ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠶᠢᠨ ᠲᠠᠯᠠᠪᠠᠶ ᠳᠤ ᠲᠣᠭᠤᠷᠢᠨ ᠦᠵᠡᠭᠰᠡᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/24
     4 ᠰᠠᠷ᠎ᠠ ᠶᠢᠨ 20 ᠤ ᠡᠳᠦᠷ᠂ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠤᠬᠠᠶ ᠶᠢᠨ ᠲᠠᠯᠠᠪᠠᠶ ᠳᠤ ᠲᠣᠭᠤᠷᠢᠨ ᠦᠵᠡᠭᠰᠡᠨ ᠬᠤᠷᠠᠯ ᠬᠤᠷᠠᠯᠳᠤᠪᠠ᠃ ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠸᠢ ᠶᠦᠨ ᠤ ᠪᠦᠬᠦ ᠬᠤᠳᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠴᠣᠬᠤᠯᠠᠪᠤᠷᠢ ᠶᠢ ᠤᠯᠠᠮᠵᠢᠯᠠᠵᠤ᠂ ᠪᠦᠬᠦ ᠬᠤᠳᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠰᠢᠷ᠎ᠠ ᠪᠤᠷᠴᠠᠭ ᠤᠨ ᠲᠣᠰᠣᠯᠢᠭ ᠲᠠᠷᠢᠮᠠᠯ᠂ ᠬᠠᠶᠠᠭᠳᠠᠮᠠᠯ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠪᠠ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠢᠦᠶ ᠬᠠᠶ ᠢᠦᠶ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠯᠢ ᠵᠢᠶᠠᠨ ᠵᠢᠶᠦ᠋ᠨ ᠬᠤᠷᠠᠯ ᠢ ᠡᠷᠭᠢᠯᠡᠪᠡ᠃      ᠰᠦᠢ ᠸᠧᠢ ᠵᠢᠶᠦ᠋ᠨ ᠴᠣᠬᠤᠯᠠᠪᠤᠷᠢ ᠳᠠᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠣᠯ ᠠᠮᠤ ᠪᠤᠳᠠᠭᠠᠨ ᠤ ᠦᠢᠯᠡᠳᠪᠦᠷᠢᠯᠡᠯ ᠢ ᠪᠠᠬᠢᠵᠢᠭᠦᠯᠬᠦ ᠪᠠ ᠳᠡᠭᠡᠭᠰᠢᠯᠡᠭᠦᠯᠬᠦ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠲᠦᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠰᠠᠭᠤᠷᠢ ᠴᠢᠨᠠᠷᠲᠠᠢ ᠢᠨᠵᠧᠨᠧᠷᠢᠩ ᠪᠣᠯᠤᠨ᠎ᠠ᠂ ᠲᠠᠷᠢᠶᠠᠴᠢᠨ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠲᠠᠢ ᠬᠤᠯᠪᠣᠭᠳᠠᠨ᠎ᠠ᠃ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ᠠᠵᠢᠯ ᠤᠨ ᠲᠥᠷᠥᠯᠵᠢᠭᠦᠯᠬᠦ᠂ ᠲᠥᠷᠥᠯ ᠵᠦᠶᠯ ᠢ ᠨᠠᠷᠢᠨ ᠲᠠᠩᠰᠠᠵᠢᠭᠤᠯᠬᠤ᠂ ᠨᠠᠷᠢᠨ ᠲᠠᠩᠰᠠ ᠶᠢ ᠬᠠᠷᠢᠭᠤᠴᠠᠯᠭᠠᠵᠢᠭᠤᠯᠬᠤ ᠱᠠᠭᠠᠷᠳᠠᠯᠭ᠎ᠠ ᠶᠣᠰᠣᠭᠠᠷ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠡᠮᠬᠢ ᠵᠢᠷᠤᠮ ᠲᠠᠢ ᠠᠬᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠬᠠᠪᠤᠷ ᠤᠨ ᠲᠠᠷᠢᠶᠠᠯᠠᠭ᠎ᠠ ᠶᠢ ᠰᠠᠭᠠᠲᠠᠭᠠᠬᠤ ᠥᠬᠡᠶ᠂ ᠲᠠᠷᠢᠶᠠᠯᠠᠩ ᠤᠨ  ᠠᠵᠢᠯ ᠢ ᠰᠠᠭᠠᠲᠠᠭᠠᠬᠤ ᠥᠬᠡᠶ ᠪᠠᠶᠢᠬᠤ ᠶᠢ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠᠷ ᠳᠠᠮᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ᠃ ᠡᠭᠦᠨ ᠤ ᠬᠠᠮᠲᠤ᠂ ᠬᠠᠶᠠᠭᠳᠠᠮᠠᠯ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠪᠠ ᠪᠣᠬᠢᠷᠲᠤᠯ ᠢ ᠵᠠᠰᠠᠬᠤ ᠡᠷᠴᠢᠮ ᠢ ᠴᠢᠩᠭᠠᠷᠠᠭᠤᠯᠵᠤ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠡᠬᠢ ᠡᠭᠦᠰᠦᠯ ᠠᠴᠠ ᠨᠢ ᠡᠵᠡᠮᠳᠡᠬᠦ︾ ᠬᠠᠶᠠᠭᠳᠠᠮᠠᠯ ᠪᠦᠷᠬᠦᠪᠴᠢ ᠶᠢ ᠬᠤᠷᠢᠶᠠᠨ ᠠᠪᠬᠤ ᠪᠠ ᠳᠠᠬᠢᠨ ᠠᠰᠢᠭᠯᠠᠬᠤ ᠰᠢᠰᠲ᠋ᠧᠮᠵᠢ ᠶᠢ ᠪᠠᠶᠢᠭᠤᠯᠵᠤ᠂ ᠪᠣᠬᠢᠷᠲᠤᠯ ᠥᠬᠡᠶ ᠲᠠᠷᠢᠶᠠᠯᠠᠩ ᠤᠨ ᠬᠥᠭᠵᠢᠯᠲᠡ ᠶᠢ ᠪᠦᠲᠦᠮᠵᠢᠲᠡᠶ ᠪᠠᠷ ᠳᠡᠮᠵᠢᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠴᠢ ᠹᠸᠢ ᠶᠦᠨ ᠴᠣᠬᠤᠯᠠᠪᠤᠷᠢ ᠳᠠᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ︽ᠰᠢᠵᠢᠷ ᠠᠯᠳᠠᠨ ᠬᠤᠭᠤᠴᠠᠭ᠎ᠠ︾ ᠶᠢ ᠠᠮᠵᠢᠨ ᠠᠳᠬᠤᠵᠤ᠂ ᠪᠠᠷᠢᠯᠭ᠎ᠠ ᠶᠢᠨ ᠠᠬᠢᠴᠠ ᠪᠣᠯᠤᠨ ᠪᠡᠯᠡ ᠮᠥᠩᠭᠦ ᠥᠭᠬᠦ ᠶᠢ ᠲᠦᠷᠭᠡᠳᠬᠡᠵᠦ᠂ ᠲᠦᠷᠦᠯ ᠵᠦᠢᠯ ᠤᠨ ᠲᠣᠭᠲᠠᠭᠰᠠᠨ ᠴᠠᠭ ᠲᠠᠭᠠᠨ ᠠᠵᠢᠯ ᠳᠠᠭᠤᠰᠬᠤ ᠶᠢ ᠪᠠᠲᠤᠯᠠᠬᠤ ᠬᠡᠷᠡᠭᠲᠡᠢ᠃ ᠲᠥᠷᠥᠯ ᠵᠦᠶᠯ ᠤᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠡᠷᠭᠡᠵᠢᠯ ᠤᠨ ᠪᠠᠷᠢᠮᠵᠢᠶ᠎ᠠ᠂ ᠠᠵᠢᠯᠯᠠᠬᠤ ᠲᠦᠷᠢᠮ ᠢ ᠴᠢᠩᠭ᠎ᠠ ᠵᠢᠷᠤᠮᠯᠠᠨ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠲᠠᠩ ᠵᠦᠶᠯ ᠤᠨ ᠪᠠᠷᠢᠯᠭ᠎ᠠ ᠶᠢ ᠰᠢᠯᠭᠠᠨ ᠠᠪᠬᠤ᠂ ᠲᠥᠷᠥᠯ ᠵᠦᠶᠯ ᠤᠨ ᠠᠩᠬᠠᠨ ᠤ ᠰᠢᠯᠭᠠᠯᠲᠠ ᠪᠠ ᠲᠥᠷᠥᠯ ᠵᠦᠶᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠪᠠᠷᠢᠯᠭ᠎ᠠ ᠶᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠲᠤᠰᠬᠠᠶ ᠠᠩᠭᠢ ᠲᠠᠢ᠂ ᠲᠤᠰᠬᠠᠶ ᠬᠥᠮᠦᠨ ᠲᠠᠢ ᠪᠠᠶᠢᠬᠤ ᠶᠢ ᠪᠡᠶᠡᠯᠡᠭᠦᠯᠵᠦ᠂ ᠨᠢᠭᠡ ᠮᠥ ᠪᠠᠶᠢᠭᠤᠯᠤᠨ ᠳᠠᠭᠤᠰᠬᠠᠭᠰᠠᠨ  ᠪᠣᠯ ᠨᠢᠭᠡ ᠮᠥ ᠶᠢ ᠰᠠᠶᠢᠲᠤᠷ ᠬᠠᠮᠢᠶᠠᠷᠬᠤ ᠶᠢ ᠦᠨᠡᠨᠬᠦ ᠪᠠᠲᠤᠯᠠᠬᠤ ᠬᠡᠷᠡᠭᠲᠡᠶ ᠃ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠬᠠᠶᠠᠭᠳᠠᠮᠠᠯ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠶᠢ ᠴᠢᠩᠭᠠᠳᠬᠠᠵᠤ᠂ ᠪᠠᠷᠢᠮᠵᠢᠶ᠎ᠠ ᠳᠤ ᠥᠯᠥ ᠨᠡᠶᠢᠴᠡᠬᠦ ᠰᠦᠯᠢᠶᠣᠣ ᠪᠦᠷᠬᠦᠪᠴᠢ ᠶᠢ ᠵᠠᠬ᠎ᠠ ᠳᠡᠯᠭᠡᠭᠦᠷ ᠲᠤ ᠣᠷᠣᠭᠤᠯᠵᠤ ᠲᠠᠷᠢᠶᠠᠨ ᠭᠠᠵᠠᠷ ᠲᠤ ᠣᠷᠣᠭᠤᠯᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠦᠨᠡᠨᠬᠦ ᠰᠠᠶᠢᠲᠤᠷ ᠪᠦᠳᠦᠭᠡᠨ ᠪᠠᠶᠢᠭᠤᠯᠵᠤ᠂ ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠵᠤ᠂ ᠮᠠᠨ ᠤ ᠬᠤᠳᠠ ᠶᠢᠨ ᠬᠥᠳᠡᠭᠡ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠬᠤ ᠮᠠᠯᠵᠢᠬᠤ ᠣᠷᠣᠨ᠂ ᠲᠠᠷᠢᠶᠠᠴᠢᠨ ᠮᠠᠯᠴᠢᠨ︾ ᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠬᠤᠸᠠᠳᠧ ᠰᠢᠶᠠᠨ᠂ ᠱᠠᠩᠳᠤ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠪᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2