ᠪᠥᠬᠦ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2022/4/21
ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇2022﹈ 7 ᠳ᠋ᠤᠭᠠᠷ ᠲᠣᠭᠠᠲᠤ      ᠪᠥᠬᠦ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠡᠷᠡᠭᠵᠢᠭᠦᠯᠬᠦ ᠰᠠᠨᠠᠯᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠦᠷᠢᠮ︾ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠮᠠᠨ ᠤ ᠬᠤᠲᠠ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠬᠦ ᠶᠢᠨ ᠲᠤᠰᠠᠳᠠ᠂ ᠡᠳᠦᠭᠡ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠᠷ ᠬᠠᠷᠠᠯᠲᠠ ᠪᠣᠯᠭᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ  ᠨᠢ ᠲᠣᠬᠢᠷᠠᠭᠤᠯᠬᠤ᠂ ᠲᠥᠷᠥᠯ ᠬᠤᠪᠢᠶᠠᠨ ᠵᠢᠯᠣᠭᠤᠳᠬᠤ᠂ ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠬᠤ᠂ ᠬᠥᠳᠡᠯᠦᠩᠭᠦᠶ ᠲᠡᠩᠴᠡᠭᠦᠷᠢ ᠲᠠᠢ ᠪᠠᠶᠢᠯᠭᠠᠬᠤ᠂ ᠬᠠᠷᠢᠭᠤᠴᠠᠯᠭ᠎ᠠ ᠡᠷᠬᠡ ᠶᠢ ᠲᠣᠳᠣᠷᠬᠠᠶᠢᠯᠠᠬᠤ᠂ ᠱᠠᠩᠨᠠᠬᠤ ᠰᠢᠳᠬᠡᠬᠦ ᠶᠢ ᠵᠡᠷᠭᠡ ᠪᠠᠷ ᠡᠷᠬᠢᠮᠯᠡᠬᠦ ᠵᠠᠷᠴᠢᠮ ᠤᠨ ᠶᠣᠰᠣᠭᠠᠷ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠪᠠ ᠲᠠᠷᠢᠶᠠᠴᠢᠨ ᠮᠠᠯᠴᠢᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠣᠷᠣᠯᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠯᠦᠭᠡ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠤᠯᠠᠨ ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠵᠢᠭᠦᠯᠵᠦ᠂ ᠨᠢᠭᠡᠳᠦᠯᠲᠡᠶ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠲᠣᠭᠲᠠᠭᠤᠨ ᠢᠶᠠᠷ ᠰᠡᠷᠭᠦᠭᠡᠬᠦ ᠪᠠ ᠲᠠᠷᠢᠶᠠᠴᠢᠨ ᠮᠠᠯᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠤᠨ᠎ᠠ᠃      ᠬᠤᠶᠠᠷ᠂ ᠭᠤᠣᠯ ᠬᠠᠷᠠᠯᠲᠠ      ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠴᠢᠩᠭᠠᠳᠬᠠᠬᠤ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠤᠯᠠᠮᠵᠢᠯᠠᠯᠲᠤ ᠦᠵᠡᠯᠲᠡ ᠶᠢ ᠦᠨᠡᠨᠬᠦ ᠬᠤᠪᠢᠷᠠᠭᠤᠯᠵᠤ᠂ ᠬᠥᠬᠡ ᠠᠭᠤᠯᠠ ᠬᠥᠬᠡᠮᠳᠦᠭ ᠤᠰᠤ ᠪᠣᠯ ᠠᠯᠳᠠᠨ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠨᠤᠲᠤᠭ ᠪᠡᠯᠴᠢᠭᠡᠷ ᠤᠨ ᠦᠶᠯᠡᠳᠪᠦᠷᠢᠯᠡᠯ ᠤᠨ ᠴᠢᠳᠠᠪᠤᠷᠢ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠨᠡᠭᠦᠷᠡᠰᠦᠲᠥ᠋ᠷᠥᠭᠴᠢ ᠶᠢ ᠬᠤᠷᠠᠭᠤᠯᠤᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ 2025 ᠣᠨ ᠪᠣᠯᠬᠤ ᠳᠤ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 40% ᠠᠴᠠ ᠳᠡᠭᠡᠭᠰᠢ ᠳᠤ ᠲᠣᠭᠲᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢ ᠦᠷᠭᠦᠯᠵᠢᠯᠡᠨ ᠰᠡᠷᠭᠦᠭᠡᠬᠦ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠬᠤᠤᠰ ᠠᠮᠵᠢᠯᠲᠠ ᠶᠢ ᠪᠡᠶᠡᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃      ᠭᠤᠷᠪᠠ᠂ ᠭᠤᠣᠯᠳᠠᠯᠭ᠎ᠠ ᠲᠠᠢ ᠠᠵᠢᠯ      ︵ᠨᠢᠭᠡ︶ ᠤᠢ ᠰᠢᠭᠤᠶ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠣᠯᠤᠨ ᠬᠠᠷᠢᠭᠤᠴᠠᠯᠭ᠎ᠠ ᠶᠢᠨ ᠰᠢᠰᠲ᠋ᠧᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠤᠳᠤᠷᠢᠳᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ︔ ᠠᠮᠢ ᠠᠬᠤᠶ ᠶᠢᠨ ᠣᠶ ᠰᠢᠭᠤᠶ ᠡᠪᠡᠰᠦ ᠪᠡᠯᠴᠢᠭᠡᠷ ᠬᠠᠮᠠᠭᠠᠯᠠᠭᠴᠢ ᠶᠢ ᠭᠦᠶᠴᠡᠳ ᠪᠥᠭᠡᠳ ᠴᠢᠩᠭ᠎ᠠ ᠳᠣᠭᠢᠷᠠᠭᠤᠯᠵᠤ᠂ ᠣᠶ ᠰᠢᠭᠤᠶ ᠡᠪᠡᠰᠦ ᠪᠡᠯᠴᠢᠭᠡᠷ ᠬᠠᠮᠠᠭᠠᠯᠠᠭᠴᠢ ᠶᠢᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠲᠡᠭᠦᠯᠳᠡᠷᠵᠢᠭᠦᠯᠦᠨ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠢ ᠵᠦᠶ ᠵᠣᠬᠢᠰᠲᠠᠶ ᠬᠤᠪᠢᠶᠠᠷᠢᠯᠠᠨ ᠲᠣᠭᠲᠠᠭᠠᠵᠤ᠂ ᠲᠣᠤᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ 2022 ᠣᠨ ᠤ 6 ᠰᠠᠷ᠎ᠠ ᠶᠢᠨ ᠰᠡᠭᠦᠯᠴᠢ ᠪᠣᠯᠬᠤ ᠳᠤ ᠂ ᠤᠢ ᠰᠢᠭᠤᠢ ᠡᠪᠡᠰᠦ ᠪᠡᠯᠴᠢᠭᠡᠷ ᠬᠠᠮᠠᠭᠠᠯᠠᠭᠴᠢ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ᠬᠥᠨᠳᠡᠯᠡᠨ ᠢᠶᠠᠷ ᠬᠢᠯᠢ  ᠬᠦᠷᠬᠦ᠂ ᠭᠤᠯᠳᠤ ᠪᠠᠷ ᠡᠴᠦᠰ ᠲᠤ ᠨᠢ ᠲᠤᠯᠬᠤ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠯᠳᠦᠭᠦᠯᠦᠨ᠎ᠡ᠃      ︵ᠬᠤᠶᠠᠷ︶ ᠪᠡᠯᠴᠢᠭᠡᠷᠯᠡᠭᠦᠯᠬᠦ ᠶᠢ ᠵᠣᠭᠰᠣᠭᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠭᠤᠷᠪᠠᠳᠤᠭᠠᠷ ᠡᠭᠡᠯᠵᠢ ᠶᠢᠨ ᠤᠯᠤᠰ ᠤᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠤᠪᠢᠶᠠᠷᠢᠯᠠᠨ ᠲᠣᠭᠲᠠᠭᠠᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠪᠥᠬᠦ ᠬᠤᠲᠠ ᠶᠢᠨ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠢ ᠰᠢᠯᠢᠳᠡᠭᠵᠢᠭᠦᠯᠦᠨ ᠳᠣᠭᠢᠷᠠᠭᠤᠯᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠷ ᠬᠤᠪᠢᠶᠠᠷᠢᠯᠠᠨ ᠲᠣᠭᠲᠠᠭᠠᠵᠤ᠂ ᠲᠠᠷᠢᠶᠠᠯᠠᠬᠤ ᠣᠷᠣᠨ ᠪᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠳᠤ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ ᠵᠣᠭᠰᠣᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠱᠠᠩᠨᠠᠵᠤ ᠨᠥᠬᠦᠪᠥᠷᠢᠯᠡᠬᠦ ᠪᠠᠯᠠ ᠮᠥᠩᠭᠦ ᠶᠢ ᠭᠦᠶᠴᠡᠳ᠂ ᠠᠮᠢᠳᠤᠯᠢᠭ᠂ ᠰᠠᠶᠢᠲᠤᠷ ᠬᠡᠷᠡᠭᠯᠡᠨ᠎ᠡ᠃ ᠵᠠᠷᠴᠢᠮ ᠳᠡᠭᠡᠷ᠎ᠡ ᠪᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠤᠨ ᠬᠦᠨᠳᠦ ᠨᠣᠴᠢᠲᠠᠶ ᠮᠠᠭᠤᠵᠢᠷᠠᠵᠤ ᠡᠯᠡᠰᠦᠷᠬᠡᠭᠵᠢᠭᠰᠡᠨ᠂ ᠪᠡᠯᠴᠢᠭᠡᠷᠯᠡᠭᠦᠯᠦᠨ ᠠᠰᠢᠭᠯᠠᠬᠤ ᠳᠤ ᠳᠣᠭᠢᠷᠠᠬᠤ ᠥᠬᠡᠶ ᠳᠤᠮᠳᠠ ᠬᠡᠮᠵᠢᠶᠡᠨ ᠤ ᠮᠠᠭᠤᠵᠢᠷᠠᠵᠤ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠴᠥᠮ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠪᠣᠯᠭᠠᠨ ᠵᠠᠭᠠᠭᠯᠠᠨ ᠲᠣᠭᠲᠠᠭᠠᠨ᠎ᠠ︔ ᠡᠮᠦᠨᠡᠬᠢ ᠬᠤᠶᠠᠷ ᠡᠭᠡᠯᠵᠢ ᠶᠢᠨ ᠪᠡᠯᠴᠢᠭᠡᠷᠯᠡᠭᠦᠯᠬᠦ ᠶᠢ ᠵᠣᠭᠰᠣᠭᠠᠭᠰᠠᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠰᠡᠷᠭᠦᠭᠡᠯᠲᠡ ᠨᠢ ᠴᠠᠭᠠᠵᠠᠯᠠᠯ ᠢ ᠲᠠᠶᠢᠯᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠪᠣᠯᠭᠠᠨ ᠬᠤᠪᠢᠷᠠᠭᠤᠯᠵᠤ ᠪᠣᠯᠤᠨ᠎ᠠ᠃ ᠬᠤᠰᠢᠭᠤ ᠰᠢᠶᠠᠨ ᠬᠤᠲᠠ ᠲᠣᠭᠤᠷᠢᠭ ᠢᠶᠠᠷ ᠨᠢᠭᠡᠴᠢ ᠪᠣᠯᠭᠠᠵᠤ᠂ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠤ ᠬᠡᠪᠴᠢᠶ᠎ᠡ᠂ ᠲᠠᠯᠠᠪᠠᠶ ᠶᠢ ᠨᠡᠶᠢᠲᠡᠯᠡᠨ᠎ᠡ︔ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠳᠤ ᠪᠡᠯᠴᠢᠭᠡᠷᠯᠡᠭᠦᠯᠬᠦ ᠶᠢ ᠵᠣᠭᠰᠣᠭᠠᠬᠤ ᠲᠡᠮᠳᠡᠭ ᠫᠠᠶᠢᠰᠠ ᠪᠠᠶᠢᠭᠤᠯᠬᠤ ᠶᠢᠨ ᠬᠠᠮᠲᠤ ᠬᠦᠷᠢᠶᠡᠯᠡᠨ ᠪᠢᠲᠡᠭᠦᠮᠵᠢᠯᠡᠨ᠎ᠡ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠨᠤᠲᠤᠭ ᠪᠡᠯᠴᠢᠭᠡᠷ ᠤᠨ ᠨᠣᠭᠤᠭᠠᠷᠠᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠵᠣᠭᠰᠣᠭᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠡᠰᠢᠵᠢᠭᠰᠡᠨ ᠨᠤᠲᠤᠭ ᠪᠡᠯᠴᠢᠭᠡᠷ ᠢ ᠠᠰᠢᠭᠯᠠᠬᠤ ᠲᠦᠷᠢᠮ ᠢ ᠲᠡᠭᠦᠯᠳᠡᠷᠵᠢᠭᠦᠯᠦᠨ᠂ ᠨᠣᠭᠤᠭᠠᠷᠠᠬᠤ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠵᠣᠭᠰᠣᠭᠠᠬᠤ ᠴᠠᠭ ᠨᠢ 4 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 31 ᠪᠣᠯᠣᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢᠨ ᠲᠠᠷᠬᠠᠭᠠᠯᠲᠠ ᠶᠢ ᠮᠠᠯᠴᠢᠨ ᠲᠠᠷᠢᠶᠠᠴᠢᠨ ᠤ ᠬᠠᠷᠢᠭᠤᠴᠠᠯᠭ᠎ᠠ ᠯᠤᠭ᠎ᠠ ᠬᠤᠯᠪᠣᠭᠳᠠᠭᠤᠯᠬᠤ ᠲᠦᠷᠢᠮ ᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠲᠦᠷᠢᠮ ᠢ ᠨᠠᠶᠢᠳᠠᠪᠤᠷᠢᠵᠢᠭᠤᠯᠤᠭᠠᠳᠤᠶ ᠪᠠᠶᠢᠪᠠᠯ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠠᠪᠴᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠰᠬᠠᠶ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ ᠣᠶ ᠰᠢᠭᠤᠶ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠨ᠎ᠡ᠃ ᠨᠤᠲᠤᠭ ᠪᠡᠯᠴᠢᠭᠡᠷ ᠤᠨ ᠬᠡᠷᠡᠭᠯᠡᠭᠴᠢ ᠪᠠ ᠳᠠᠭᠠᠭᠠᠴᠢᠯᠠᠨ ᠡᠵᠡᠩᠨᠡᠭᠴᠢ ᠶᠢᠨ ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠬᠠᠰᠢᠶᠠᠯᠠᠨ ᠲᠡᠵᠢᠭᠡᠵᠦ ᠦᠷᠡᠵᠢᠭᠦᠯᠬᠦ᠂ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠬᠦ᠂ ᠮᠠᠯ ᠰᠦᠷᠦᠭ ᠤᠨ ᠡᠷᠭᠢᠯᠲᠡ ᠶᠢ ᠲᠦᠷᠭᠡᠳᠬᠡᠬᠦ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠠ ᠶᠢᠨ ᠳᠠᠷᠤᠯᠲᠠ ᠶᠢ ᠬᠥᠩᠭᠡᠷᠡᠭᠦᠯᠬᠦ ᠶᠢ ᠵᠣᠷᠢᠭᠵᠢᠭᠤᠯᠤᠨ᠎ᠠ︔ ᠲᠡᠵᠢᠭᠡᠨ ᠦᠷᠡᠵᠢᠭᠦᠯᠬᠦ ᠡᠷᠦᠬᠡ ᠶᠢᠨ ᠪᠥᠲᠥᠭᠡᠨ ᠪᠠᠶᠢᠭᠤᠯᠤᠭᠰᠠᠨ ᠬᠠᠰᠢᠶᠠᠯᠠᠨ ᠲᠡᠵᠢᠭᠡᠬᠦ ᠪᠠᠷᠢᠮᠵᠢᠶᠠᠵᠢᠭᠤᠯᠤᠭᠰᠠᠨ ᠬᠠᠰᠢᠶ᠎ᠠ ᠰᠠᠷᠠᠪᠴᠢ᠂ ᠳᠠᠷᠤᠰᠢᠭᠤᠯᠤᠭᠰᠠᠨ ᠵᠣᠭᠤᠷᠢ᠂ ᠡᠪᠡᠰᠦ ᠬᠠᠳᠠᠭᠠᠯᠠᠬᠤ ᠰᠠᠷᠠᠪᠴᠢ᠂ ᠨᠤᠲᠤᠭ ᠪᠡᠯᠴᠢᠭᠡᠷ ᠤᠨ ᠬᠦᠷᠢᠶ᠎ᠡ ᠬᠠᠰᠢᠶ᠎ᠠ᠂ ᠨᠤᠲᠤᠭ ᠪᠡᠯᠴᠢᠭᠡᠷ ᠤᠨ ᠰᠠᠶᠢᠵᠢᠷᠠᠭᠤᠯᠤᠯᠲᠠ ᠵᠡᠷᠭᠡ ᠲᠠᠯ᠎ᠠ ᠳᠤ ᠪᠠᠯᠠ ᠮᠥᠩᠭᠦ ᠶᠢᠨ ᠨᠥᠬᠦᠪᠥᠷᠢ ᠪᠠ ᠮᠡᠷᠭᠡᠵᠢᠯ ᠤᠨ ᠳᠡᠮᠵᠢᠯᠭᠡ ᠣᠯᠭᠤᠨ᠎ᠠ︔ ᠨᠥᠬᠦᠪᠥᠷᠢ ᠶᠢᠨ ᠪᠡᠯᠡ ᠮᠥᠩᠭᠦ ᠶᠢ ᠬᠤᠲᠠ᠂ ᠰᠢᠶᠠᠨ ᠤ ᠬᠤᠶᠠᠷ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠢᠵᠢ ᠪᠦᠷᠢᠳᠦᠭᠦᠯᠦᠨ ᠪᠠᠲᠤᠯᠠᠨ᠎ᠠ᠃      ︵ᠭᠤᠷᠪᠠ︶ ᠬᠥᠳᠡᠯᠦᠩᠭᠦᠶ ᠬᠢᠨᠠᠨ ᠬᠡᠮᠵᠢᠯᠲᠡ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠲᠠᠯᠠᠪᠠᠶ᠂ ᠠᠰᠢᠭᠯᠠᠯᠲᠠ ᠶᠢᠨ ᠬᠦᠴᠦᠯᠡᠴᠡ᠂ ᠤᠷᠭᠤᠮᠠᠯ ᠤᠨ ᠬᠤᠴᠢᠯᠭ᠎ᠠ ᠶᠢᠨ ᠪᠠᠶᠢᠳᠠᠯ᠂ ᠦᠶᠯᠡᠳᠪᠦᠷᠢᠯᠡᠯ ᠤᠨ ᠴᠢᠳᠠᠪᠤᠷᠢ᠂ ᠠᠮᠢᠳᠤ ᠪᠣᠳᠠᠰ ᠤᠨ ᠭᠠᠮᠰᠢᠭ ᠵᠡᠷᠭᠡ ᠨᠤᠲᠤᠭ ᠪᠡᠯᠴᠢᠭᠡᠷ ᠤᠨ ᠦᠨᠳᠦᠰᠦᠨ ᠪᠠᠶᠢᠳᠠᠯ ᠳᠤ ᠬᠥᠳᠡᠯᠦᠩᠭᠦᠶ ᠬᠢᠨᠠᠨ ᠬᠡᠮᠵᠢᠯᠲᠡ ᠶᠢ ᠬᠡᠷᠡᠭᠵᠢᠭᠦᠯᠵᠦ᠂ ᠵᠢᠯ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠡᠪᠡᠰᠦ ᠪᠡᠯᠴᠢᠭᠡᠷ ᠤᠨ ᠨᠣᠭᠤᠭᠠᠷᠠᠬᠤ᠂ ᠡᠪᠡᠰᠦ ᠪᠡᠯᠴᠢᠭᠡᠷ ᠤᠨ ᠤᠷᠭᠤᠴᠠ ᠶᠢᠨ ᠪᠠᠶᠢᠳᠠᠯ᠂ ᠨᠤᠲᠤᠭ ᠪᠡᠯᠴᠢᠭᠡᠷ ᠤᠨ ᠦᠶᠯᠡᠳᠪᠦᠷᠢᠯᠡᠯ ᠤᠨ ᠬᠦᠴᠦᠨ᠂ ᠨᠤᠲᠤᠭ ᠪᠡᠯᠴᠢᠭᠡᠷ ᠤᠨ ᠬᠤᠪᠠᠭ᠋ᠠᠶᠢᠷᠠᠵᠤ ᠰᠢᠷᠠᠯᠠᠬᠤ ᠬᠤᠭᠤᠴᠠᠭᠠᠨ ᠤ ᠠᠮᠢ ᠠᠬᠤᠶ ᠶᠢᠨ ᠬᠢᠨᠠᠨ ᠬᠡᠮᠵᠢᠯᠲᠡ ᠶᠢ ᠥᠷᠨᠢᠭᠦᠯᠵᠦ᠂ 5 ᠵᠢᠯ ᠳᠤ ᠨᠢᠭᠡ ᠤᠳᠠᠭ᠎ᠠ ᠨᠤᠲᠤᠭ ᠪᠡᠯᠴᠢᠭᠡᠷ ᠤᠨ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠨ᠎ᠠ︔ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠥᠷᠢᠮ᠂ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ ᠳ᠋ᠦᠩ ᠬᠢᠨᠠᠨ ᠬᠡᠮᠵᠢᠬᠦ ᠪᠠ ᠦᠨᠡᠯᠡᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠠᠩᠭᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠥᠷᠨᠢᠭᠦᠯᠬᠦ  ᠳᠤ ᠦᠨᠳᠦᠰᠦᠯᠡᠯ ᠬᠠᠩᠭᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠪᠠ ᠲᠠᠷᠢᠶᠠᠴᠢᠨ ᠮᠠᠯᠴᠢᠨ ᠤ ᠦᠢᠯᠡᠳᠪᠦᠷᠢᠯᠡᠯ ᠠᠮᠢᠳᠤᠷᠠᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃      ︵ᠳᠥᠷᠪᠡ︶ ᠪᠡᠯᠴᠢᠭᠡᠷᠯᠡᠭᠦᠯᠬᠦ ᠶᠢ ᠵᠣᠭᠰᠣᠭᠠᠬᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠡᠯ᠎ᠡ ᠭᠠᠵᠠᠷ ᠤᠨ ᠬᠢᠨ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ ᠪᠣᠯᠤᠨ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠤᠯᠤᠰ ᠤᠨ ᠭᠤᠣᠯᠳᠠᠯᠭ᠎ᠠ ᠲᠠᠢ ᠪᠠᠷᠢᠯᠭ᠎ᠠ ᠶᠢᠨ ᠲᠥᠷᠥᠯ ᠵᠦᠢᠯ ᠤᠨ ᠣᠷᠣᠨ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠨᠴᠠᠯᠢᠭᠳᠤ ᠠᠵᠤ ᠠᠬᠤᠶ ᠶᠢᠨ ᠤᠢ ᠶᠢᠨ ᠪᠥᠳᠥᠭᠡᠨ ᠪᠠᠶᠢᠭᠤᠯᠤᠯᠲᠠ ᠶᠢᠨ ᠣᠷᠣᠨ᠂ ᠠᠶᠢᠯ ᠲᠣᠰᠬᠤᠨ ᠤ ᠨᠣᠭᠤᠭᠠᠷᠠᠭᠤᠯᠤᠯᠲᠠ᠂ ᠨᠡᠪᠳᠡᠷᠡᠬᠦ ᠵᠠᠮ ᠤᠨ ᠬᠤᠶᠠᠷ ᠬᠠᠵᠠᠭᠤ ᠵᠡᠷᠭᠡ ᠣᠷᠣᠨ ᠪᠦᠰᠡ ᠪᠣᠯᠤᠨ ᠨᠤᠲᠤᠭ ᠪᠡᠯᠴᠢᠭᠡᠷ  ᠤᠨ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠬᠠᠤᠯᠢ ᠬᠡᠷᠡᠭᠵᠢᠭᠦᠯᠬᠦ ᠶᠢᠨ ᠲᠣᠭᠤᠷᠢᠨ ᠪᠠᠶᠢᠴᠠᠭᠠᠯᠲᠠ ᠶᠢ ᠭᠤᠣᠯᠳᠠᠯᠭ᠎ᠠ ᠲᠠᠢ ᠥᠷᠨᠢᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠡ᠃ ᠢᠯᠡᠴᠢᠯᠡᠨ ᠮᠡᠳᠡᠭᠦᠯᠬᠦ᠂ ᠬᠥᠯᠢᠶᠡᠨ ᠠᠪᠴᠤ ᠰᠢᠶᠳᠪᠦᠷᠢᠯᠡᠬᠦ᠂ ᠲᠣᠭᠤᠷᠢᠨ ᠪᠠᠶᠢᠴᠠᠭᠠᠬᠤ᠂ ᠬᠡᠷᠡᠭ ᠰᠢᠶᠳᠪᠦᠷᠢᠯᠡᠬᠦ ᠪᠠ ᠬᠡᠷᠡᠭ ᠢᠶᠠᠷ ᠰᠡᠷᠡᠮᠵᠢ ᠥᠭᠬᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠲᠥᠷᠢᠮ ᠢ ᠲᠠᠰᠤᠷᠠᠯᠳᠠ ᠥᠭᠡᠢ ᠲᠡᠭᠦᠯᠳᠡᠷᠵᠢᠭᠦᠯᠦᠨ᠂ ᠦᠨᠡᠨᠬᠦ ᠪᠦᠲᠦᠮᠵᠢᠲᠡᠶ ᠪᠡᠯᠴᠢᠭᠡᠷᠯᠡᠭᠦᠯᠬᠦ ᠶᠢ ᠵᠣᠭᠰᠣᠭᠠᠬᠤ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠤᠢ ᠪᠣᠯᠭᠠᠨ᠎ᠠ      ︵ᠲᠠᠪᠤ︶ ᠪᠡᠯᠴᠢᠭᠡᠷᠯᠡᠭᠦᠯᠬᠦ ᠶᠢ ᠵᠣᠭᠰᠣᠭᠠᠬᠤ ᠤᠬᠠᠭᠤᠯᠭ᠎ᠠ ᠶᠢ ᠥᠷᠭᠡᠨ ᠢᠶᠠᠷ ᠳᠠᠶᠢᠴᠢᠯᠠᠨ᠎ᠠ᠃ ᠪᠡᠯᠴᠢᠭᠡᠷᠯᠡᠭᠦᠯᠬᠦ ᠶᠢ ᠵᠣᠭᠰᠣᠭᠠᠬᠤ ᠵᠠᠷᠯᠠᠯ᠂ ᠤᠬᠠᠭᠤᠯᠭ᠎ᠠ ᠶᠢᠨ ᠬᠠᠭᠤᠳᠠᠰᠤ ᠳᠠᠷᠤᠮᠠᠯᠯᠠᠨ ᠲᠠᠷᠬᠠᠭᠠᠬᠤ᠂ ᠡᠯᠭᠦᠭᠡ ᠪᠢᠴᠢᠭᠡᠰᠦ ᠡᠯᠭᠦᠬᠦ᠂ ᠤᠷᠢᠶ᠎ᠠ ᠯᠣᠽᠦ᠋ᠩ ᠨᠠᠭᠠᠬᠤ᠂ ᠤᠬᠠᠭᠤᠯᠭ᠎ᠠ ᠶᠢᠨ ᠲᠡᠷᠭᠡ ᠬᠥᠳᠡᠯᠭᠡᠬᠦ᠂ ᠵᠢᠵᠢᠭ ᠸᠢᠳᠢᠣ᠋ ᠦᠶᠯᠡᠳᠬᠦ᠂ ᠷᠠᠳᠢᠣ᠋ ᠲᠧᠯᠸᠢᠰ ᠦᠶᠯᠡᠳᠬᠦ᠂ ᠰᠦᠯᠵᠢᠶ᠎ᠡ᠂ ᠸᠢᠴᠠᠲ ᠤᠨ ᠰᠢᠨ᠎ᠡ ᠵᠠᠭᠤᠴᠢᠯᠠᠭᠤᠷ ᠢ ᠬᠡᠷᠡᠭᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠠᠷᠭ᠎ᠠ ᠬᠡᠮᠵᠢᠶ᠎ᠡ ᠶᠢᠨ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠮᠢᠶ᠎ᠠ ᠪᠥᠬᠦᠶ ᠬᠠᠤᠯᠢ ᠴᠠᠭᠠᠵᠠ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠶᠢᠯᠤᠮᠵᠢ ᠶᠢ ᠴᠢᠩᠭᠠᠳᠬᠠᠨ᠂ ᠪᠥᠬᠦ ᠨᠡᠶᠢᠭᠡᠮ ᠳᠤ ᠪᠡᠯᠴᠢᠭᠡᠷᠯᠡᠭᠦᠯᠬᠦ ᠶᠢ  ᠵᠣᠭᠰᠣᠭᠠᠬᠤ ᠰᠠᠶᠢᠨ ᠰᠠᠶᠢᠬᠠᠨ ᠠᠭᠤᠷ ᠠᠮᠢᠰᠬᠤᠯ ᠪᠠ ᠬᠠᠤᠯᠢ ᠬᠡᠷᠡᠭᠵᠢᠭᠦᠯᠬᠦ ᠣᠷᠴᠢᠨ ᠲᠣᠭᠤᠷᠢᠨ ᠢ ᠪᠣᠶ ᠪᠣᠯᠭᠠᠨ᠎ᠠ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠲᠤᠰ ᠱᠠᠲᠤᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠲᠡᠭᠡᠨ ᠣᠷᠣᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠨᠢᠭᠡ ᠴᠤᠭᠴᠠᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠰᠤᠮᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ᠂ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠪᠡᠯᠴᠢᠭᠡᠷ ᠮᠠᠯ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠵᠢᠴᠢ ᠪᠡᠯᠴᠢᠭᠡᠷ ᠮᠠᠯ ᠢ ᠲᠡᠩᠴᠡᠭᠦᠷᠢᠰᠢᠭᠦᠯᠬᠦ ᠶᠢᠨ ᠬᠠᠤᠯᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠥᠷᠨᠢᠭᠦᠯᠬᠦ ᠶᠢ ᠵᠢᠯᠣᠭᠤᠳᠤᠨ᠎ᠠ᠃ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ  ᠵᠣᠭᠰᠣᠭᠠᠵᠤ ᠪᠡᠯᠴᠢᠭᠡᠷ ᠢ ᠰᠡᠷᠭᠦᠭᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠬᠢᠬᠦ ᠵᠢᠴᠢ ᠪᠡᠯᠴᠢᠭᠡᠷᠯᠡᠭᠦᠯᠬᠦ ᠳᠤ ᠲᠤᠬᠢᠷᠠᠬᠤ ᠳᠠᠭᠠᠭᠠᠴᠠ ᠶᠢᠨ ᠬᠡᠮᠵᠢᠶ᠎ᠡ ᠶᠢ ᠬᠢᠨᠠᠨ ᠲᠣᠭᠲᠠᠭᠠᠬᠤ ᠵᠡᠷᠭᠡ ᠠᠵᠢᠯ ᠢ ᠬᠠᠷᠢᠭᠤᠴᠠᠬᠤ ᠶᠢᠨ ᠬᠠᠮᠲᠤ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠢ ᠬᠠᠮᠲᠤᠷᠠᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠠᠷᠢᠮᠵᠢᠶ᠎ᠠ᠂ ᠠᠷᠭ᠎ᠠ ᠶᠢ ᠲᠣᠭᠲᠠᠭᠠᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠣᠯᠭᠤᠬᠤ ᠡᠬᠡ ᠲᠠᠩᠰᠠ ᠪᠠᠶᠢᠭᠤᠯᠬᠤ ᠶᠢ ᠬᠠᠷᠢᠭᠤᠴᠠᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠠᠵᠤ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠲᠣᠭᠲᠠᠭᠰᠠᠨ ᠴᠠᠭ ᠲᠤᠨᠢ ᠣᠨᠣᠪᠴᠢᠲᠠᠶ ᠣᠯᠭᠤᠬᠤ ᠶᠢ ᠦᠨᠡᠨᠬᠦ ᠪᠠᠲᠤᠯᠠᠵᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠵᠢᠯ ᠢ ᠠᠬᠢᠭᠤᠯᠤᠨ᠎ᠠ᠃      ︵ᠬᠤᠶᠠᠷ︶ ᠠᠵᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠭᠠᠵᠠᠷ ᠤᠨ ᠬᠢᠨ ᠠᠵᠢᠯᠳᠠᠨ᠂ ᠲᠡᠷᠭᠡ ᠬᠥᠰᠬᠡ ᠪᠣᠯᠤᠨ ᠵᠠᠷᠤᠳᠠᠯ ᠵᠡᠷᠭᠡ ᠲᠠᠯ᠎ᠠ ᠪᠠᠷ ᠶᠡᠬᠡᠪᠡᠷ ᠪᠠᠲᠤᠯᠠᠭ᠎ᠠ ᠣᠯᠭᠤᠵᠤ᠂ ᠬᠤᠰᠢᠭᠤ ᠰᠢᠶᠠᠨ ᠤ ᠱᠠᠲᠤᠨ ᠠᠴᠠ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠳᠤ ᠣᠷᠣᠯᠴᠠᠬᠤ ᠠᠵᠢᠯᠳᠠᠨ ᠪᠠᠭ᠎ᠠ  ᠳᠠᠭᠠᠨ 4 ᠬᠥᠮᠥᠨ ᠪᠠᠶᠢᠬᠤ ᠶᠢ ᠦᠨᠡᠨᠬᠦ ᠪᠠᠲᠤᠯᠠᠵᠤ᠂ ᠬᠠᠤᠯᠢ ᠬᠡᠷᠡᠭᠵᠢᠭᠦᠯᠬᠦ ᠲᠤᠰᠬᠠᠶ ᠲᠡᠷᠭᠡ ᠪᠠᠭ᠎ᠠ ᠳᠠᠭᠠᠨ 1 ᠪᠠᠶᠢᠬᠤ ᠶᠢ ᠦᠨᠡᠨᠬᠦ ᠪᠠᠲᠤᠯᠠᠵᠤ᠂ ᠵᠢᠯ ᠤᠨ ᠵᠠᠷᠤᠳᠠᠯ ᠪᠠᠭ᠎ᠠ ᠳᠠᠭᠠᠨ 10 ᠲᠦᠮᠡᠨ ᠲᠥᠭᠦᠷᠢᠭ ᠪᠠᠶᠢᠬᠤ ᠶᠢ ᠦᠨᠡᠨᠬᠦ ᠪᠠᠲᠤᠯᠠᠵᠤ᠂ ᠰᠢᠶᠠᠩ ᠪᠠᠯᠭᠠᠰᠤ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠳᠤ ᠣᠷᠣᠯᠴᠠᠬᠤ ᠠᠵᠢᠯᠳᠠᠨ 3 — 5 ᠬᠥᠮᠦᠨ᠂ ᠬᠠᠤᠯᠢ ᠬᠡᠷᠡᠭᠵᠢᠭᠦᠯᠬᠦ ᠲᠤᠰᠬᠠᠶ ᠬᠡᠷᠡᠭᠯᠡᠬᠦ ᠲᠡᠷᠭᠡ ᠪᠠᠭ᠎ᠠ ᠳᠠᠭᠠᠨ 1 ᠪᠠᠶᠢᠬᠤ ᠶᠢ ᠦᠨᠡᠨᠬᠦ ᠪᠠᠲᠤᠯᠠᠵᠤ᠂ ᠵᠢᠯ ᠤᠨ ᠵᠠᠷᠤᠳᠠᠯ  ᠪᠠᠭ᠎ᠠ ᠳᠠᠭᠠᠨ 5 ᠲᠦᠮᠡᠨ ᠲᠥᠭᠦᠷᠢᠭ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠰᠢᠯᠭᠠᠨ ᠬᠢᠨᠠᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠳᠠᠯᠠᠨ᠎ᠠ᠃ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠲᠥᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠤᠰᠢᠭᠤ ᠰᠢᠶᠠᠨ ᠬᠤᠳᠠ ᠲᠣᠭᠤᠷᠢᠭ ᠤᠨ  ᠵᠢᠯ ᠤᠨ ᠬᠠᠷᠠᠯᠲᠠ ᠶᠢᠨ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ ᠂ ᠡᠯ᠎ᠡ ᠭᠠᠵᠠᠷ ᠤᠨ ᠬᠢᠨ ᠬᠠᠮᠢᠶ᠎ᠠ ᠪᠥᠬᠦᠢ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠪᠡᠯᠴᠢᠭᠡᠷᠯᠡᠭᠦᠯᠬᠦ ᠶᠢ ᠵᠣᠭᠰᠣᠭᠠᠬᠤ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠭᠰᠡᠨ ᠥᠭᠡᠢ ᠭᠠᠵᠠᠷ ᠣᠷᠣᠨ ᠪᠣᠯᠤᠨ ᠨᠢᠭᠡᠴᠢ ᠲᠠᠢ ᠪᠣᠯᠵᠣᠨ ᠶᠠᠷᠢᠯᠴᠠᠵᠤ᠂ ᠬᠠᠮᠢᠶ᠎ᠠ ᠪᠥᠬᠦᠢ ᠨᠢᠭᠡᠴᠢ ᠶᠢᠨ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠨᠠᠷᠢᠨ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃                     ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                     2022 ᠣᠨ ᠤ 3 ᠰᠠᠷ᠎ᠠ ᠶᠢᠨ 24 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2