ ᠪᠠᠷᠠᠬᠤ ᠦᠭᠡᠶ ᠲᠡᠷᠭᠡ ᠵᠣᠭᠰᠣᠭᠠᠬᠤ ᠳᠤ ᠳᠥᠭᠦᠮ ᠦᠭᠡᠢ ᠪᠣᠯᠵᠠᠶ᠃︾  ᠬᠤᠳᠠ ᠶᠢᠨ ᠬᠠᠮᠢᠶᠠᠷᠤᠯᠲᠠ ᠶᠢᠨ ᠭᠡᠮ ᠠᠷᠬᠠᠭ ᠢ ᠴᠢᠩᠭ᠎ᠠ ᠴᠡᠭᠴᠡᠯᠡᠨ ᠵᠠᠰᠠᠵᠤ᠂ ᠬᠤᠳᠠ ᠶᠢᠨ ᠬᠠᠮᠢᠶᠠᠷᠤᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠤᠳᠠ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠵᠢᠨᠢᠩ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠨ ᠲᠤᠰ ᠤᠳᠠᠭᠠᠨ ᠤ ᠲᠣᠭᠲᠠᠭᠠᠯ ᠠᠴᠠ ᠵᠥᠷᠢᠴᠡᠨ ᠲᠡᠷᠭᠡᠨ ᠵᠣᠭᠰᠤᠭᠠᠯ ᠢ ᠡᠵᠡᠯᠡᠨ ᠬᠡᠷᠡᠭᠯᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠢ ᠦᠨᠡᠨᠬᠦ ᠠᠷᠠᠳ ᠲᠤ ᠬᠡᠷᠡᠭᠯᠡᠭᠦᠯᠪᠡ᠃ ᠡᠭᠦᠨ ᠤ ᠵᠡᠷᠭᠡ ᠳᠤ ᠥᠷᠭᠡᠨ ᠣᠯᠠᠨ ᠬᠤᠳᠠᠯᠳᠤᠭᠠᠨ ᠤ ᠡᠷᠦᠬᠡ ᠶᠢ ᠵᠢᠷᠤᠮᠵᠢᠭᠤᠯᠤᠨ ᠡᠵᠡᠩᠨᠡᠵᠦ᠂ ᠣᠯᠠᠨ ᠨᠡᠶᠢᠲᠡ ᠶᠢᠨ ᠲᠡᠷᠭᠡᠨ ᠵᠣᠭᠰᠤᠭᠠᠯ ᠢ ᠳᠤᠷ᠎ᠠ ᠲᠠᠪᠠ ᠪᠠᠷ ᠢᠶᠠᠨ ᠡᠵᠡᠯᠡᠵᠦ ᠪᠣᠯᠬᠤ ᠦᠭᠡᠶ᠂ ᠰᠠᠶᠢᠨ ᠰᠠᠶᠢᠬᠠᠨ ᠨᠡᠪᠲᠡᠷᠡᠬᠦ ᠣᠷᠴᠢᠨ ᠨᠥᠬᠦᠴᠡᠯ ᠢ ᠬᠠᠮᠲᠤ ᠪᠠᠷ ᠪᠤᠶ ᠪᠣᠯᠭᠠᠬᠤ ᠶᠢ ᠬᠦᠰᠡᠨ ᠱᠠᠭᠠᠷᠳᠠᠪᠠ᠃     ︽ᠡᠨᠡ ᠤᠳᠠᠭᠠᠨ ᠤ ᠵᠠᠰᠠᠯᠲᠠ ᠨᠢ ᠮᠠᠨ ᠤ ᠲᠡᠷᠭᠡ ᠵᠣᠭᠰᠣᠭᠠᠬᠤ ᠳᠤ ᠲᠦᠢᠯ ᠤᠨ ᠶᠡᠭᠡ ᠳᠥᠭᠦᠮ ᠦᠵᠡᠭᠦᠯᠵᠡᠢ᠂ ᠥᠩᠭᠡᠷᠡᠭᠰᠡᠨ ᠳᠤ ᠵᠧᠵᠢᠶᠠᠩ ᠤᠨ ᠵᠢᠵᠢᠭ ᠲᠠᠸᠠᠷ ᠤᠨ ᠵᠠᠬ᠎ᠠ ᠳᠡᠯᠭᠡᠭᠦᠷ ᠠᠴᠠ ᠪᠠᠷᠠᠭ᠎ᠠ ᠬᠤᠳᠠᠯᠳᠤᠨ ᠠᠪᠬᠤ ᠳᠤ ᠲᠡᠷᠭᠡ ᠵᠣᠭᠰᠤᠭᠠᠬᠤ ᠭᠠᠵᠠᠷ ᠤᠯᠬᠤ ᠳᠤ ᠮᠠᠰᠢ ᠬᠦᠴᠢᠷᠲᠡᠶ ᠪᠠᠶᠢᠵᠠᠶ᠂ ᠣᠳᠣ ᠰᠠᠶᠢᠨ ᠪᠣᠯᠵᠠᠶ᠂ ᠪᠠᠰᠠ ᠡᠶᠢᠮᠦ ᠣᠯᠠᠨ ᠲᠡᠷᠭᠡᠨ ᠵᠣᠭᠰᠤᠭᠠᠯ ᠰᠤᠯᠠᠯᠠᠵᠤ ᠭᠠᠷᠭᠠᠭᠠᠳ᠂ ᠪᠢᠳᠡ ᠥᠪᠡᠷ ᠤᠨ ᠪᠡᠶ᠎ᠡ ᠪᠠᠷ ᠢᠶᠠᠨ ︿ ᠪᠤᠯᠪᠠᠰᠤᠨ ᠬᠤᠲᠠ ᠪᠠᠶᠢᠭᠤᠯᠬᠤ﹀ ᠶᠢᠨ ᠠᠪᠴᠢᠷᠠᠭᠰᠠᠨ ᠳᠥᠭᠦᠮ ᠨᠥᠬᠦᠴᠡᠯ ᠢ ᠬᠦᠷᠲᠡᠭᠰᠡᠨ ᠪᠠᠶᠢᠨ᠎ᠠ᠃︾  ᠭᠡᠵᠦ ᠬᠤᠳᠠ ᠶᠢᠨ ᠠᠷᠠᠳ ᠸᠠᠩ ᠠᠪᠤᠭᠠᠢ ᠰᠤᠷᠪᠤᠯᠵᠢᠯᠠᠭᠴᠢ ᠳᠤ ᠬᠡᠯᠡᠪᠡ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠳᠤ ᠨᠡᠶᠢᠲᠡ 70 ᠭᠠᠷᠤᠶ ᠠᠵᠢᠯᠲᠠᠨ᠂ 20 ᠭᠠᠷᠤᠶ ᠬᠠᠤᠯᠢ ᠬᠡᠷᠡᠭᠵᠢᠭᠦᠯᠬᠦ ᠲᠡᠷᠭᠡ ᠬᠥᠳᠡᠯᠭᠡᠵᠦ᠂ 40 ᠭᠠᠷᠤᠶ ᠨᠡᠶᠢᠲᠡ ᠶᠢᠨ ᠲᠡᠷᠭᠡᠨ ᠵᠤᠭᠰᠤᠭᠠᠯ ᠶᠢ ᠡᠵᠡᠯᠡᠨ ᠬᠡᠷᠡᠭᠯᠡᠭᠰᠡᠨ ᠲᠡᠷᠭᠡ ᠶᠢ ᠴᠡᠪᠡᠷᠯᠡᠵᠡᠶ᠃    ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠣᠯᠠᠨ ᠨᠡᠶᠢᠲᠡ ᠶᠢᠨ ᠡᠬᠢ ᠪᠠᠶᠠᠯᠢᠭ ᠢ ᠬᠤᠪᠢ ᠪᠠᠷ ᠢᠶᠠᠨ ᠡᠵᠡᠯᠡᠬᠦ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠴᠠᠭᠤᠯᠤᠨ᠂ ᠲᠤᠰᠬᠠᠶ ᠡᠵᠡᠩᠨᠡᠯᠲᠡ ᠶᠢᠨ ᠵᠠᠬ᠎ᠠ ᠳᠡᠯᠭᠡᠭᠦᠷ ᠪᠠᠶᠢᠭᠤᠯᠵᠤ᠂ ᠵᠠᠮ ᠡᠵᠡᠯᠡᠨ ᠡᠵᠡᠩᠨᠡᠬᠦ ᠠᠴᠠ ᠵᠠᠶᠢᠯᠠᠰᠬᠢᠵᠦ᠂ ᠬᠤᠲᠠ ᠶᠢᠨ ᠳᠦᠷᠰᠦ ᠪᠠᠶᠢᠳᠠᠯ ᠤᠨ ᠴᠡᠪᠡᠷ ᠲᠡᠭᠰᠢ ᠪᠠᠶᠢᠬᠤ ᠶᠢ ᠪᠠᠲᠤᠯᠠᠬᠤ ᠮᠥᠷᠲᠡᠭᠡᠨ ᠬᠤᠳᠠᠯᠳᠤᠭᠠᠴᠢᠨ ᠡᠷᠦᠬᠡ ᠶᠢᠨ ᠡᠷᠬᠡ ᠠᠰᠢᠭ ᠢ ᠴᠤ ᠬᠤᠬᠢᠷᠠᠯ ᠳᠤ ᠤᠴᠠᠷᠠᠭᠤᠯᠬᠤ ᠥᠬᠡᠶ ᠪᠠᠶᠢᠬᠤ ᠶᠢ ᠪᠠᠲᠦᠯᠠᠨ᠎ᠠ᠃                                                               ᠣᠷᠴᠢᠭᠤᠯᠤᠭᠴᠢ᠄ ᠬᠤᠩ ᠱᠦᠸᠧ                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2