ᠵᠢᠨᠢᠩ ᠲᠣᠭᠤᠷᠢᠭ ᠳᠤ ᠠᠩᠬᠠᠨ ᠤ ᠪᠦᠯᠦᠭ ᠰᠢᠨ᠎ᠡ ᠲᠢᠲᠢᠮᠯᠡᠭ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ ᠤᠨ ᠬᠠᠶᠢᠷᠴᠠᠭ ᠢ ᠬᠤᠳᠠᠯᠳᠤᠵᠤ ᠡᠬᠢᠯᠡᠨ᠂ 15 ᠮᠢᠨᠦ᠋ᠲ ᠤᠨ ᠳᠠᠷᠠᠭ᠎ᠠ ᠦᠷ᠎ᠡ ᠳ᠋ᠦᠩ ᠭᠠᠷᠴᠤ ᠳᠡᠶᠢᠯᠦᠨ᠎ᠡ
ᠨᠡᠶᠢᠲᠡᠯᠡᠭᠰᠡᠨ ᠴᠠᠭ᠄
2022/4/22
     ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠭᠰᠠᠭᠠᠷ᠃ ᠥᠳᠥᠭᠡᠭᠴᠢ ᠶᠢᠨ ᠪᠠᠶᠢᠴᠠᠭᠠᠯᠲᠠ ᠨᠢ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠦᠲᠦᠮᠵᠢᠲᠡᠶ ᠨᠥᠬᠦᠪᠥᠷᠢᠯᠡᠬᠦ ᠠᠷᠭ᠎ᠠ ᠪᠠᠷᠢᠯ ᠪᠣᠯᠤᠭᠰᠠᠨ ᠤ ᠬᠤᠪᠢ ᠳᠤ᠂ ᠣᠨᠴᠠ ᠲᠣᠭᠲᠠᠭᠰᠠᠨ ᠬᠥᠮᠦᠰ ᠢ ᠰᠢᠭᠰᠢᠨ ᠪᠠᠶᠢᠴᠠᠭᠠᠬᠤ ᠳᠤ ᠬᠡᠷᠡᠭᠯᠡᠵᠦ ᠪᠣᠯᠬᠤ ᠤᠴᠢᠷ ᠠᠴᠠ ᠡᠨᠡ ᠨᠢ ︽ᠡᠷᠲᠡ ᠢᠯᠡᠷᠡᠭᠦᠯᠬᠦ︾ ᠳᠤ ᠠᠰᠢᠭᠲᠠᠶ ᠶᠤᠮ᠃      ᠣᠶᠢᠷ᠎ᠠ ᠳᠤ᠂ ᠵᠢᠨᠢᠩ ᠲᠣᠭᠤᠷᠢᠭ ᠤᠨ ᠬᠡᠰᠡᠭ ᠡᠮ ᠤᠨ ᠳᠡᠯᠭᠡᠭᠦᠷ ᠰᠢᠨ᠎ᠡ ᠲᠢᠲᠢᠮᠯᠡᠭ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ ᠤᠨ ᠬᠠᠶᠢᠷᠴᠠᠭ ᠬᠤᠳᠠᠯᠳᠤᠵᠤ᠂ ᠡᠮ ᠤᠨ ᠳᠡᠯᠭᠡᠭᠦᠷ ᠤᠨ ᠪᠠᠷᠠᠭᠠᠨ ᠤ ᠲᠠᠯᠪᠢᠭᠤᠷ ᠳᠡᠭᠡᠷ᠎ᠡ ᠰᠢᠨ ᠲᠢᠲᠢᠮᠯᠡᠭ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ ᠤᠨ ᠬᠠᠶᠢᠷᠴᠠᠭ ᠶᠢ ᠢᠯᠡ ᠲᠠᠯᠪᠢᠵᠤ᠂ ᠨᠢᠭᠡ ᠬᠥᠮᠦᠨ ᠤ ᠬᠤᠪᠢ / ᠬᠠᠶᠢᠷᠴᠠᠭ ᠨᠢ 10.8 ᠲᠥᠭᠦᠷᠢᠭ᠂ ᠠᠶ ᠺᠠᠩ ᠠᠮᠢᠳᠤ ᠪᠣᠳᠠᠰ ᠤᠨ ᠮᠡᠷᠭᠡᠵᠢᠯ ︵ᠬᠠᠩᠵᠧᠦ︶ ᠤᠨ ᠬᠢᠵᠠᠭᠠᠷᠲᠤ ᠺᠣᠮᠫᠠᠨᠢ ᠠᠴᠠ ᠦᠶᠯᠡᠳᠪᠦᠷᠢᠯᠡᠭᠰᠡᠨ ᠪᠠᠶᠢᠨ᠎ᠠ᠃ ᠪᠠᠶᠢᠴᠠᠭᠠᠨ ᠰᠢᠯᠭᠠᠬᠤ ᠤᠷᠪᠠᠯᠵᠢ ᠨᠢ ᠬᠠᠶᠢᠷᠴᠠᠭ ᠪᠦᠷᠢ ᠳᠤ ᠨᠢᠭᠡ ᠬᠥᠮᠦᠨ ᠤ ᠬᠤᠪᠢ ᠪᠠᠶᠢᠵᠤ᠂ ᠬᠠᠶᠢᠷᠴᠠᠭ ᠳᠣᠲᠣᠷ᠎ᠠ ᠨᠢᠭᠡ ᠯᠡ ᠤᠳᠠᠭ᠎ᠠ ᠳᠤ ᠬᠡᠷᠡᠭᠯᠡᠬᠦ ᠦᠯᠢᠭᠡᠷ ᠠᠪᠬᠤ ᠪᠠᠭᠠᠵᠢ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠺᠠᠷᠲ᠂ ᠦᠯᠢᠭᠡᠷ ᠠᠪᠬᠤ ᠰᠢᠩᠭᠡᠨ᠂ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠪᠠ ᠬᠤᠷᠢᠶᠠᠨ ᠠᠪᠬᠤ ᠤᠭᠤᠲᠠ ᠵᠡᠷᠭᠡ 5 ᠵᠦᠢᠯ ᠤᠨ ᠭᠤᠣᠯ ᠪᠣᠯᠬᠤ ᠬᠡᠷᠡᠭᠰᠡᠯ ᠪᠠᠶᠢᠨ᠎ᠠ᠃ ᠪᠠᠶᠢᠴᠠᠭᠠᠨ ᠰᠢᠯᠭᠠᠬᠤ ᠤᠷᠪᠠᠯᠵᠢ ᠶᠢᠨ ᠬᠠᠶᠢᠷᠴᠠᠭ ᠤᠨ ᠭᠠᠳᠠᠷ ᠪᠣᠭᠤᠳᠠᠯ ᠳᠡᠭᠡᠷ᠎ᠡ᠂ ᠬᠡᠷᠡᠭᠯᠡᠬᠦ ᠶᠠᠪᠤᠴᠠ ᠶᠢ ᠵᠢᠭᠠᠬᠤ ᠸᠢᠳᠢᠤ᠋ ᠶᠢᠨ ᠮᠡᠷᠭᠡᠨ ᠴᠣᠬᠤᠷ ᠢ ᠳᠠᠷᠤᠮᠠᠯᠯᠠᠵᠤ᠂ ᠭᠠᠷ ᠤᠲᠠᠰᠤ ᠪᠠᠷ ᠰᠢᠷᠪᠢᠪᠡᠯ ᠬᠡᠷᠡᠭᠯᠡᠬᠦ ᠲᠣᠳᠣᠷᠬᠠᠶᠢᠯᠠᠯᠲᠠ ᠶᠢ ᠠᠮᠠᠷᠬᠠᠨ ᠣᠯᠵᠤ ᠦᠵᠡᠵᠦ ᠪᠣᠯᠤᠨ᠎ᠠ᠃ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ ᠢ ᠡᠩ ᠤᠨ ᠳᠤᠯᠠᠭᠠᠨ ᠢᠶᠠᠷ ᠬᠠᠳᠠᠭᠠᠯᠠᠵᠤ᠂ ᠨᠡᠭᠡᠭᠡᠪᠡᠯ ᠪᠠᠷᠢᠨ ᠬᠡᠷᠡᠭᠯᠡᠬᠦ ᠴᠢᠬᠤᠯᠠᠲᠠᠢ ᠮᠥᠷᠲᠡᠭᠡᠨ ᠢᠵᠢ ᠪᠦᠷᠢᠳᠦᠭᠦᠯᠦᠨ ᠬᠡᠷᠡᠭᠯᠡᠬᠦ ᠬᠡᠷᠡᠭᠲᠡᠢ᠂ ᠬᠡᠷᠡᠭᠯᠡᠬᠦ ᠠᠴᠠ ᠪᠠᠨ ᠡᠮᠦᠨ᠎ᠡ ᠲᠣᠳᠣᠷᠬᠠᠶᠢᠯᠠᠯᠲᠠ ᠶᠢᠨ ᠪᠢᠴᠢᠭ ᠢ ᠨᠠᠷᠢᠨ ᠤᠩᠰᠢᠬᠤ ᠶᠢᠨ ᠬᠠᠮᠲᠤ ᠬᠡᠷᠡᠭᠯᠡᠬᠦ ᠶᠠᠪᠤᠴᠠ ᠶᠢ ᠴᠢᠩᠭ᠎ᠠ ᠵᠢᠷᠤᠮᠯᠠᠨ ᠳᠦᠷᠢᠮᠵᠢᠭᠦᠯᠦᠨ ᠬᠡᠷᠡᠭᠯᠡᠬᠦ ᠬᠡᠷᠡᠭᠲᠡᠶ᠃ ᠬᠡᠷᠡᠭᠯᠡᠭᠴᠢ ᠠᠴᠠ ᠦᠯᠢᠭᠡᠷ ᠠᠪᠬᠤ ᠪᠠᠭᠠᠵᠢ ᠪᠠᠨ ᠭᠠᠷᠭᠠᠨ ᠠᠪᠴᠤ᠂ ᠬᠠᠮᠠᠷ ᠤᠨ ᠢᠶᠠᠨ ᠨᠦᠬᠡ ᠪᠠᠷ 15cm ᠣᠷᠣᠭᠤᠯᠵᠤ᠂ ᠬᠤᠶᠠᠷ ᠲᠠᠯ᠎ᠠ ᠶᠢᠨ ᠬᠠᠮᠠᠷ ᠤᠨ ᠨᠦᠭᠡᠨ ᠳᠤ ᠪᠠᠨ ᠲᠤᠰ ᠪᠦᠷᠢ 4 ᠪᠦᠲᠦᠨ ᠡᠷᠭᠢᠯᠳᠦᠭᠦᠯᠵᠦ᠂ ᠬᠠᠳᠠᠭᠠᠯᠠᠬᠤ ᠰᠢᠩᠭᠡᠨ ᠳᠡᠭᠡᠨ ᠬᠢᠵᠦ᠂ ᠳᠠᠬᠢᠨ ᠰᠢᠯᠭᠠᠨ ᠪᠠᠶᠢᠴᠠᠭᠠᠬᠤ ᠺᠠᠷᠲ ᠳᠡᠭᠡᠷ᠎ᠡ ᠳᠤᠰᠤᠭᠠᠨ᠎ᠠ᠂ 15 ᠮᠢᠨᠦ᠋ᠲ ᠤᠨ ᠳᠠᠷᠠᠭ᠎ᠠ ᠦᠷ᠎ᠡ ᠳ᠋ᠦᠩ ᠭᠠᠷᠤᠨ᠎ᠠ᠃ ᠬᠡᠷᠡᠭᠯᠡᠬᠦ ᠲᠣᠳᠣᠷᠬᠠᠶᠢᠯᠠᠯᠲᠠ ᠶᠢ ᠸᠢᠳᠢᠤ᠋ ᠶᠢᠨ ᠠᠷᠭ᠎ᠠ ᠪᠠᠷ ᠲᠠᠶᠢᠯᠪᠤᠷᠢᠯᠠᠭᠰᠠᠨ ᠪᠣᠯᠬᠤᠷ ᠠᠭᠤᠯᠭ᠎ᠠ ᠨᠢ ᠨᠠᠷᠢᠨ ᠲᠣᠳᠣᠷᠬᠠᠶ ᠪᠥᠭᠡᠳ ᠣᠶᠢᠯᠠᠭᠠᠬᠤ ᠳᠤ ᠠᠮᠠᠷᠬᠠᠨ ᠤᠴᠢᠷ ᠠᠴᠠ ᠬᠡᠷᠡᠭᠯᠡᠬᠦ ᠳᠤ ᠲᠡᠶᠢᠮᠦ ᠬᠦᠴᠢᠷ ᠪᠢᠰᠢ᠃      ᠣᠳᠣᠬᠠᠨ ᠳᠤ ᠪᠥᠬᠦ ᠲᠣᠭᠤᠷᠢᠭ ᠲᠤ ᠵᠥᠪᠬᠡᠨ ᠰᠢᠨ ᠲᠧ ᠰᠢᠨ ᠪᠣᠯᠣᠨ ᠭᠦᠸᠧ ᠳ᠋ᠠ ᠡᠮ ᠤᠨ ᠳᠡᠯᠭᠡᠭᠦᠷ ᠲᠤ ᠰᠢᠨ᠎ᠡ ᠲᠢᠲᠢᠮᠯᠡᠭ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ ᠢ ᠪᠣᠷᠣᠯᠠᠭᠤᠯᠵᠤ ᠪᠠᠶᠢᠨ᠎ᠠ᠃ ᠰᠢᠨ᠎ᠡ ᠲᠢᠲᠢᠮᠯᠡᠭ ᠸᠢᠷᠦ᠋ᠰ ᠤᠨ ᠥᠳᠥᠭᠡᠭᠴᠢ ᠶᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠬᠠᠶᠢᠷᠴᠠᠭ ᠢ ᠪᠣᠯ ︽ᠳᠥᠷᠪᠡᠨ ᠲᠥᠷᠥᠯ ᠤᠨ ᠡᠮ ᠤᠨ ᠵᠦᠶᠯ︾ ᠢ ᠵᠢᠵᠢᠭᠯᠡᠨ ᠬᠤᠳᠠᠯᠳᠤᠬᠤ ᠶᠢ ᠬᠢᠨᠠᠨ ᠬᠡᠮᠵᠢᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠶᠣᠰᠣᠭᠠᠷ ᠬᠠᠮᠢᠶᠠᠷᠴᠤ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ ᠠᠷᠠᠳ ᠬᠤᠳᠠᠯᠳᠤᠨ ᠠᠪᠬᠤ ᠳᠠᠭᠠᠨ  ᠪᠡᠶ᠎ᠡ ᠶᠢᠨ ᠦᠨᠡᠮᠯᠡᠯ ᠢᠶᠠᠨ ᠠᠪᠴᠤ᠂ ᠪᠡᠶ᠎ᠡ ᠬᠡᠮ ᠤᠨ ᠮᠡᠳᠡᠭᠡ ᠵᠠᠩᠭᠢ ᠪᠠᠨ ᠴᠢᠩᠭ᠎ᠠ ᠳᠠᠩᠰᠠᠯᠠᠬᠤ ᠬᠡᠷᠡᠭᠲᠡᠶ ᠪᠥᠭᠡᠳ ᠡᠮ ᠡᠮᠨᠡᠯᠭᠡ ᠶᠢᠨ ᠳᠠᠭᠠᠳᠬᠠᠯ ᠤᠨ ᠺᠠᠷᠲ ᠢᠶᠠᠷ ᠬᠤᠳᠠᠯᠳᠤᠨ ᠠᠪᠴᠤ ᠪᠣᠯᠤᠨ᠎ᠠ᠃                                          ᠣᠷᠴᠢᠭᠤᠯᠤᠭᠴᠢ᠄ ᠤᠳᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2