ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠨᠡᠶᠢᠭᠡᠮ ᠲᠣᠭᠤᠷᠢᠭ ᠲᠤ ᠣᠷᠣᠪᠠ
ᠨᠡᠶᠢᠲᠡᠯᠡᠭᠰᠡᠨ ᠴᠠᠭ᠄
2022/4/19
ᠭᠠᠯ ᠤᠨᠲᠠᠷᠠᠭᠠᠬᠤ ᠰᠣᠷᠢᠯᠲᠠ
ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠶᠢ ᠲᠠᠶᠢᠯᠪᠤᠷᠢᠯᠠᠬᠤ     4 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠵᠢᠨᠢᠩ ᠲᠣᠭᠤᠷᠢᠭ ᠤᠨ ᠴᠢᠤᠸᠠᠨᠱᠠᠨ ᠵᠡᠭᠡᠯᠢ ᠶᠢᠨ ᠷᠦᠢ ᠨᠢᠩ ᠨᠡᠶᠢᠭᠡᠮ ᠲᠣᠭᠤᠷᠢᠭ ᠲᠠᠢ ᠬᠠᠮᠲᠤᠷᠠᠨ ᠰᠢᠨ᠎ᠡ ᠲᠣᠭᠤᠷᠢᠭ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭ᠎ᠠ ᠶᠢᠨ ᠳᠤᠮᠳᠠ᠂ ᠭᠠᠯ ᠤᠨᠲᠠᠷᠠᠭᠠᠭᠴᠢ ᠪᠣᠯᠣᠨ ᠷᠦᠢ ᠨᠢᠩ ᠨᠡᠶᠢᠭᠡᠮ ᠲᠣᠭᠤᠷᠢᠭ ᠤᠨ ᠠᠵᠢᠯᠲᠠᠳ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠰᠠᠭᠤᠭᠠᠯᠢ ᠠᠷᠠᠳ ᠲᠤ ᠭᠡᠷ ᠪᠦᠯᠢ ᠶᠢᠨ ᠭᠠᠯ ᠰᠡᠷᠭᠡᠶᠢᠯᠡᠬᠦ᠂ ᠡᠳᠦᠷ ᠲᠤᠲᠤᠮ ᠤᠨ ᠬᠡᠷᠡᠭᠯᠡᠭᠡᠨ ᠤ ᠭᠠᠯ ᠤᠨ ᠠᠶᠤᠯ ᠢ ᠰᠡᠷᠭᠡᠶᠢᠯᠡᠬᠦ ᠮᠡᠳᠡᠯᠭᠡ ᠵᠢᠴᠢ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠶᠢ ᠤᠬᠠᠭᠤᠯᠬᠤ ᠶᠢᠨ ᠬᠠᠮᠲᠤ ᠭᠠᠯ ᠤᠨᠲᠠᠷᠠᠭᠠᠬᠤ ᠠᠮᠤᠷ ᠲᠦᠪᠰᠢᠨ ᠤ ᠭᠠᠷ ᠳᠡᠪᠲᠡᠷ ᠢ ᠲᠠᠷᠬᠠᠭᠠᠵᠠᠢ᠃     ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠭᠠᠯ ᠤᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠡᠯᠢᠶᠡᠳ ᠰᠠᠶᠢᠨ ᠤᠬᠠᠭᠤᠯᠭ᠎ᠠ ᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ ᠸᠠᠩ ᠸᠧᠢ ᠰᠡᠭᠦᠳᠡᠷᠯᠡᠪᠡ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2