ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢᠵᠢᠯ ᠤᠨ ᠡᠵᠡᠩᠨᠡᠯᠲᠡ ᠶᠢᠨ ᠣᠷᠴᠢᠨ ᠳᠤᠭᠤᠷᠢᠨ ᠢ ᠪᠦᠬᠦ ᠬᠦᠴᠤᠨ ᠢᠶᠠᠷ ᠢᠶᠠᠨ ᠦᠷᠭᠦᠯᠵᠢᠯᠡᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2022/4/20
ᠭᠤᠣᠯ ᠰᠡᠳᠤᠪ᠄ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢᠵᠢᠯ ᠤᠨ ᠡᠵᠡᠩᠨᠡᠯᠲᠡ ᠶᠢᠨ ᠣᠷᠴᠢᠨ ᠳᠤᠭᠤᠷᠢᠨ ᠢ ᠪᠦᠬᠦ ᠬᠦᠴᠤᠨ ᠢᠶᠠᠷ ᠢᠶᠠᠨ ᠦᠷᠭᠦᠯᠵᠢᠯᠡᠨ ᠰᠢᠯᠢᠳᠡᠭᠵᠢᠭᠦᠯᠪᠡᠴᠠᠭ᠄ 2022 ᠤᠨ 04 ᠰᠠᠷ᠎ᠠ ᠶᠢᠨ 18 ᠤ ᠡᠳᠦᠷ ᠤᠨ 09 ᠴᠠᠭᠰᠤᠷᠪᠤᠯᠵᠢᠯᠠᠭ᠎ᠠ ᠬᠦᠯᠢᠶᠡᠭᠴᠢ᠄ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠴᠠᠩ ᠯᠢ ᠴᠢᠨᠲᠣᠪᠴᠢ ᠠᠭᠤᠯᠭ᠎ᠠ     ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠳᠤᠭᠤᠷᠢᠨ ᠢ ᠰᠢᠯᠢᠳᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠠᠵᠢᠯ ᠳᠤ ᠦᠢᠯᠡᠴᠢᠯᠡᠨ᠎ᠡ     ᠰᠣᠷᠪᠤᠯᠵᠢᠯᠠᠭ᠎ᠠ     ︽ᠰᠤᠷᠪᠤᠯᠵᠢᠯᠠᠭᠴᠢ︾᠄ ᠲᠠ ᠪᠢᠳᠡᠨ ᠳᠤ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠳᠤᠭᠤᠷᠢᠨ ᠢ ᠰᠢᠯᠢᠳᠡᠭᠵᠢᠭᠦᠯᠬᠦ ᠲᠤᠬᠠᠢ ᠶᠡᠭᠡ ᠶᠠᠷᠢᠯᠴᠠᠭᠠᠨ ᠤ ᠠᠵᠢᠯᠯᠠᠭ᠎ᠠ ᠶᠢᠨ ᠠᠵᠢᠯ ᠤᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖     ︽ᠴᠠᠩ ᠯᠢ ᠴᠢᠨ︾᠄ ᠶᠡᠭᠡ ᠶᠠᠷᠢᠯᠴᠠᠭᠠᠨ ᠤ ᠠᠵᠢᠯᠯᠠᠭ᠎ᠠ ᠠᠴᠠ ᠨᠠᠰᠢ᠂ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠴᠠᠭᠠᠵᠠ ᠵᠠᠰᠠᠭ ᠵᠠᠬᠢᠷᠭᠠᠨ ᠤ ᠠᠵᠢᠯ ᠤᠨ ᠬᠠᠤᠯᠢ ᠴᠠᠭᠠᠵᠠ ᠶᠢᠨ ᠦᠢᠯᠡᠴᠢᠯᠡᠭᠡ ᠬᠠᠤᠯᠢ ᠴᠠᠭᠠᠵᠠ ᠶᠢᠨ ᠪᠠᠲᠤᠯᠠᠭ᠎ᠠ ᠶᠢᠨ ᠡᠭᠦᠷᠭᠡ ᠬᠠᠷᠢᠭᠤᠴᠠᠯᠭ᠎ᠠ ᠳᠤ ᠰᠠᠭᠤᠷᠢᠯᠡᠨ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠢᠯᠡᠴᠢᠯᠡᠭᠡ ᠪᠠᠲᠤᠯᠠᠪᠤᠷᠢ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠢᠨ ᠬᠤᠯᠪᠤᠭᠠᠯᠠᠨ ᠬᠥᠳᠡᠯᠦᠯᠴᠡᠬᠦ᠂ ᠨᠢᠭᠡ ᠴᠣᠭᠴᠠᠵᠢᠭᠤᠯᠤᠨ ᠵᠣᠬᠢᠶᠠᠨ ᠪᠠᠶᠢᠭᠤᠯᠬᠤ᠂ ᠵᠣᠬᠢᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠡᠵᠡᠩᠨᠡᠯᠲᠡ ᠶᠢ ᠰᠢᠯᠢᠳᠡᠭᠵᠢᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠬᠠᠤᠯᠢ ᠴᠠᠭᠠᠵᠠ ᠵᠠᠰᠠᠭ ᠵᠠᠬᠢᠷᠭᠠᠨ ᠤ ᠠᠵᠢᠯ ᠤᠨ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃     ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠶᠡᠭᠡ ᠶᠠᠷᠢᠯᠴᠠᠭ᠎ᠠ ᠡᠬᠢᠯᠡᠮᠡᠭᠴᠡ᠂ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠠᠷᠤᠢ ᠲᠦᠷᠭᠡᠨ ᠴᠤᠤᠷᠢᠶᠠᠲᠤᠨ ᠳᠠᠭᠠᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠦᠬᠦ ᠵᠢᠯ ᠤᠨ ᠴᠢᠬᠤᠯᠠ ᠠᠵᠢᠯ ᠤᠨ ᠵᠥᠪᠯᠡᠬᠦ ᠵᠦᠢᠯ ᠳᠡᠭᠡᠨ ᠣᠷᠣᠭᠤᠯᠪᠠ᠃ ᠨᠢᠭᠡᠴᠢ ᠶᠢᠨ ᠨᠢᠭᠡᠳᠦᠭᠡᠷ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠶᠡᠭᠡ ᠶᠠᠷᠢᠯᠴᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠶᠡᠭᠡ ᠶᠠᠷᠢᠯᠴᠠᠭᠠᠨ ᠤ ᠠᠵᠢᠯ ᠢ ᠲᠤᠰᠬᠠᠢ ᠬᠥᠮᠥᠨ ᠠᠳᠬᠤᠵᠤ᠂ ᠲᠤᠰᠬᠠᠢ ᠬᠥᠮᠥᠨ ᠢᠶᠠᠷ ᠬᠠᠮᠢᠶᠠᠷᠤᠭᠤᠯᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ ᠲᠡᠷᠡ ᠳᠠᠷᠤᠢ ᠳᠤᠨᠢ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠣᠯᠣᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠢ ᠬᠤᠷᠠᠯᠳᠤᠭᠤᠯᠵᠤ ᠶᠡᠭᠡ ᠶᠠᠷᠢᠯᠴᠠᠭᠠᠨ ᠤ ᠲᠤᠰᠬᠠᠢ ᠠᠵᠢᠯ ᠢ ᠰᠤᠳᠤᠯᠤᠨ ᠪᠠᠶᠢᠷᠢᠯᠠᠭᠤᠯᠵᠤ᠂ ᠶᠡᠭᠡ ᠶᠠᠷᠢᠯᠴᠠᠭᠠᠨ ᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠪᠡ᠃【ᠰᠤᠷᠪᠤᠯᠵᠢᠯᠠᠭᠴᠢ】 ᠲᠠ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠶᠡᠭᠡ ᠶᠠᠷᠢᠯᠴᠠᠭᠠᠨ ᠤ ᠠᠵᠢᠯ ᠤᠨ ᠡᠯ᠎ᠡ ᠱᠠᠲᠤᠨ ᠳᠠᠬᠢ ᠪᠣᠳᠠᠲᠠᠢ ᠠᠭᠤᠯᠭ᠎ᠠ ᠶᠢ ᠨᠠᠷᠢᠨ ᠶᠠᠷᠢᠭᠠᠷᠠᠢ᠃     ︽ᠴᠠᠩ ᠯᠢ ᠴᠢᠨ︾ ᠲᠥᠪᠯᠡᠷᠡᠭᠦᠯᠦᠨ ᠰᠤᠷᠤᠯᠴᠠᠬᠤ ᠱᠠᠲᠤᠨ ᠳᠤ᠂ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠪᠠ᠃ ᠬᠤᠳᠠᠯᠳᠤᠭ᠎ᠠ ᠡᠷᠬᠢᠯᠡᠬᠦ ᠤᠷᠴᠢᠨ ᠳᠤᠭᠤᠷᠢᠨ ᠤ ᠰᠤᠷᠤᠯᠴᠠᠯᠭ᠎ᠠ ᠶᠠᠷᠢᠯᠴᠠᠭ᠎ᠠ ᠶᠢ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠶᠢᠨ ᠲᠥᠯᠥᠪᠯᠡᠭᠡ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭᠠᠨ ᠤ ᠲᠠᠨᠢᠯᠲᠠ ᠪᠠᠨ ᠴᠢᠩᠭᠠᠳᠬᠠᠬᠤ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠬᠤ᠂ ᠠᠵᠢᠯ ᠬᠢᠵᠦ ᠦᠢᠯᠡᠰ ᠴᠣᠭᠴᠠᠯᠠᠬᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠶᠢ ᠬᠥᠲᠥᠯᠥᠨ ᠵᠢᠯᠤᠭᠤᠳᠴᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠶᠢ ᠬᠥᠲᠥᠯᠥᠨ ᠵᠣᠷᠢᠭᠵᠢᠭᠤᠯᠪᠡ᠃     ᠰᠤᠳᠤᠯᠤᠨ ᠶᠠᠷᠢᠯᠴᠠᠵᠤ ᠪᠠᠶᠢᠴᠠᠭᠠᠨ ᠦᠵᠡᠬᠦ ᠱᠠᠲᠤᠨ ᠳᠤ᠂ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠪᠠᠰᠠ ᠶᠡᠭᠡ ᠶᠠᠷᠢᠯᠴᠠᠬᠤ ᠠᠵᠢᠯᠯᠠᠭ᠎ᠠ ᠶᠢᠨ ᠰᠤᠳᠤᠯᠤᠨ ᠶᠠᠷᠢᠯᠴᠠᠵᠤ ᠪᠠᠶᠢᠴᠠᠭᠠᠨ ᠦᠵᠡᠬᠦ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠢᠵᠦ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠵᠢᠴᠢ ᠠᠵᠤ ᠠᠬᠤᠶᠢᠯᠠᠯ ᠳᠤ ᠭᠦᠨᠵᠡᠭᠡᠶᠢᠷᠡᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠲᠦᠷᠦᠯ ᠤᠨ ᠬᠠᠤᠯᠢᠵᠢᠯ ᠤᠨ ᠤᠬᠠᠭᠤᠯᠭ᠎ᠠ᠂ ᠬᠠᠤᠯᠢᠵᠢᠯ ᠤᠨ ᠪᠡᠶ᠎ᠡ ᠶᠢᠨ ᠪᠠᠶᠢᠴᠠᠭᠠᠯᠲᠠ ᠶᠢ ᠥᠷᠨᠢᠭᠦᠯᠵᠦ᠂ ᠢᠷᠭᠡᠨ ᠤ ᠬᠠᠤᠯᠢ ᠶᠢᠨ ᠪᠢᠴᠢᠭ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠮᠢᠩᠭ᠎ᠠ ᠰᠢᠬᠠᠮ ᠬᠤᠪᠢ ᠲᠠᠷᠬᠠᠭᠠᠵᠠᠢ᠃ ᠤᠳᠤᠷᠢᠳᠬᠤ ᠪᠠᠭ ︽9 ᠪᠠᠶᠢᠬᠤ ᠡᠰᠡᠬᠦ︾ ᠲᠠᠢ ᠨᠠᠷᠢᠨ ᠬᠢᠨᠠᠮᠠᠭᠠᠢ ᠬᠠᠷᠢᠴᠠᠭᠤᠯᠤᠨ ᠲᠤᠰ ᠪᠡᠶ᠎ᠡ ᠶᠢᠨ ᠠᠵᠢᠯ ᠤᠨ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠮᠳᠠ ᠣᠷᠣᠰᠢᠵᠤ ᠪᠠᠶᠢᠭ᠎ᠠ ᠡᠯ᠎ᠡ ᠲᠦᠷᠦᠯ ᠤᠨ ᠠᠰᠠᠭᠤᠳᠠᠯ ᠢ ᠭᠦᠨᠵᠡᠭᠡᠢ ᠡᠷᠢᠵᠦ᠂ ᠬᠤᠪᠢ ᠬᠥᠮᠥᠨ ᠤ ᠪᠠᠶᠢᠴᠠᠭᠠᠨ ᠦᠵᠡᠭᠰᠡᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠠᠢ᠃     ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠱᠠᠲᠤᠨ ᠳᠤ᠂ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠡᠭᠦᠳᠡ ᠪᠠᠨ ᠨᠡᠭᠡᠭᠡᠵᠦ ᠢᠳᠬᠠᠯ ᠠᠪᠤᠭᠰᠠᠨ ᠵᠢᠴᠢ ᠪᠠᠶᠢᠴᠠᠭᠠᠨ ᠦᠵᠡᠭᠰᠡᠨ ᠦᠷ᠎ᠡ ᠳ᠋ᠦᠩ ᠢ ᠦᠨᠳᠦᠰᠦᠯᠡᠨ᠂ ᠭᠤᠷᠪᠠᠨ ᠲᠠᠯ᠎ᠠ ᠶᠢᠨ ᠠᠰᠠᠭᠤᠳᠠᠯ ᠢ ᠬᠤᠷᠢᠶᠠᠩᠭᠤᠶᠢᠯᠠᠨ ᠳ᠋ᠦᠩᠨᠡᠵᠦ᠂ ᠠᠰᠠᠭᠤᠳᠠᠯ ᠤᠨ ᠡᠬᠡ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠠᠶᠢᠭᠤᠯᠤᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠤᠯᠢᠵᠢᠯ ᠤᠨ ᠱᠠᠩᠳᠤ ᠰᠢᠶᠠᠨ ᠤ ᠤᠯᠠᠨ ᠨᠡᠶᠢᠲᠡ ᠶᠢᠨ ᠲᠠᠪᠴᠠᠩ ᠳᠤ ᠨᠡᠶᠢᠲᠡᠯᠡᠵᠦ᠂ ᠠᠵᠤ ᠠᠬᠤᠶᠢᠯᠠᠯᠲᠠᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠠᠮᠤᠭ ᠤᠨ ᠲᠦᠷᠦᠭᠦᠨ ᠳᠤ ᠣᠯᠵᠤ ᠬᠠᠷᠠᠭᠤᠯᠬᠤ ᠶᠢᠨ ᠬᠠᠮᠲᠤ ᠰᠠᠨᠠᠭᠤᠯᠭ᠎ᠠ ᠳᠤᠷᠠᠳᠪᠠ᠃ ᠡᠭᠦᠨ ᠤ ᠬᠠᠮᠲᠤ ᠬᠠᠤᠯᠢᠵᠢᠯ ᠤᠨ ᠡᠵᠡᠩᠨᠡᠯᠲᠡ ᠶᠢᠨ ᠣᠷᠴᠢᠨ ᠳᠤᠭᠤᠷᠢᠨ ᠢ ᠰᠢᠯᠢᠳᠡᠭᠵᠢᠭᠦᠯᠬᠦ ᠶᠡᠭᠡ ᠶᠠᠷᠢᠯᠴᠠᠭᠠᠨ ᠤ ᠠᠵᠢᠯᠯᠠᠭ᠎ᠠ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠬᠤᠷᠠᠯᠳᠤᠭᠤᠯᠪᠠ᠃【ᠰᠤᠷᠪᠤᠯᠵᠢᠯᠠᠭᠴᠢ】 ᠲᠠ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠠᠭᠠᠴᠢ ᠶᠢᠨ ᠠᠵᠢᠯ ᠤᠨ ᠲᠥᠯᠥᠪᠯᠡᠭᠡ ᠶᠢ ᠶᠠᠷᠢᠭᠠᠷᠠᠢ᠃     ︽ᠴᠠᠩ ᠯᠢ ᠴᠢᠨ︾᠄ ᠶᠡᠭᠡ ᠶᠠᠷᠢᠯᠴᠠᠭᠠᠨ ᠤ ᠠᠵᠢᠯᠯᠠᠭ᠎ᠠ ᠤᠳᠠᠯ ᠦᠭᠡᠢ ᠳᠠᠭᠤᠰᠬᠤ ᠭᠡᠵᠦ ᠪᠠᠶᠢᠭ᠎ᠠ ᠪᠣᠯᠪᠠᠴᠤ ᠬᠠᠤᠯᠢᠵᠢᠯ ᠤᠨ ᠡᠵᠡᠩᠨᠡᠯᠲᠡ ᠶᠢᠨ ᠣᠷᠴᠢᠨ ᠳᠤᠭᠤᠷᠢᠨ ᠢ ᠰᠢᠯᠢᠳᠡᠭᠵᠢᠭᠦᠯᠬᠦ ᠨᠢ ᠬᠡᠵᠢᠶᠡᠳᠡ ᠳᠠᠭᠤᠰᠤᠰᠢ ᠦᠭᠡᠢ ᠶᠤᠮ᠃ ᠱᠠᠩᠳᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠤᠶᠢᠰᠢᠳᠠ ᠶᠢᠨ ᠠᠵᠢᠯ ᠳᠤᠮᠳᠠ ᠪᠠᠨ ᠦᠷᠭᠦᠯᠵᠢᠯᠡᠨ ᠬᠦᠴᠦᠯᠡᠵᠦ᠂ ᠦᠢᠯᠡᠴᠢᠯᠡᠭᠡᠨ ᠤ ᠪᠠᠲᠤᠯᠠᠪᠤᠷᠢ ᠶᠢᠨ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠱᠠᠩᠳᠤ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠨ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠠᠩᠭᠠᠬᠤ ᠪᠠᠷ ᠦᠷᠭᠦᠯᠵᠢᠯᠡᠨ ᠴᠢᠷᠮᠠᠶᠢᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2