ᠬᠤᠸᠠᠳᠧ ᠰᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠳᠥᠯᠭᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/4/21
     ᠤᠶᠢᠷ᠎ᠠ ᠶᠢᠨ ᠵᠢᠯ ᠠᠴᠠ᠂ ᠬᠤᠸᠠᠳᠧ ᠰᠢᠶᠠᠨ ᠰᠢᠨᠵᠢᠯᠡᠬᠦ ᠤᠬᠠᠭᠠᠨᠴᠢ ᠠᠷᠭ᠎ᠠ ᠤᠬᠠᠭᠠᠨ ᠰᠦᠪᠡᠭᠴᠢᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ᠂ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠦᠷᠭᠡᠨ ᠬᠡᠷᠡᠭᠵᠢᠭᠦᠯᠬᠦ ᠪᠠᠷ ᠳᠠᠮᠵᠢᠭᠤᠯᠵᠤ᠂ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠣᠶᠢᠷ᠎ᠠ ᠲᠤ ᠠᠭᠤᠷ ᠠᠮᠢᠰᠬᠤᠯ ᠠᠭᠠᠵᠢᠮ ᠢᠶᠠᠷ ᠳᠤᠯᠠᠭᠠᠷᠠᠵᠤ᠂ ᠬᠤᠸᠠᠳᠧ ᠰᠢᠶᠠᠨ ᠤ ᠬᠡᠰᠡᠭ ᠠᠶᠢᠯ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠤᠷ ᠲᠤ᠂ ᠮᠠᠯᠲᠠᠭᠤᠷ ᠮᠠᠰᠢᠨ᠂ ᠠᠴᠢᠶᠠᠯᠠᠭᠤᠷ ᠮᠠᠰᠢᠨ ᠵᠡᠷᠭᠡ ᠲᠣᠮᠣ ᠬᠡᠯᠪᠡᠷᠢ ᠶᠢᠨ ᠮᠠᠰᠢᠨ ᠪᠠᠭᠠᠵᠢ ᠶᠢ ᠬᠠᠮᠲᠤ ᠪᠠᠷ ᠠᠵᠢᠯᠯᠠᠭᠤᠯᠵᠤ᠂ ᠭᠠᠯ ᠬᠠᠯᠠᠭᠤᠨ ᠬᠥᠳᠡᠯᠮᠦᠷᠢ ᠶᠢᠨ ᠪᠠᠶᠢᠳᠠᠯ ᠢᠯᠡᠷᠡᠪᠡ᠃ 2021 ᠣᠨ ᠳᠤ ᠬᠤᠸᠠᠳᠧ ᠰᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 7 ᠲᠦᠮᠡᠨ ᠮᠦ ᠰᠢᠨ᠎ᠡ ᠪᠠᠷ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 8400 ᠲᠦᠮᠡᠨ ᠲᠥᠭᠦᠷᠢᠭ ᠲᠤ ᠬᠦᠷᠴᠦ᠂ 6 ᠰᠢᠶᠠᠩ ᠪᠠᠯᠭᠠᠰᠤ ᠶᠢᠨ 23 ᠲᠣᠰᠬᠤᠨ ᠤ ᠠᠷᠠᠳ ᠤᠨ ᠵᠥᠪᠯᠡᠯ ᠢ ᠬᠠᠮᠤᠷᠴᠤ᠂ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠠᠭᠤᠯᠭ᠎ᠠ ᠳᠤ ᠭᠠᠵᠠᠷ ᠰᠢᠷᠣᠢ ᠶᠢ ᠲᠡᠭᠰᠢᠯᠡᠬᠦ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠤᠰᠤᠯᠠᠬᠤ ᠪᠠ ᠤᠰᠤ ᠵᠠᠯᠠᠬᠤ᠂ ᠲᠠᠷᠢᠶᠠᠨ ᠭᠠᠵᠠᠷ ᠤᠨ ᠵᠠᠮ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠲᠠᠷᠢᠶᠠᠨ ᠭᠠᠵᠠᠷ ᠲᠤ ᠴᠠᠬᠢᠯᠭᠠᠨ ᠲᠦᠭᠡᠭᠡᠬᠦ ᠢᠨᠵᠧᠨᠧᠷᠢᠩ ᠪᠠ ᠲᠠᠷᠢᠶᠠᠨ ᠭᠠᠵᠠᠷ ᠤᠨ ᠶᠠᠰᠤ ᠴᠢᠨᠠᠷ ᠤᠨ ᠪᠦᠳᠦᠭᠡᠨ ᠪᠠᠶᠢᠭᠤᠯᠤᠯᠲᠠ ᠵᠡᠷᠭᠡ ᠶᠢ ᠪᠠᠭᠲᠠᠭᠠᠪᠠ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠲᠣᠰ ᠰᠢᠶᠠᠨ ᠤ ᠬᠡᠪᠴᠢᠶᠡᠨ ᠤ ᠲᠠᠷᠢᠶᠠᠯᠠᠩ ᠤᠨ ᠦᠶᠯᠡᠳᠪᠦᠷᠢᠯᠡᠯ ᠤᠨ ᠨᠥᠬᠦᠴᠡᠯ ᠵᠢᠴᠢ ᠠᠮᠢ ᠠᠬᠤᠶ ᠶᠢᠨ ᠣᠷᠴᠢᠨ ᠲᠣᠭᠤᠷᠢᠨ ᠲᠦᠢᠯ ᠤᠨ ᠶᠡᠭᠡ ᠪᠠᠷ ᠰᠠᠶᠢᠵᠢᠷᠠᠨ᠂ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 1.46 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ ᠵᠢᠯ ᠤᠨ ᠤᠰᠤ ᠬᠡᠷᠡᠭᠯᠡᠬᠦ ᠬᠡᠮᠵᠢᠶ᠎ᠡ ᠶᠢ 49.9 ᠲᠦᠮᠡᠨ ᠪᠣᠰᠤᠭ᠎ᠠ ᠳᠥᠷᠪᠡᠯᠵᠢᠨ ᠮᠧᠲᠷ ᠠᠷᠪᠢᠯᠠᠵᠤ᠂ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 5.76 ᠲᠦᠮᠡᠨ ᠮᠥ ᠰᠢᠨ᠎ᠡ ᠪᠠᠷ ᠨᠡᠮᠡᠭᠳᠡᠭᠦᠯᠬᠦ ᠪᠣᠯᠤᠨ᠎ᠠ᠃ ᠵᠢᠯ ᠳᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ 665.58 ᠲᠦᠮᠡᠨ ᠺᠢᠯᠣᠭ᠍ᠷᠠᠮ ᠰᠢᠨ᠎ᠡ ᠪᠠᠷ ᠨᠡᠮᠡᠭᠳᠡᠭᠦᠯᠦᠨ᠎ᠡ᠃ ᠲᠥᠷᠥᠯ ᠵᠦᠶᠯ ᠤᠨ ᠬᠡᠪᠴᠢᠶᠡᠨ ᠳᠤ ᠪᠠᠶᠢᠭ᠎ᠠ ᠰᠢᠭᠤᠳ ᠠᠰᠢᠭ ᠭᠥᠷᠳᠡᠭᠴᠢ ᠲᠠᠷᠢᠶᠠᠴᠢᠨ ᠡᠷᠦᠬᠡ 2985 ᠡᠷᠦᠬᠡ᠂ 7344 ᠬᠥᠮᠦᠨ ᠪᠠᠶᠢᠵᠤ᠂ ᠵᠢᠯ ᠤᠨ ᠴᠡᠪᠡᠷ ᠣᠷᠣᠯᠭ᠎ᠠ 1232.86 ᠲᠦᠮᠡᠨ ᠲᠥᠭᠦᠷᠢᠭ ᠨᠡᠮᠡᠭᠳᠡᠨ᠎ᠡ᠃      ᠲᠣᠰ ᠲᠥᠷᠥᠯ ᠵᠦᠶᠯ ᠤᠨ ᠢᠨᠵᠧᠨᠧᠷᠢᠩ ᠨᠢᠭᠡᠨᠲᠡ ᠵᠢᠭᠰᠠᠭᠠᠨ ᠪᠠᠶᠢᠴᠠᠭᠠᠬᠤ ᠬᠤᠭᠤᠴᠠᠭᠠᠨ ᠳᠤ ᠬᠦᠷᠴᠦ᠂ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ 4 ᠰᠠᠷ᠎ᠠ ᠶᠢᠨ 20 ᠤ ᠡᠳᠦᠷ ᠪᠣᠯᠲᠠᠯ᠎ᠠ ᠪᠥᠬᠦ ᠭᠤᠤᠯ ᠪᠠᠷᠢᠯᠭ᠎ᠠ ᠶᠢ ᠳᠠᠭᠤᠰᠬᠠᠬᠤ ᠪᠠᠷ ᠴᠢᠷᠮᠠᠶᠢᠵᠤ᠂ ᠲᠠᠷᠢᠶᠠᠴᠢᠳ ᠤᠨ ᠳᠠᠬᠢᠨ ᠬᠠᠭᠠᠯᠪᠤᠷᠢᠯᠠᠬᠤ᠂ ᠪᠣᠷᠲᠣᠭᠤᠷ ᠣᠷᠣᠭᠤᠯᠬᠤ᠂ ᠳᠠᠷᠢᠬᠤ ᠠᠵᠢᠯ ᠢ ᠰᠠᠭᠠᠲᠠᠭᠠᠬᠤ ᠥᠬᠡᠶ ᠪᠠᠶᠢᠵᠤ᠂ 5 ᠰᠠᠷ᠎ᠠ ᠶᠢᠨ 10 ᠤ ᠡᠳᠦᠷ ᠠᠴᠠ ᠡᠮᠦᠨ᠎ᠡ ᠪᠥᠬᠦ ᠲᠠᠯ᠎ᠠ ᠪᠠᠷ ᠳᠠᠭᠤᠰᠬᠠᠬᠤ ᠪᠠᠷ ᠴᠢᠷᠮᠠᠶᠢᠨ᠎ᠠ᠃                                        ᠣᠷᠴᠢᠭᠤᠯᠤᠭᠴᠢ᠄ ᠤᠳᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2