ᠴᠢ ᠹᠧᠢ ᠶᠦᠨ ᠹᠧᠩᠵᠧᠨ ᠬᠤᠳᠠ ᠳᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠤᠭᠤᠳᠬᠤ ᠳᠠᠭᠠᠨ ᠴᠢᠬᠤᠯᠠᠴᠢᠯᠠᠭᠰᠠᠨ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠳᠡᠵᠦ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ ᠲᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2022/4/2
    3 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠹᠧᠩᠵᠧᠨ ᠬᠤᠲᠠ ᠳᠤ ᠭᠦᠨᠵᠡᠭᠡᠶᠢᠷᠡᠨ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠰᠡᠨ ᠵᠢᠴᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠪᠠ᠃ ᠪᠠᠢ ᠴᠢᠶᠦ᠋ᠩ ᠰᠡᠭᠦᠳᠡᠷᠯᠡᠪᠡ     3 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠹᠧᠩᠵᠧᠨ ᠬᠤᠲᠠ ᠳᠤ ᠭᠦᠨᠵᠡᠭᠡᠶᠢᠷᠡᠨ ᠲᠥᠪ ᠤᠨ ᠭᠤᠷᠪᠠᠳᠤᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ᠂ ᠠᠶᠤᠯᠭᠦᠢ ᠦᠢᠯᠡᠳᠪᠦᠷᠢᠯᠡᠯ᠂ ᠲᠡᠮᠦᠷ ᠬᠠᠶᠢᠯᠤᠰᠢ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠰᠡᠨ ᠪᠠ ᠰᠢᠭᠰᠢᠭᠳᠡᠵᠦ ᠭᠠᠷᠤᠭᠰᠠᠨ ᠪᠠᠶᠢᠳᠠᠯ ᠤᠨ ᠲᠤᠬᠠᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠨ ᠰᠤᠳᠤᠯᠤᠯᠲᠠ ᠬᠢᠪᠡ᠃ ᠲᠡᠷᠡ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠪᠠᠨ ᠴᠢᠩᠭᠠᠳᠬᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠴᠢ ᠹᠧᠢ ᠶᠦᠨ ᠲᠥᠪ ᠤᠨ ᠭᠤᠷᠪᠠᠳᠤᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠲᠡᠷᠡ ᠰᠠᠨ ᠢ ᠴᠢᠤᠸᠠᠨ ᠪᠠᠯᠭᠠᠰᠤᠨ ᠤ ᠬᠤᠸᠠᠩ ᠴᠢ ᠶᠣᠣ ᠲᠣᠰᠬᠤᠨ ᠳᠤ ᠬᠦᠷᠴᠦ᠂ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠭᠤᠣᠯ ᠤᠨ ᠬᠥᠪᠡᠭᠡᠨ ᠤ ᠡᠯᠡᠰᠦ ᠮᠠᠯᠲᠠᠭᠰᠠᠨ ᠠᠴᠠ ᠪᠣᠯᠵᠤ ᠲᠣᠰᠬᠤᠨ ᠳᠤ ᠣᠷᠣᠬᠤ ᠵᠠᠮ ᠨᠡᠪᠲᠡᠷᠡᠬᠦ ᠶᠢᠨ ᠠᠷᠭ᠎ᠠ ᠦᠭᠡᠢ ᠪᠣᠯᠤᠭᠰᠠᠨ ᠠᠰᠠᠭᠤᠳᠠᠯ ᠢ ᠨᠠᠷᠢᠨ ᠣᠶᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠲᠤᠬᠠᠢ ᠲᠤᠬᠠᠢ ᠶᠢᠨ ᠲᠠᠯᠠᠪᠠᠢ ᠳᠤ ᠱᠠᠯᠠᠪᠳᠠᠭᠤᠯᠤᠨ ᠰᠢᠢᠳᠪᠦᠷᠢᠯᠡᠬᠦᠯᠪᠡ᠃ ᠲᠡᠷᠡ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠤᠯᠠᠨ ᠲᠦᠮᠡᠨ ᠦᠨᠡᠨᠬᠦ ᠬᠠᠨᠤᠮᠵᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠹᠧᠩᠵᠧᠨ ᠬᠤᠳᠠ ᠶᠢᠨ ᠰᠢᠨ ᠲᠠᠢ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ᠂ ᠴᠢ ᠹᠧᠢ ᠶᠦᠨ ᠠᠵᠤ ᠠᠬᠤᠶᠢᠯᠠᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠪᠠᠭᠠᠰᠬᠠᠬᠤ ᠂ ᠤᠰᠤ ᠶᠢ ᠠᠷᠪᠢᠯᠠᠵᠤ ᠬᠡᠷᠡᠭᠯᠡᠬᠦ ᠪᠠ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃ ᠲᠡᠷᠡ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ ᠦᠵᠡᠯᠲᠡ ᠪᠠᠨ ᠦᠨᠡᠨᠬᠦ ᠬᠤᠪᠢᠷᠠᠭᠤᠯᠵᠤ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ ᠪᠠᠨ ᠴᠢᠨᠠᠭᠰᠢᠳᠠ ᠰᠢᠯᠢᠳᠡᠭᠵᠢᠭᠦᠯᠵᠦ᠂ ︽ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠴᠢᠩᠭᠠᠳᠬᠠᠬᠤ︾ ᠠᠵᠢᠯ ᠢ ᠰᠠᠶᠢᠲᠤᠷ ᠬᠢᠵᠦ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠳᠤᠯ ᠦᠭᠡᠢ ᠬᠥᠭᠵᠢᠯᠲᠡ ᠲᠡᠰᠢ ᠬᠥᠭᠵᠢᠬᠦ ᠶᠢ ᠠᠬᠢᠭᠤᠯᠬᠤ ᠬᠡᠷᠡᠭᠲᠡᠢ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠵᠤ᠂ ᠦᠷ᠎ᠡ ᠪᠦᠲᠦᠭᠡᠯ ᠢ ᠬᠤᠪᠢᠷᠠᠭᠤᠯᠬᠤ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠪᠦᠬᠦ ᠲᠠᠯ᠎ᠠ ᠪᠠᠷ ᠬᠦᠴᠦᠯᠡᠵᠦ᠂ ᠪᠦᠬᠦ ᠬᠦᠴᠦᠨ ᠢᠶᠠᠷ ᠢᠶᠠᠨ ᠠᠵᠢᠯ ᠲᠦᠷᠦᠯ ᠤᠨ ᠰᠢᠨ᠎ᠡ ᠬᠡᠪ ᠳᠠᠭᠤᠷᠢᠶᠠᠯ ᠢ ᠡᠭᠦᠳᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠭᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠴᠢᠩᠭᠠᠳᠬᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠦᠭᠰᠢᠭᠦᠷᠢ ᠮᠡᠳᠡᠭᠦᠯᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠬᠠᠭᠤᠯᠭ᠎ᠠ ᠪᠣᠯᠪᠠᠰᠤᠷᠠᠯ ᠢ ᠲᠠᠰᠤᠷᠠᠯᠲᠠ ᠦᠭᠡᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃     ᠹᠧᠩᠵᠧᠨ ᠬᠤᠲᠠ ᠶᠢᠨ ᠲᠦᠩ ᠸᠠᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ᠂ ᠴᠢ ᠹᠧᠢ ᠶᠦᠨ ᠬᠢᠵᠠᠭᠠᠷᠯᠠᠬᠤ ᠲᠦᠷᠦᠯ ᠤᠨ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠤᠬᠤᠷᠢᠨ ᠭᠠᠷᠬᠤ ᠠᠬᠢᠴᠠ ᠶᠢᠨ ᠪᠠᠶᠢᠳᠠᠯ ᠢ ᠭᠦᠨᠵᠡᠭᠡᠢ ᠣᠶᠢᠯᠠᠭᠠᠵᠤ᠂ ᠬᠤᠴᠤᠷᠤᠩᠭᠤᠢ ᠪᠠᠶᠢᠳᠠᠯ ᠢ ᠭᠡᠭᠡᠭᠳᠡᠭᠦᠯᠬᠦ ᠪᠠ ᠦᠯᠡᠭᠦᠦ ᠦᠢᠯᠡᠳᠪᠦᠷᠢᠯᠡᠯ ᠤᠨ ᠴᠢᠳᠠᠪᠤᠷᠢ ᠶᠢ ᠪᠠᠭᠠᠰᠬᠠᠬᠤ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠠᠬᠢᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠬᠥᠭᠵᠢᠯᠲᠡ ᠶᠢᠨ ᠰᠡᠳᠬᠢᠴᠡ ᠪᠠᠨ ᠰᠢᠯᠢᠳᠡᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠪᠣᠯᠣᠨ ᠠᠵᠤ ᠠᠬᠤᠢ ᠨᠡᠶᠢᠭᠡᠮ ᠤᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠳᠠ ᠶᠢᠨ ᠤᠳᠤᠷᠢᠳᠤᠯᠭ᠎ᠠ ᠶᠦᠨ ᠫᠧᠩ ᠭᠠᠩ᠂ ᠭᠥᠩ ᠵᠢᠶᠠᠨ᠂ ᠶᠤᠸᠠᠨ ᠰᠢᠶᠣᠣ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                    ᠵᠤᠬᠢᠶᠠᠭᠴᠢ᠄ ᠳ᠋ᠧᠩ ᠰᠢᠤ ᠰᠢᠤ                    ᠤᠷᠴᠢᠭᠤᠯᠤᠭᠴᠢ᠄ ᠬᠦᠰᠡᠯ                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2