ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠠᠷᠠᠯᠵᠢᠶ᠎ᠡ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠪᠠ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠠᠷᠢᠮᠠᠬᠠᠢ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/4/18
    4 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ᠭᠠᠳᠠᠭᠠᠳᠤ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠨᠤᠭᠤᠳ︾ ᠢ ᠬᠢᠨᠠᠨ ᠵᠥᠪᠯᠡᠵᠦ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠠᠷᠢᠮᠠᠬᠠᠢ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠪᠣᠯ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢ ᠲᠤᠯᠭᠠᠭᠤᠷᠢᠯᠠᠬᠤ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ ᠠᠵᠤ ᠦᠢᠯᠡᠰ ᠪᠣᠯᠣᠨ᠎ᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠠ ᠲᠣᠬᠢᠶᠠᠯ ᠢ ᠠᠮᠵᠢᠨ ᠠᠳᠬᠤᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠢᠳᠡᠪᠬᠢᠲᠡᠢ ᠪᠠᠷ ᠯᠠᠪᠯᠠᠯᠳᠠ ᠪᠤᠯᠭᠠᠬᠤ ᠶᠢᠨ ᠬᠠᠮᠲᠤ ᠤᠯᠠᠭᠠᠨᠴᠠᠪ ᠤᠨ ᠪᠣᠳᠠᠲᠠᠢ ᠲᠠᠢ ᠤᠶᠠᠯᠳᠤᠭᠤᠯᠤᠨ᠂ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠭᠦᠨᠵᠡᠭᠡᠢ ᠵᠠᠳᠠᠯᠤᠨ ᠰᠤᠳᠤᠯᠵᠤ ᠨᠡᠶᠢᠲᠡᠯᠡᠵᠦ᠂ ᠡᠯ᠎ᠡ ᠵᠦᠢᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠵᠦᠢᠯ ᠵᠤᠷᠪᠤᠰ ᠤᠨ ᠲᠣᠳᠣᠷᠬᠠᠢ᠂ ᠬᠡᠷᠡᠭᠵᠢᠭᠦᠯᠦᠰᠢᠳᠡᠢ᠂ ᠨᠠᠶᠢᠳᠠᠪᠤᠷᠢᠵᠢᠭᠤᠯᠵᠤ ᠳᠡᠶᠢᠯᠬᠦ ᠶᠢ ᠦᠨᠡᠨᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠵᠣᠷᠢᠭᠵᠢᠭᠤᠯᠵᠤ ᠬᠥᠲᠥᠯᠥᠨ ᠵᠢᠯᠤᠭᠤᠳᠬᠤ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃     ᠬᠤᠷᠠᠯ ᠠᠴᠠ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠮᠠᠨ ᠤ ᠬᠤᠲᠠ ᠶᠢᠨ ᠬᠥᠭᠵᠢᠯᠲᠡ ᠶᠢᠨ ᠪᠣᠳᠠᠲᠤ ᠬᠡᠷᠡᠭᠴᠡᠭᠡ ᠳᠤ ᠰᠠᠭᠤᠷᠢᠯᠠᠨ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠠᠭᠠᠯᠬᠢᠯᠠᠯ ᠤᠨ ᠴᠢᠨᠠᠷ ᠲᠠᠢ ᠮᠥᠷᠲᠡᠭᠡᠨ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠠᠭᠠᠭᠠᠴᠢᠯᠠᠯᠲᠠ ᠵᠠᠷᠯᠠᠬᠤ ᠪᠠ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠵᠡᠷᠭᠡ ᠠᠵᠢᠯ ᠢ ᠲᠦᠷᠭᠡᠳᠬᠡᠨ᠂ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ᠂ ᠦᠷ᠎ᠡ ᠠᠰᠢᠭ ᠢ ᠡᠷᠲᠡᠬᠡᠨ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠤ ᠱᠠᠭᠠᠷᠳᠠᠪᠠ᠃     ᠬᠤᠷᠠᠯ ᠠᠴᠠ᠂ ᠬᠠᠷᠢᠮᠠᠬᠠᠢ ᠬᠤᠲᠠ ᠶᠢ ᠪᠦᠲᠦᠭᠡᠨ ᠪᠠᠶᠢᠭᠤᠯᠬᠤ ᠨᠢ ᠬᠤᠲᠠ ᠶᠢᠨ ᠠᠮᠢ ᠠᠬᠤᠢ ᠣᠷᠴᠢᠨ ᠳᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ᠂ ᠬᠤᠲᠠ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠴᠢᠩᠭᠠᠷᠠᠭᠤᠯᠬᠤ ᠳᠤ ᠠᠰᠢᠭᠲᠠᠢ ᠶᠤᠮ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠢ ᠬᠢᠨᠠᠮᠠᠭᠠᠢ ᠡᠵᠡᠮᠳᠡᠵᠦ᠂ ᠳᠡᠭᠡᠳᠦ ᠱᠠᠲᠤᠨ ᠠᠴᠠ ᠲᠤᠰᠬᠠᠢ ᠨᠥᠬᠦᠪᠦᠷᠢ ᠪᠠ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠬᠠᠷᠢᠮᠠᠬᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠳᠡᠢ᠃ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠬᠡᠬᠡᠨ ᠬᠦᠭᠵᠢᠬᠦᠯᠦᠯᠳᠡ ᠶᠢᠨ ᠲᠣᠭᠤᠷᠢᠭ ᠨᠢ ᠲᠥᠪ ᠬᠤᠲᠠ ᠶᠢᠨ ᠲᠣᠭᠤᠷᠢᠭ ᠤᠨ ᠬᠠᠷᠢᠮᠠᠬᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠨᠡᠶᠢᠭᠡᠮ ᠤᠨ ᠬᠥᠷᠥᠩᠭᠡ ᠶᠢᠨ ᠣᠷᠤᠯᠴᠠᠬᠤ ᠶᠢ ᠢᠳᠡᠪᠬᠢᠲᠡᠢ ᠪᠠᠷ ᠵᠣᠷᠢᠭᠵᠢᠭᠤᠯᠤᠨ᠂ ᠪᠥᠬᠦ ᠣᠷᠣᠨ ᠪᠦᠰᠡ ᠳᠤ ᠬᠠᠷᠢᠮᠠᠬᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠰᠢᠰᠲ᠋ᠧᠮᠵᠢᠭᠦᠯᠦᠨ ᠠᠬᠢᠭᠤᠯᠵᠤ᠂ ᠨᠢᠭᠡ ᠪᠦᠯᠦᠭ ᠳᠡᠯᠭᠡᠷᠡᠭᠦᠯᠵᠦ ᠪᠣᠯᠬᠤ ᠬᠠᠭᠤᠯᠪᠤᠷᠢᠯᠠᠵᠤ ᠪᠣᠯᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠲᠦᠷᠭᠡᠬᠡᠨ ᠪᠣᠶ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃                      ᠵᠤᠬᠢᠶᠠᠭᠴᠢ᠄ ᠳ᠋ᠧᠩ ᠰᠢᠤ ᠰᠢᠤ                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2