ᠵᠢᠨᠢᠩ ᠲᠣᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2022/4/21
     ᠣᠳᠣᠬᠠᠨ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠠᠪᠤᠷ ᠤᠨ ᠲᠠᠷᠢᠶᠠᠯᠠᠭ᠎ᠠ ᠶᠢᠨ ᠴᠢᠬᠤᠯᠠ ᠴᠠᠭ ᠦᠶ᠎ᠡ ᠳᠤ᠂ ᠵᠢᠨᠢᠩ ᠲᠣᠭᠤᠷᠢᠭ ᠤᠨ ᠬᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠤᠷᠢᠳᠴᠢᠯᠠᠨ ᠲᠥᠯᠥᠪᠵᠢᠭᠦᠯᠵᠦ᠂ ᠡᠯ᠎ᠡ ᠲᠦᠷᠦᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠢᠳᠡᠪᠬᠢᠲᠡᠢ ᠪᠠᠷ ᠰᠢᠯᠵᠢᠭᠦᠯᠦᠨ ᠵᠥᠭᠡᠭᠡᠪᠦᠷᠢᠯᠡᠵᠦ ᠨᠥᠭᠡᠴᠡᠯᠡᠵᠦ᠂ ᠲᠠᠷᠢᠶᠠᠯᠠᠩ ᠤᠨ ᠮᠠᠰᠢᠨ ᠤ ᠰᠢᠨ᠎ᠡ ᠮᠡᠷᠭᠡᠵᠢᠯ᠂  ᠦᠢᠯᠡᠳᠪᠦᠷᠢᠯᠡᠯ᠂ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠬᠤ᠂ ᠬᠠᠮᠠᠭᠠᠯᠠᠨ ᠠᠷᠠᠴᠢᠯᠠᠬᠤ ᠵᠡᠷᠭᠡ ᠪᠣᠯᠪᠠᠰᠤᠷᠠᠯ ᠢ ᠨᠠᠷᠢᠨ ᠬᠢᠨᠠᠮᠠᠭᠠᠢ ᠥᠷᠨᠢᠭᠦᠯᠵᠦ᠂ ᠥᠨᠳᠥᠷ ᠪᠦᠲᠦᠮᠵᠢᠲᠡᠢ᠂ ᠪᠠᠭ᠎ᠠ ᠬᠤᠷᠣᠭᠳᠠᠯ ᠲᠠᠢ᠂ ᠠᠶᠤᠯᠭᠦᠢ ᠪᠠᠷ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠥᠷᠨᠢᠭᠦᠯᠬᠦ ᠳᠤ ᠭᠦᠢᠴᠡᠳ ᠪᠡᠯᠡᠳᠬᠡᠯ ᠬᠢᠵᠡᠢ᠃ ᠣᠶᠢᠷ᠎ᠠ ᠳᠤ᠂ ᠵᠢᠨᠢᠩ ᠲᠣᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠵᠢᠩᠬᠢᠨᠢ ᠪᠠᠷ ᠡᠬᠢᠯᠡᠵᠦ᠂ ᠣᠲᠣ ᠪᠣᠯᠲᠠᠯ᠎ᠠ᠂ ᠪᠥᠬᠦ ᠲᠣᠭᠤᠷᠢᠭ ᠤᠨ ᠲᠷᠠᠺᠲ᠋ᠣᠷ ᠤᠨ ᠬᠠᠳᠠᠭᠠᠯᠠᠯᠲᠠ ᠶᠢᠨ ᠬᠡᠮᠵᠢᠶ᠎ᠡ 632 ᠲᠤ ᠬᠦᠷᠴᠦ᠂ ᠲᠠᠷᠢᠯᠭ᠎ᠠ ᠶᠢᠨ ᠢᠵᠢ ᠪᠥᠷᠢᠳᠦᠭᠦᠯᠬᠦ ᠮᠧᠬᠠᠨᠢᠭ 1415 ᠪᠠᠶᠢᠵᠤ  ᠂ ᠡᠯ᠎ᠡ ᠲᠥᠷᠥᠯ ᠤᠨ ᠲᠠᠷᠢᠶᠠᠯᠠᠩ ᠤᠨ ᠮᠠᠰᠢᠨ ᠪᠠᠭᠠᠵᠢ ᠶᠢᠨ ᠲᠥᠷᠥᠯ ᠵᠦᠶᠯ ᠪᠦᠷᠢᠨ᠂ ᠨᠥᠭᠡᠴᠡ ᠭᠦᠶᠴᠡᠳ ᠪᠠᠶᠢᠨ᠎ᠠ᠃  ᠡᠨᠡ ᠵᠢᠯ ᠵᠢᠨᠢᠩ ᠲᠣᠭᠤᠷᠢᠭ ᠤᠨ ᠲᠠᠷᠢᠮᠠᠯ ᠤᠨ ᠶᠡᠷᠦᠩᠬᠡᠶ ᠳᠠᠷᠢᠬᠤ ᠲᠠᠯᠠᠪᠠᠶ ᠵᠢᠱᠢᠯᠲᠡ ᠪᠠᠷ 11.03 ᠲᠦᠮᠡᠨ ᠮᠥ ᠪᠠᠶᠢᠵᠤ᠂ ᠡᠭᠦᠨ ᠳᠤ ᠠᠮᠤ ᠪᠤᠳᠠᠭᠠᠨ ᠤ ᠲᠠᠷᠢᠮᠠᠯ 7.4 ᠲᠦᠮᠡᠨ ᠮᠥ᠂ ᠠᠵᠤ ᠠᠬᠤᠶ ᠶᠢᠨ ᠲᠠᠷᠢᠮᠠᠯ 2.5 ᠲᠦᠮᠡᠨ ᠮᠥ᠂ ᠲᠡᠵᠢᠭᠡᠯ ᠡᠪᠡᠰᠦ ᠵᠢᠴᠢ ᠪᠤᠰᠤᠳ ᠲᠠᠷᠢᠮᠠᠯ 1.13 ᠲᠦᠮᠡᠨ ᠮᠥ ᠪᠠᠶᠢᠨ᠎ᠠ᠃                                          ᠣᠷᠴᠢᠭᠤᠯᠤᠭᠴᠢ᠄ ᠤᠳᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2