ᠱᠠᠩᠳᠤ ᠰᠢᠶᠠᠨ ᠣᠯᠠᠨ ᠠᠷᠭ᠎ᠠ ᠬᠡᠮᠵᠢᠶ᠎ᠡ ᠠᠪᠴᠤ ᠬᠠᠶᠠᠭᠳᠠᠮᠠᠯ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/4/20
     ᠨᠢᠭᠡ ᠳᠤ ᠢᠳᠡᠪᠬᠢᠲᠡᠶ ᠪᠠᠷ ᠤᠬᠠᠭᠤᠯᠤᠨ ᠬᠥᠲᠥᠯᠥᠨ ᠵᠢᠯᠣᠭᠤᠳᠴᠤ᠂ ᠤᠯᠠᠨ ᠲᠦᠮᠡᠨ ᠤ ᠣᠷᠣᠯᠴᠠᠬᠤ ᠤᠬᠠᠮᠰᠠᠷ ᠢ ᠳᠡᠭᠡᠭᠰᠢᠯᠡᠭᠦᠯᠪᠡ᠃ ᠬᠠᠷᠢᠶ᠎ᠠ ᠣᠷᠣᠨ ᠤ ᠬᠠᠮᠢᠶᠠᠷᠤᠯᠲᠠ ᠪᠠ ︽ᠬᠡᠨ ᠬᠡᠷᠡᠭᠯᠡᠪᠡᠯ ᠬᠡᠨ ᠴᠡᠪᠡᠷᠯᠡᠵᠦ᠂ ᠬᠡᠨ ᠪᠣᠬᠢᠷᠲᠤᠭᠤᠯᠪᠠᠯ ᠬᠡᠨ ᠵᠠᠰᠠᠬᠤ︾ ᠵᠠᠷᠴᠢᠮ ᠶᠣᠰᠣᠭᠠᠷ᠂ ᠵᠢᠵᠢᠭ ᠲᠠᠭᠤᠨ ᠳᠠᠪᠲᠠᠮᠵᠢ ᠶᠢᠨ ᠷᠠᠳᠢᠣ᠋ ᠨᠡᠪᠲᠡᠷᠡᠭᠦᠯᠭᠡ᠂ ᠰᠣᠨᠢᠨ ᠮᠡᠳᠡᠭᠡᠨ ᠤ ᠵᠠᠭᠤᠴᠢᠯᠠᠭᠤᠷ ᠪᠠ ᠰᠦᠯᠵᠢᠶᠡᠨ ᠤ ᠲᠠᠪᠴᠠᠩ ᠢ ᠭᠦᠶᠴᠡᠳ ᠠᠰᠢᠭᠯᠠᠨ᠂ ᠮᠠᠲ᠋ᠧᠷᠢᠶᠠᠯ ᠲᠠᠷᠬᠠᠭᠠᠬᠤ ᠲᠠᠢ ᠤᠶᠠᠯᠳᠤᠭᠤᠯᠤᠨ᠂ ᠲᠤᠰᠬᠠᠶ ᠴᠡᠭᠴᠡᠯᠡᠨ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠥᠷᠨᠢᠭᠦᠯᠵᠦ᠂ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠠᠶᠠᠭᠳᠠᠮᠠᠯ ᠦᠯᠡᠳᠡᠭᠳᠡᠯ ᠪᠦᠷᠬᠦᠪᠴᠢ ᠶᠢᠨ ᠲᠠᠷᠢᠶᠠᠨ ᠭᠠᠵᠠᠷ ᠢ ᠪᠣᠬᠢᠷᠳᠤᠭᠤᠯᠬᠤ ᠳᠠᠯᠳᠠ ᠬᠥᠨᠥᠭᠡᠯ ᠢ ᠶᠡᠬᠡᠪᠡᠷ ᠤᠬᠠᠭᠤᠯᠵᠤ᠂ ᠡᠯ᠎ᠡ ᠰᠢᠶᠠᠩ ᠪᠠᠯᠭᠠᠰᠤ ᠶᠢᠨ ᠺᠠᠳ᠋ᠷ ᠣᠯᠠᠨ ᠲᠦᠮᠡᠨ ᠬᠠᠮᠲᠤᠪᠠᠷ ᠬᠠᠶᠠᠭᠳᠠᠮᠠᠯ ᠰᠦᠯᠢᠶᠣᠣ ᠪᠦᠷᠬᠦᠪᠴᠢ ᠶᠢ ᠴᠡᠭᠴᠡᠯᠡᠨ ᠵᠠᠰᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃      ᠬᠤᠶᠠᠷ ᠲᠤ᠂ ᠤᠷᠠᠭᠳᠠᠵᠤ ᠨᠠᠪᠲᠠᠷᠠᠭᠰᠠᠨ ᠪᠦᠷᠬᠦᠪᠴᠢ ᠶᠢ ᠬᠤᠷᠢᠶᠠᠨ ᠠᠪᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠳᠠᠯᠠᠵᠤ᠂ ᠬᠠᠶᠠᠭᠳᠠᠮᠠᠯ ᠰᠦᠯᠢᠶᠣᠣ ᠪᠦᠷᠬᠦᠪᠴᠢ ᠶᠢ ᠰᠢᠲᠠᠭᠠᠬᠤ ᠶᠢ ᠡᠷᠡᠰ ᠴᠠᠭᠠᠵᠠᠯᠠᠪᠠ᠃ ᠷᠠᠳᠢᠣ᠋ ᠨᠡᠪᠲᠡᠷᠡᠭᠦᠯᠭᠡ ᠶᠢᠨ ᠤᠬᠠᠭᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠬᠠᠭᠤᠯᠭ᠎ᠠ ᠶᠢ ᠭᠦᠨᠵᠡᠭᠡᠶ ᠥᠷᠨᠢᠭᠦᠯᠪᠡ᠃ ᠨᠢᠭᠡ ᠭᠠᠷᠠᠭ ᠤᠨ ᠲᠤᠷᠰᠢ ᠬᠠᠤᠯᠢ ᠬᠡᠷᠡᠭᠵᠢᠭᠦᠯᠬᠦ ᠲᠡᠷᠭᠡ ᠶᠢ ᠨᠡᠶᠢᠲᠡ 27 ᠲᠡᠷᠭᠡ \ ᠤᠳᠠᠭ᠎ᠠ᠂ ᠬᠠᠤᠯᠢ ᠬᠡᠷᠡᠭᠵᠢᠭᠦᠯᠬᠦ ᠠᠵᠢᠯᠲᠠᠨ 123 ᠬᠥᠮᠦᠨ ᠬᠥᠳᠡᠯᠭᠡᠵᠦ᠂ ︽ᠤᠯᠠᠭᠠᠨᠴᠠᠪ ᠬᠤᠲᠠ ᠶᠢᠨ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠪᠠ ︽ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠮᠡᠳᠡᠭᠳᠡᠯ ᠤᠨ ᠪᠢᠴᠢᠭ︾ ᠢ 2064 ᠬᠤᠪᠢ ᠲᠠᠷᠬᠠᠭᠠᠵᠤ᠂ ᠰᠦᠯᠢᠶᠣᠣ ᠪᠦᠷᠬᠦᠪᠴᠢ ᠶᠢᠨ ᠤᠬᠠᠭᠤᠯᠭ᠎ᠠ ᠶᠢᠨ ᠡᠯᠭᠦᠭᠡ ᠪᠢᠴᠢᠭᠡᠰᠦ ᠶᠢ 183 ᠡᠯᠭᠦᠭᠰᠡᠨ ᠪᠠᠶᠢᠨ᠎ᠠ᠃ ᠤᠬᠠᠭᠤᠯᠭ᠎ᠠ ᠪᠠᠷ ᠳᠠᠮᠵᠢᠭᠤᠯᠤᠨ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠤᠯᠠᠨ ᠲᠦᠮᠡᠨ ᠳᠤ ᠲᠠᠷᠢᠶᠠᠯᠠᠩ ᠤᠨ ᠠᠷᠢᠭᠤᠨ ᠴᠡᠪᠡᠷ ᠦᠢᠯᠡᠳᠪᠦᠷᠢᠯᠡᠯ ᠤᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠲᠠᠷᠢᠶᠠᠴᠢᠨ ᠤᠯᠠᠨ ᠲᠦᠮᠡᠨ ᠳᠤ ᠲᠠᠷᠢᠶᠠᠨ ᠭᠠᠵᠠᠷ ᠤᠨ ᠬᠠᠶᠠᠭᠳᠠᠮᠠᠯ ᠰᠦᠯᠢᠶᠣᠣ ᠪᠦᠷᠬᠦᠪᠴᠢ ᠶᠢᠨ ᠦᠯᠡᠳᠡᠭᠳᠡᠯ ᠤᠨ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠳᠤ ᠤᠴᠠᠷᠠᠭᠤᠯᠬᠤ ᠬᠤᠣᠷ ᠬᠥᠨᠥᠭᠡᠯ ᠢ ᠦᠨᠡᠨ ᠬᠦ ᠲᠠᠨᠢᠭᠤᠯᠪᠠ᠃ ᠤᠬᠠᠭᠤᠯᠭ᠎ᠠ ᠬᠢᠵᠦ ᠬᠢᠨᠠᠨ ᠪᠠᠶᠢᠴᠠᠭᠠᠬᠤ ᠶᠠᠪᠤᠴᠠ ᠳᠤ᠂ ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ ᠢ 48 ᠬᠤᠪᠢ ᠪᠠᠭᠤᠯᠭᠠᠵᠤ᠂ ᠭᠠᠴᠠᠭᠠᠨ ᠤ ᠠᠷᠠᠳ ᠤᠨ ᠵᠥᠪᠯᠡᠯ ᠳᠤ 11 ᠬᠤᠪᠢ᠂ ᠲᠠᠷᠢᠮᠠᠯ ᠤᠨ ᠲᠣᠮᠣ ᠡᠷᠦᠬᠡ ᠳᠤ 37 ᠬᠤᠪᠢ ᠬᠤᠯᠪᠣᠭᠳᠠᠵᠤ ᠂ ᠡᠯ᠎ᠡ ᠭᠠᠴᠠᠭᠠᠨ ᠤ ᠠᠷᠠᠳ ᠤᠨ ᠵᠥᠪᠯᠡᠯ ᠤᠨ ᠬᠠᠷᠢᠶ᠎ᠠ ᠣᠷᠣᠨ ᠳᠠᠬᠢ ᠰᠦᠯᠢᠶᠣᠣ ᠪᠦᠷᠬᠦᠪᠴᠢ ᠲᠠᠢ ᠲᠠᠷᠢᠶᠠᠴᠢᠨ ᠡᠷᠦᠬᠡ ᠶᠢ ᠰᠢᠪᠠᠳᠠᠵᠤ᠂ ᠥᠪᠡᠷ ᠤᠨ ᠲᠠᠷᠢᠶᠠᠨ ᠭᠠᠵᠠᠷ ᠲᠠᠬᠢ ᠬᠠᠶᠠᠭᠳᠠᠮᠠᠯ  ᠰᠦᠯᠢᠶᠣᠣ ᠪᠦᠷᠬᠦᠪᠴᠢ ᠶᠢ ᠪᠦᠬᠦ ᠲᠠᠯ᠎ᠠ ᠪᠠᠷ ᠴᠡᠪᠡᠷᠯᠡᠭᠦᠯᠵᠦ᠂ ᠳᠤᠷ᠎ᠠ ᠪᠠᠷ ᠢᠶᠠᠨ ᠬᠠᠶᠠᠬᠤ᠂ ᠪᠤᠯᠠᠬᠤ ᠪᠤᠶᠤ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠰᠢᠶᠠᠩ ᠪᠠᠯᠭᠠᠰᠤᠨ ᠤ ᠪᠠᠶᠢᠭᠤᠯᠤᠭᠰᠠᠨ ᠬᠤᠷᠢᠶᠠᠨ ᠠᠪᠬᠤ ᠲᠣᠣᠷ ᠴᠡᠭ ᠲᠤ ᠨᠢᠭᠡᠳᠦᠯᠲᠡᠶ ᠲᠤᠰᠢᠶᠠᠯᠭᠠᠪᠠ᠃      ᠭᠤᠷᠪᠠ ᠳᠤ᠂ ᠡᠬᠢ ᠡᠭᠦᠰᠦᠯ ᠠᠴᠠ ᠨᠢ ᠵᠠᠰᠠᠬᠤ ᠶᠢ ᠨᠠᠶᠢᠳᠠᠪᠤᠷᠢᠵᠢᠭᠤᠯᠵᠤ᠂ ᠵᠠᠰᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠪᠠ᠃ ᠥᠷᠭᠡᠨ ᠤᠯᠠᠨ ᠲᠠᠷᠢᠶᠠᠴᠢᠨ᠂ ᠢᠯᠠᠩᠭᠤᠶ᠎ᠠ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠲᠤᠮᠤ ᠡᠷᠦᠭᠡ ᠵᠡᠷᠭᠡ ᠬᠡᠪᠴᠢᠶᠡᠵᠢᠭᠰᠡᠨ ᠡᠵᠡᠩᠨᠡᠯᠲᠡ ᠶᠢᠨ ᠪᠡᠶᠡᠴᠢ ᠴᠣᠭᠴᠠ ᠶᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ᠂ ᠡᠷᠴᠢᠮ ᠢᠶᠠᠷ ᠴᠢᠩᠭ᠎ᠠ᠂ ᠡᠭᠡᠭᠦᠯᠦᠨ ᠬᠤᠷᠢᠶᠠᠬᠤ ᠳᠤ ᠠᠮᠠᠷᠬᠠᠨ ᠪᠠᠷᠢᠮᠵᠢᠶᠠᠲᠤ ᠰᠦᠯᠢᠶᠣᠣ ᠪᠦᠷᠬᠦᠪᠴᠢ ᠶᠢ ᠬᠡᠷᠡᠭᠯᠡᠵᠦ᠂ ᠤᠯᠤᠰ ᠤᠨ ᠪᠠᠷᠢᠮᠵᠢᠶ᠎ᠠ ᠳᠤ ᠦᠯᠦ ᠨᠡᠶᠢᠴᠡᠬᠦ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢ ᠱᠠᠩᠳᠤ ᠰᠢᠶᠠᠨ ᠳᠤ ᠪᠣᠷᠣᠯᠠᠭᠤᠯᠬᠤ᠂ ᠬᠡᠷᠡᠭᠯᠡᠬᠦ ᠶᠢ ᠡᠷᠡᠰ ᠬᠤᠷᠢᠭᠯᠠᠪᠠ᠃ ᠰᠦᠯᠢᠶᠣᠣ ᠪᠦᠷᠬᠦᠪᠴᠢ ᠶᠢᠨ ᠪᠣᠬᠢᠷᠲᠤᠯ ᠢ ᠵᠠᠰᠠᠬᠤ ᠡᠷᠴᠢᠮ ᠢ ᠴᠢᠩᠭᠠᠷᠠᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠶᠢ ᠴᠢᠩᠭᠠᠷᠠᠭᠤᠯᠤᠨ᠂ ᠠᠮᠢᠳᠤ ᠪᠣᠳᠠᠰ ᠤᠨ ᠵᠠᠳᠠᠷᠠᠳᠠᠭ ᠪᠦᠷᠬᠦᠭᠦᠯ ᠢ ᠡᠮᠬᠢ ᠵᠢᠷᠤᠮ ᠲᠠᠢ ᠳᠡᠯᠭᠡᠷᠡᠭᠦᠯᠦᠨ ᠬᠡᠷᠡᠭᠯᠡᠵᠦ᠂ ᠪᠥᠭᠡᠭᠡᠨᠡᠷᠡᠯ ᠡᠲ᠋ᠧᠨ ᠤ ᠨᠢᠮᠭᠡᠨ ᠪᠦᠷᠬᠦᠭᠦᠯ ᠤᠨ ᠲᠠᠷᠢᠶᠠᠨ ᠭᠠᠵᠠᠷ ᠤᠨ ᠣᠷᠴᠢᠨ ᠲᠣᠭᠤᠷᠢᠨ ᠤ ᠪᠣᠬᠢᠷᠲᠤᠯ ᠳᠤ ᠤᠴᠠᠷᠠᠭᠤᠯᠬᠤ ᠬᠤᠤᠷ ᠬᠥᠨᠥᠭᠡᠯ ᠢ ᠠᠯᠬᠤᠮ ᠠᠯᠬᠤᠮ ᠢᠶᠠᠷ ᠪᠠᠭᠠᠰᠬᠠᠪᠠ᠃                                               ᠣᠷᠴᠢᠭᠤᠯᠤᠭᠴᠢ᠄ ᠤᠳᠠ                                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2