ᠬᠤᠸᠠᠳᠧ ᠰᠢᠶᠠᠨ ︽ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ ᠶᠢᠨ ᠬᠤᠰᠢᠭᠤᠴᠢ ᠪᠣᠯᠬᠤ ᠪᠠᠷ ᠲᠡᠮᠡᠴᠡᠶ᠎ᠡ︾ ᠭᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2022/4/24
     ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠰᠤᠷᠤᠯᠴᠠᠯᠭ᠎ᠠ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠶᠢᠨ ᠲᠥᠯᠥᠭᠡ᠂ ᠬᠤᠸᠠᠳᠧ ᠰᠢᠶᠠᠨ ᠪᠦᠬᠦ ᠰᠢᠶᠠᠨ ᠤ ᠥᠷᠭᠡᠨ ᠤᠯᠠᠨ ᠺᠠᠳ᠋ᠷ ᠠᠵᠢᠯᠳᠠᠨ ᠤ ᠳᠤᠮᠳᠠ ︽ᠲᠤᠮᠤ ᠤᠯᠤᠰ ᠤᠨ ᠤᠷᠠᠨ ᠲᠠᠷᠬᠠᠨ ᠤ ᠣᠨ ᠤ ᠬᠥᠮᠦᠰ︾ ᠯᠦ ᠷᠧᠨ ᠹᠧᠩ ᠨᠥᠬᠦᠷ ᠠᠴᠠ ᠰᠤᠷᠤᠯᠴᠠᠬᠤ ᠬᠠᠯᠠᠭᠤᠨ ᠥᠷᠨᠢᠯᠲᠡ ᠭᠠᠷᠭᠠᠪᠠ᠃      ᠣᠶᠢᠷ᠎ᠠ ᠳᠤ᠂ ᠲᠣᠰ ᠰᠢᠶᠠᠨ ᠤ ᠬᠢᠨ ᠬᠤᠸᠠ ᠴᠧᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠴᠤᠤ ᠶᠠᠩ ᠠᠷᠢᠬᠢᠨ ᠤ ᠦᠶᠯᠡᠳᠪᠦᠷᠢ ᠳᠤ ᠲᠣᠮᠣ ᠤᠯᠤᠰ ᠤᠨ ᠤᠷᠠᠨ ᠳᠠᠷᠬᠠᠨ ᠤ ᠵᠣᠷᠢᠭ ᠰᠠᠨᠠᠭ᠎ᠠ ᠶᠢ ᠰᠤᠷᠤᠯᠴᠠᠬᠤ ᠠᠵᠢᠯᠲᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠢ ᠲᠣᠰ ᠲᠣᠰ ᠬᠤᠷᠠᠯᠳᠤᠭᠤᠯᠵᠤ᠂ ᠪᠥᠬᠦ ᠰᠢᠶᠠᠨ ᠤ ᠥᠷᠭᠡᠨ ᠣᠯᠠᠨ ᠠᠵᠢᠯᠲᠠᠨ ᠢ ᠯᠦ ᠷᠧᠨ ᠹᠧᠩ ᠨᠥᠬᠦᠷ ᠠᠴᠠ ᠰᠤᠷᠤᠯᠴᠠᠵᠤ᠂ ᠠᠵᠢᠯ ᠤᠨ ᠪᠠᠶᠢᠷᠢ ᠪᠠᠨ ᠭᠠᠪᠢᠶ᠎ᠠ ᠪᠠᠶᠢᠭᠤᠯᠤᠨ ᠦᠶᠯᠡᠰ ᠪᠦᠲᠦᠭᠡᠬᠦ᠂ ᠦᠨ᠎ᠡ ᠥᠷᠲᠡᠭ ᠢᠶᠠᠨ ᠪᠡᠶᠡᠯᠡᠭᠦᠯᠬᠦ ᠲᠠᠪᠴᠠᠩ ᠪᠣᠯᠭᠠᠬᠤ ᠶᠢ ᠤᠷᠢᠶᠠᠯᠠᠪᠠ᠃ ᠬᠤᠷᠠᠯ ᠳᠡᠭᠡᠷ᠎ᠡ᠂ ᠯᠦ ᠷᠧᠨ ᠹᠧᠩ ᠤᠨ ᠲᠡᠷᠢᠭᠦᠨ ᠤ ᠦᠢᠯᠡ ᠠᠵᠢᠯᠯᠠᠭ᠎ᠠ ᠶᠢ ᠰᠣᠨᠣᠰᠤᠭᠰᠠᠨ ᠤ ᠳᠠᠷᠠᠭ᠎ᠠ᠂ ᠬᠤᠸᠠᠳᠧ ᠰᠢᠶᠠᠨ ᠤ ᠠᠵᠢᠯᠳᠠᠨ ᠤ ᠲᠥᠯᠥᠭᠡᠯᠡᠭᠴᠢᠳ ᠲᠤᠰ ᠲᠤᠰ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠳᠠᠯᠢ ᠪᠤᠰᠤ ᠳᠠᠪᠬᠤᠷᠭ᠎ᠠ᠂ ᠠᠳᠠᠯᠢ ᠪᠤᠰᠤ ᠬᠠᠷᠠᠭᠠᠰᠤ ᠠᠴᠠ ᠲᠤᠮᠤ ᠤᠯᠤᠰ ᠤᠨ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠪᠠ ᠠᠵᠤ ᠠᠬᠤᠶᠢᠯᠠᠯ ᠤᠨ ᠬᠥᠭᠵᠢᠯᠲᠡ ᠳᠤ ᠬᠦᠴᠦ ᠨᠡᠮᠡᠷᠢᠯᠡᠬᠦ ᠵᠡᠷᠭᠡ ᠲᠠᠯ᠎ᠠ ᠪᠠᠷ ᠣᠶᠢᠯᠠᠭᠠᠯᠲᠠ᠂ ᠲᠦᠷᠦᠭᠳᠡᠯ ᠢᠶᠠᠨ ᠶᠠᠷᠢᠵᠤ᠂ ᠥᠪᠡᠷ ᠥᠪᠡᠷ ᠤᠨ ᠲᠤᠷᠰᠢᠯᠭ᠎ᠠ ᠠᠷᠭ᠎ᠠ ᠪᠠᠷᠢᠯ ᠢᠶᠠᠨ ᠬᠤᠪᠢᠶᠠᠯᠴᠠᠪᠠ᠃      ᠬᠤᠷᠠᠯ ᠠᠴᠠ᠂ ᠪᠦᠬᠦ ᠰᠢᠶᠠᠨ ᠤ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠪᠠᠷ ᠳᠡᠮᠵᠢᠨ᠂ ᠬᠥᠳᠡᠯᠮᠦᠷᠢ ᠢᠷᠠᠭᠤ ᠠᠯᠳᠠᠷᠲᠠᠶ ᠨᠡᠶᠢᠭᠡᠮ ᠤᠨ ᠬᠡᠪ ᠰᠤᠷᠲᠠᠯ ᠪᠠ ᠨᠢᠭᠲᠠ ᠠᠴᠠ ᠨᠢᠭᠲᠠ ᠪᠠᠶᠢᠬᠤ ᠠᠵᠢᠯ ᠦᠢᠯᠡᠰ ᠢᠶᠠᠨ ᠳᠡᠭᠡᠳᠦᠯᠡᠬᠦ ᠬᠡᠪ ᠰᠤᠷᠲᠠᠯ ᠢ ᠴᠢᠷᠮᠠᠶᠢᠨ ᠪᠤᠶ ᠪᠣᠯᠭᠠᠵᠤ᠂ ᠥᠷᠭᠡᠨ ᠤᠯᠠᠨ ᠠᠵᠢᠯᠳᠠᠨ ᠢ ᠬᠥᠲᠥᠯᠥᠨ ᠵᠢᠯᠣᠭᠤᠳᠴᠤ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠬᠦ ᠶᠢ ᠪᠡᠶᠡᠯᠡᠭᠦᠯᠵᠦ᠂ ᠠᠵᠢᠯᠴᠢᠨ ᠠᠩᠬᠢ ᠶᠢᠨ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠰᠡᠯᠡᠩ ᠲᠠᠢ ᠪᠥᠭᠡᠳ ᠢᠲᠡᠭᠡᠯ ᠵᠣᠷᠢᠭ ᠲᠠᠢ᠂ ᠮᠡᠷᠭᠡᠵᠢᠯ ᠲᠠᠢ ᠪᠥᠭᠡᠳ ᠰᠢᠨ᠎ᠡ ᠶᠢ ᠡᠭᠦᠳᠴᠦ ᠴᠢᠳᠠᠳᠠᠭ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠬᠤᠪᠢ ᠨᠡᠮᠡᠷᠢ ᠦᠵᠡᠭᠦᠯᠬᠦ ᠶᠢ ᠡᠷᠬᠢᠮᠯᠡᠳᠡᠭ ᠠᠤᠭ᠎ᠠ ᠶᠡᠭᠡ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠪᠤᠢ ᠪᠣᠯᠭᠠᠵᠤ᠂ ᠪᠦᠬᠦ ᠰᠢᠶᠠᠨ ᠤ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠴᠢᠳᠠᠪᠤᠷᠢᠲᠠᠨ ᠤ ᠲᠦᠰᠢᠭ ᠲᠤᠯᠭᠠᠭᠤᠷᠢ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃                                        ᠣᠷᠴᠢᠭᠤᠯᠤᠭᠴᠢ᠄ ᠤᠳᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2