︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠮᠢᠶ᠎ᠠ ᠪᠦᠬᠦᠢ | ᠠᠵᠢᠯ ᠢ ᠦᠨᠡᠨᠬᠦ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠬᠥᠮᠦᠵᠢᠯ ᠢ | ᠦᠨᠳᠦᠰᠦᠨ ᠠᠴᠠ ᠨᠢ ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠳᠤ ᠬᠤᠣᠷ ᠬᠥᠨᠥᠭᠡᠯ | ᠤᠴᠠᠷᠠᠭᠤᠯᠬᠤ ᠡᠯ᠎ᠡ ᠲᠦᠷᠦᠯ ᠤᠨ ᠬᠡᠷᠡᠭ ᠡᠭᠦᠰᠬᠦ ᠶᠢ ᠰᠡᠷᠭᠡᠶᠢᠯᠡᠬᠦ ᠶᠢᠨ ᠲᠥᠯᠥᠭᠡ᠂ 4 ᠰᠠᠷ᠎ᠠ ᠶᠢᠨ 13 ᠤ ᠡᠳᠦᠷ᠂ | ᠰᠢᠩ ᠡᡁᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠡᠪᠯᠡᠯ ᠤᠨ ᠰᠢᠶᠠᠨ ᠤ ᠬᠤᠷᠢᠶ᠎ᠠ᠂ ᠰᠢᠶᠠᠨ ᠤ | ᠡᠮᠡᠭᠲᠡᠶᠢᠴᠦᠳ ᠤᠨ ᠬᠤᠯᠪᠣᠭ᠎ᠠ ᠬᠠᠮᠲᠤᠷᠠᠨ ᠰᠢᠩ ᠡᡁᠧ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ | ᠬᠦᠷᠴᠦ᠂ ︽ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ — ᠬᠠᠤᠯᠢ ᠴᠠᠭᠠᠵᠠ ᠶᠢᠨ | ᠲᠠᠶᠢᠯᠤᠮᠵᠢ ᠶᠢᠨ ᠲᠠᠪᠴᠠᠩ ᠤᠨ ᠲᠤᠰᠬᠠᠢ ᠰᠡᠳᠦᠪᠲᠦ ᠠᠵᠢᠯᠯᠠᠭ᠎ᠠ ᠥᠷᠨᠢᠭᠦᠯᠵᠡᠢ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠲᠤᠰᠬᠠᠶ ᠲᠤᠰᠢᠶᠠᠯᠲᠤ ᠬᠠᠤᠯᠢᠴᠢ ︽ᠢᠷᠭᠡᠨ ᠤ ᠬᠠᠤᠯᠢ ᠶᠢᠨ | ᠪᠢᠴᠢᠭ︾᠂ ︽ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ | ᠴᠠᠭᠠᠵᠠ ᠶᠢᠨ ᠠᠭᠤᠯᠭ᠎ᠠ ᠲᠠᠢ ᠤᠶᠠᠯᠳᠤᠭᠤᠯᠤᠨ᠂ ᠣᠳᠣᠬᠠᠨ ᠤ ᠰᠤᠷᠤᠭᠴᠢᠳ ᠤᠨ ᠳᠤᠮᠳᠠ ᠦᠷᠭᠦᠯᠵᠢ | ᠬᠠᠷᠠᠭᠳᠠᠳᠠᠭ ᠮᠠᠭᠤ ᠦᠵᠡᠭᠳᠡᠯ ᠵᠢᠴᠢ ᠨᠠᠰᠤᠨ ᠳᠤ ᠥᠯᠥ ᠬᠦᠷᠦᠭᠰᠡᠳ ᠤᠨ ᠬᠠᠤᠯᠢ ᠠᠴᠠ ᠵᠥᠷᠢᠴᠡᠵᠦ ᠶᠠᠯ᠎ᠠ | ᠬᠢᠭᠰᠡᠨ ᠣᠨᠴᠠᠯᠢᠭ ᠢ ᠭᠦᠨᠵᠡᠭᠡᠢ ᠵᠠᠳᠠᠯᠬᠤ ᠶᠢᠨ ᠬᠠᠮᠲᠤ ᠰᠤᠷᠭᠠᠭᠤᠯᠢ ᠶᠢᠨ ᠡᠷᠭᠢᠨ ᠲᠣᠭᠤᠷᠢᠨ᠂ ᠰᠤᠷᠤᠭᠴᠢᠳ ᠤᠨ | ᠳᠡᠷᠭᠡᠳᠡ ᠡᠭᠦᠰᠦᠭᠰᠡᠨ ᠰᠢᠨ᠎ᠡ ᠰᠣᠷᠭᠤᠭ ᠬᠡᠷᠡᠭ ᠤᠨ ᠵᠢᠱᠢᠶ᠎ᠡ ᠪᠠᠷ ᠵᠢᠭᠠᠬᠤ ᠮᠠᠲ᠋ᠧᠷᠢᠶᠠᠯ ᠪᠣᠯᠭᠠᠵᠤ᠂ ᠨᠠᠰᠤᠨ ᠳᠤ | ᠥᠯᠥ ᠭᠦᠷᠦᠭᠰᠡᠳ ᠤᠨ ᠡᠳ᠋ᠯᠡᠬᠦ ᠡᠷᠬᠡ ᠠᠰᠢᠭ ᠵᠢᠴᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠡᠷᠬᠢᠨ | ᠰᠡᠷᠭᠡᠶᠢᠯᠡᠬᠦ᠂ ᠬᠠᠤᠯᠢ ᠴᠠᠭᠠᠵᠠ ᠶᠢᠨ ᠠᠷᠭ᠎ᠠ ᠪᠠᠷᠢᠯ ᠢ ᠬᠡᠷᠬᠢᠨ ᠬᠡᠷᠡᠭᠯᠡᠨ ᠥᠪᠡᠷ ᠢ ᠪᠠᠨ ᠬᠠᠮᠠᠭᠠᠯᠠᠬᠤ ᠶᠢ ᠳᠥᠭᠦᠮ | ᠣᠶᠢᠯᠠᠭᠠᠮᠵᠢᠲᠠᠢ ᠲᠠᠶᠢᠯᠪᠤᠷᠢᠯᠠᠵᠤ᠂ ᠪᠠᠭᠰᠢ ᠰᠤᠷᠤᠭᠴᠢᠳ ᠤᠨ ᠳᠤᠷᠠᠳᠤᠭᠰᠠᠨ ᠠᠰᠠᠭᠤᠳᠠᠯ ᠤᠨ ᠲᠤᠬᠠᠶ ᠲᠤᠬᠠᠶ ᠶᠢᠨ | ᠲᠠᠯᠠᠪᠤᠷ ᠲᠤ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ ᠲᠤᠬᠠᠶ ᠶᠢᠨ ᠲᠠᠯᠠᠪᠤᠷ ᠲᠤ ᠢᠷᠡᠭᠰᠡᠨ ᠬᠥᠮᠦᠰ | ᠢᠯᠠᠩᠭᠤᠶ᠎ᠠ ᠵᠠᠯᠠᠭᠤ ᠨᠠᠰᠤᠨ ᠤ ᠦᠶ᠎ᠡ ᠳᠡᠭᠡᠨ ᠪᠠᠶᠢᠭ᠎ᠠ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠤ ᠠᠮᠢᠳᠤᠯᠢᠭ | ᠰᠠᠶᠢᠬᠠᠨ᠂ ᠲᠦᠢᠯ ᠤᠨ ᠶᠡᠭᠡ ᠰᠦᠷ ᠬᠦᠴᠦᠨ ᠲᠠᠢ ᠬᠠᠤᠯᠢ ᠲᠦᠷᠢᠮ ᠤᠨ ᠬᠥᠮᠦᠵᠢᠯ ᠤᠨ ᠬᠢᠴᠢᠶᠡᠯ ᠣᠷᠣᠵᠤ | ᠥᠭᠴᠡᠶ᠃ | ᠲᠣᠰ ᠤᠳᠠᠭᠠᠨ ᠤ ᠠᠵᠢᠯᠯᠠᠭ᠎ᠠ ᠳᠤ᠂ ︽ᠢᠷᠭᠡᠨ ᠤ ᠬᠠᠤᠯᠢ ᠶᠢᠨ ᠪᠢᠴᠢᠭ︾ ︽ᠨᠠᠰᠤᠨ ᠳᠤ ᠥᠯᠥ | ᠭᠦᠷᠦᠭᠰᠡᠳ ᠢ ᠬᠠᠮᠠᠭᠠᠯᠠᠬᠤ ᠬᠠᠤᠯᠢ︾ ︽ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ | ︾ ︽ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ︽ᠬᠠᠤᠯᠢᠵᠢᠯ ᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ︾ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 1000 ᠭᠠᠷᠤᠶ ᠬᠤᠪᠢ | ᠲᠠᠷᠬᠠᠭᠠᠭᠰᠠᠨ ᠪᠠᠶᠢᠨ᠎ᠠ᠃ ᠵᠠᠯᠠᠭᠤ ᠰᠤᠷᠤᠭᠴᠢᠳ ᠤᠨ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢᠵᠢᠯ ᠤᠨ | ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ ᠤᠨ ︽ᠬᠠᠤᠯᠢ ᠶᠢ ᠰᠤᠷᠬᠤ᠂ ᠬᠠᠤᠯᠢ ᠶᠢ | ᠮᠡᠳᠡᠬᠦ᠂ ᠬᠠᠤᠯᠢ ᠶᠢ ᠣᠶᠢᠯᠠᠭᠠᠬᠤ᠂ ᠬᠠᠤᠯᠢ ᠶᠢ ᠬᠡᠷᠡᠭᠯᠡᠬᠦ᠂ ᠬᠠᠤᠯᠢ ᠶᠢ ᠬᠠᠮᠠᠭᠠᠯᠠᠬᠤ︾ ᠤᠬᠠᠮᠰᠠᠷ ᠢ | ᠳᠡᠭᠡᠭᠰᠢᠯᠡᠭᠦᠯᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠬᠠᠤᠯᠢ ᠶᠢ ᠰᠠᠬᠢᠬᠤ ᠦᠵᠡᠯᠲᠡ ᠶᠢ ᠬᠥᠮᠦᠵᠢᠭᠦᠯᠵᠦ᠂ | ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠪᠡ᠃ | ᠳᠠᠷᠠᠭᠠᠴᠢ ᠶᠢᠨ ᠠᠯᠬᠤᠮ ᠳᠤ᠂ ᠰᠢᠩ ᠡᡁᠧ ᠰᠢᠶᠠᠨ ᠤ ᠬᠢᠨ ᠦᠷᠭᠦᠯᠵᠢᠯᠡᠨ ᠵᠠᠯᠠᠭᠤᠴᠤᠳ ᠪᠠᠭᠠᠴᠤᠳ ᠤᠨ | ᠬᠠᠤᠯᠢᠵᠢᠯ ᠤᠨ ᠬᠥᠮᠦᠵᠢᠯ ᠢ ᠪᠦᠬᠦ ᠲᠠᠯ᠎ᠠ ᠪᠠᠷ ᠬᠠᠤᠯᠢ ᠪᠠᠷ ᠰᠢᠶᠠᠨ ᠢ ᠵᠠᠰᠠᠬᠤ᠂ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠪᠣᠯᠭᠠᠵᠤ᠂ ᠬᠠᠤᠯᠢ ᠴᠠᠭᠠᠵᠠ ᠶᠢᠨ ᠲᠠᠶᠢᠯᠤᠮᠵᠢ ᠶᠢᠨ | ᠲᠠᠪᠴᠠᠩ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠬᠠᠤᠯᠢᠵᠢᠯ ᠤᠨ ᠬᠥᠮᠦᠵᠢᠯ ᠢ | ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ | ᠠᠮᠤᠷ ᠠᠮᠤᠭᠤᠯᠠᠩ ᠡᠶ᠎ᠡ ᠵᠣᠬᠢᠴᠠᠩᠭᠤᠢ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠤᠨ᠎ᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |