ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠪᠦᠭᠦ ᠬᠤᠰᠢᠭᠤᠨ ᠤ ᠪᠣᠳᠠᠲᠤ ᠪᠠᠶᠢᠳᠠᠯ ᠳᠠᠭᠠᠨ | ᠰᠠᠭᠤᠷᠢᠯᠠᠨ᠂ ᠰᠢᠨ᠎ᠡ ᠶᠢ ᠡᠭᠦᠳᠬᠦ ᠣᠶᠢᠯᠠᠭᠠᠭᠳᠠᠬᠤᠨ ᠢ ᠪᠠᠷᠢᠮᠲᠠᠯᠠᠨ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠵᠦ᠂ ᠬᠦᠴᠢᠷᠲᠠᠯᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ | ᠲᠣᠣᠷ ᠢ ᠦᠨᠡᠨ ᠬᠦ ᠪᠠᠲᠤ ᠨᠢᠭᠲᠠ ᠪᠠᠬᠢᠵᠢᠭᠦᠯᠪᠡ᠃ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠨ | ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠣᠶᠢᠯᠠᠭᠠᠭᠳᠠᠬᠤᠨ ᠢ ᠪᠠᠷᠢᠮᠲᠠᠯᠠᠨ᠂ ᠣᠯᠠᠨ ᠲᠦᠮᠡᠨ ᠤ | ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠪᠠ ᠠᠷᠭ᠎ᠠ ᠶᠢᠨ | ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠪᠠ᠃ ᠬᠥᠳᠡᠯᠦᠩᠭᠦᠶ ᠬᠢᠨᠠᠨ ᠬᠡᠮᠵᠢᠯᠲᠡ ᠳᠤ ᠲᠦᠰᠢᠭᠯᠡᠨ᠂ | ᠠᠪᠤᠷᠠᠨ ᠲᠤᠰᠠᠯᠠᠬᠤ ᠡᠲᠡᠭᠡᠳ ᠢ ᠴᠠᠭ ᠲᠤᠬᠠᠶ ᠳᠤ ᠨᠢ ᠢᠯᠡᠷᠡᠭᠦᠯᠵᠦ᠂ ᠦᠨᠳᠦᠰᠦᠨ ᠵᠦᠶᠯ ᠢ ᠪᠠᠲᠤᠯᠠᠵᠤ ᠠᠪᠤᠷᠠᠨ | ᠲᠤᠰᠠᠯᠠᠬᠤ ᠶᠢ ᠣᠨᠣᠪᠴᠢᠲᠠᠶ ᠬᠡᠷᠡᠭᠵᠢᠭᠦᠯᠵᠦ᠂ ︽ᠬᠥᠮᠦᠨ ᠲᠥᠷᠥ ᠶᠢᠨ ᠪᠣᠳᠣᠯᠭ᠎ᠠ ᠶᠢ ᠡᠷᠢᠬᠦ︾ ᠶᠢ ︽ᠲᠥᠷᠥ ᠶᠢᠨ | ᠪᠣᠳᠣᠯᠭ᠎ᠠ ᠬᠥᠮᠦᠨ ᠡᠷᠢᠬᠦ︾ ᠪᠣᠯᠭᠠᠨ ᠥᠭᠡᠷᠡᠴᠢᠯᠡᠵᠦ᠂ ︽ᠰᠠᠨᠠᠭᠠᠴᠢᠯᠠᠭᠠᠲᠤ ᠪᠤᠰᠤ ᠪᠠᠷ ᠠᠪᠤᠷᠠᠨ ᠲᠤᠰᠠᠯᠠᠭᠳᠠᠬᠤ︾ | ᠶᠢ ︽ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠬᠤ︾ ᠪᠣᠯᠭᠠᠨ ᠬᠤᠪᠢᠷᠠᠭᠤᠯᠪᠠ᠃ ᠲᠤᠭ᠎ᠠ ᠪᠠᠷᠢᠮᠲᠠ ᠶᠢ | ᠢᠯᠡᠭᠦᠬᠡᠨ ᠨᠡᠪᠲᠡᠷᠡᠭᠦᠯᠵᠦ᠂ ᠤᠯᠠᠨ ᠲᠦᠮᠡᠨ ᠢ ᠳᠤᠲᠠᠭᠤ ᠭᠦᠶᠦᠯᠭᠡᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠶᠢ | ᠳᠥᠭᠦᠮ ᠳᠥᠲᠡ᠂ ᠨᠠᠷᠢᠯᠢᠭ ᠣᠨᠣᠴᠠᠲᠠᠶ᠂ ᠥᠨᠳᠥᠷ ᠪᠦᠲᠦᠮᠵᠢᠲᠡᠶ ᠲᠦᠷᠭᠡᠨ ᠬᠤᠷᠳᠤ ᠶᠢᠨ ᠵᠠᠮ ᠳᠤ ᠣᠷᠣᠭᠤᠯᠵᠤ | ᠂ ᠦᠨᠳᠦᠰᠦᠨ ᠵᠦᠢᠯ ᠢ ᠣᠨᠣᠪᠴᠢᠲᠠᠢ ᠰᠠᠶᠢᠲᠤᠷ ᠦᠨᠡᠨᠬᠦ ᠪᠠᠲᠤᠯᠠᠵᠤ᠂ ᠨᠡᠶᠢᠭᠡᠮ ᠤᠨ ᠠᠪᠤᠷᠠᠨ ᠲᠤᠰᠠᠯᠠᠬᠤ | ᠦᠶᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠦᠨᠡᠨ ᠬᠦ ᠨᠡᠪᠲᠡᠷᠡᠭᠦᠯᠪᠡ᠃ ᠡᠭᠦᠨ ᠤ ᠵᠡᠷᠭᠡᠴᠡᠭᠡᠪᠡᠷ | ᠪᠠᠴᠢᠮ ᠪᠡᠷᠬᠡ ᠬᠡᠯᠪᠡᠷᠢ ᠶᠢᠨ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠶᠢ ᠰᠠᠶᠢᠵᠢᠷᠠᠭᠤᠯᠵᠤ᠂ ᠰᠠᠨᠠᠭᠠᠨ ᠳᠤ ᠦᠭᠡᠢ | ᠡ᠊ᠨᠳᠡᠯ᠂ ᠬᠦᠨᠳᠦ ᠶᠡᠭᠡ ᠡᠪᠡᠳᠴᠢᠨ ᠡᠮᠭᠡᠭ᠂ ᠪᠠᠶᠢᠭᠠᠯᠢ ᠶᠢᠨ ᠭᠠᠮᠰᠢᠭ᠂ ᠭᠡᠨᠡᠳᠲᠡ ᠶᠢᠨ ᠬᠡᠷᠡᠭ ᠵᠡᠷᠭᠡ ᠠᠴᠠ | ᠪᠣᠯᠤᠭᠰᠠᠨ ᠣᠨᠴᠠᠭᠠᠶ ᠬᠦᠴᠢᠷᠳᠡᠯᠲᠡᠶ ᠡᠷᠦᠭᠡ ᠳᠤ ᠪᠠᠴᠢᠮ ᠪᠠᠶᠢᠳᠠᠯ ᠤᠨ ︽ᠤᠷᠢᠳᠠᠪᠠᠷ ᠠᠪᠤᠷᠠᠨ ᠲᠤᠰᠠᠯᠠᠬᠤ︾ | ᠠᠵᠢᠯ ᠢ ᠥᠷᠨᠢᠭᠦᠯᠵᠦ᠂ ᠠᠪᠤᠷᠠᠨ ᠲᠤᠰᠠᠯᠠᠬᠤ ᠶᠢᠨ ᠪᠦᠲᠦᠮᠵᠢᠲᠦ ᠴᠢᠨᠠᠷ᠂ ᠴᠠᠭ ᠲᠤᠬᠠᠶᠢᠢᠴᠢ ᠴᠢᠨᠠᠷ ᠢ ᠦᠨᠡᠨ ᠬᠦ | ᠴᠢᠩᠭᠠᠳᠬᠠᠪᠡ᠃ 2022 ᠣᠨ ᠠᠴᠠ ᠨᠠᠰᠢ᠂ ᠪᠥᠬᠦ ᠬᠤᠰᠢᠭᠤ ᠨᠢᠭᠡᠨᠲᠡ ᠬᠤᠲᠠ ᠬᠥᠳᠡᠭᠡ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠳᠤ 417 ᠬᠥᠮᠦᠨ᠂ ᠣᠨᠴᠠ ᠬᠦᠴᠢᠷᠳᠡᠯᠲᠡᠶ ᠬᠦᠮᠦᠰ ᠤᠨ ᠠᠰᠠᠷᠠᠨ | ᠲᠡᠵᠢᠭᠡᠯᠲᠡ ᠳᠤ 19 ᠬᠥᠮᠦᠨ ᠢ ᠰᠢᠨ᠎ᠡ ᠪᠠᠷ ᠣᠷᠣᠭᠤᠯᠤᠭᠰᠠᠨ ᠪᠠᠶᠢᠨ᠎ᠠ᠃ 1829 ᠬᠥᠮᠦᠨ ︵ᠤᠳᠠᠭ᠎ᠠ︶ ᠳᠤ | ᠲᠦᠷ ᠴᠠᠭ ᠤᠨ ᠠᠪᠤᠷᠠᠨ ᠲᠤᠰᠠᠯᠠᠯᠲᠠ ᠶᠢ ᠬᠡᠷᠡᠭᠵᠢᠭᠦᠯᠪᠡ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |