ᠬᠤᠸᠠᠳᠧ ᠰᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/25
     4 ᠰᠠᠷ᠎ᠠ ᠶᠢᠨ 21 ᠤ ᠡᠳᠦᠷ᠂ ᠬᠤᠸᠠᠳᠧ ᠰᠢᠶᠠᠨ ᠪᠥᠬᠦ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠠᠰᠠᠭᠤᠳᠠᠯ᠂ ᠬᠠᠷᠠᠯᠲᠠ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠶᠢᠨ ᠳᠦᠷᠦᠯ ᠵᠦᠢᠯ ᠪᠣᠯ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠬᠡᠢ᠂ ᠪᠠᠰᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠬᠦᠷᠢᠶᠡᠨ ᠤ ᠳᠤᠲᠠᠭᠤᠳᠠᠯ ᠢ ᠨᠥᠬᠦᠪᠥᠷᠢᠯᠡᠬᠦ᠂ ᠲᠠᠷᠢᠶᠠᠯᠠᠩ ᠤᠨ ᠰᠠᠭᠤᠷᠢ ᠨᠥᠬᠦᠴᠡᠯ ᠢ ᠰᠠᠶᠢᠵᠢᠷᠠᠭᠤᠯᠬᠤ ᠴᠢᠬᠤᠯᠠ ᠶᠡᠭᠡ ᠲᠤᠯᠭᠠᠭᠤᠷᠢᠯᠠᠬᠤ ᠳᠦᠷᠦᠯ ᠵᠦᠢᠯ ᠪᠣᠯᠤᠨ᠎ᠠ᠃ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠣᠳᠣᠬᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ ᠠᠳᠬᠤᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠤᠯ ᠬᠠᠷᠢᠭᠤᠴᠠᠯᠭᠠᠲᠠᠨ ᠪᠡᠶ᠎ᠡ ᠪᠠᠷ ᠢᠶᠠᠨ ᠠᠰᠠᠭᠤᠵᠤ᠂ ᠤᠷᠢᠳᠴᠢᠯᠠᠨ ᠵᠢᠯᠣᠭᠤᠳᠴᠤ᠂ ᠴᠠᠭ ᠪᠢᠳᠡᠨ ᠢ ᠬᠦᠯᠢᠶᠡᠬᠦ ᠥᠬᠡᠶ᠂ ᠥᠷᠯᠥᠭᠡ ᠦᠳᠡᠰᠢ ᠶᠢ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠠᠷᠢᠶᠠᠯᠠᠬᠤ ᠴᠠᠭ ᠢ ᠰᠠᠭᠠᠲᠠᠭᠠᠬᠤ ᠥᠬᠡᠶ᠂ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠬᠤ ᠶᠢ ᠦᠨᠡᠨ ᠬᠦ ᠪᠠᠲᠤᠯᠠᠵᠤ᠂ 5 ᠰᠠᠷ᠎ᠠ ᠶᠢᠨ ᠳᠤᠮᠳᠠᠴᠢ ᠪᠠᠷ ᠪᠦᠬᠦᠨ ᠢ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ ᠬᠠᠷᠠᠯᠲᠠ ᠡᠭᠦᠷᠭᠡ ᠪᠠᠨ ᠴᠢᠩᠭ᠎ᠠ ᠠᠳᠬᠤᠵᠤ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠤᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠴᠠᠭ ᠤᠨ ᠬᠦᠰᠦᠨᠦᠭᠲᠦ᠂ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠣᠯᠠᠨ ᠠᠵᠢᠯᠳᠠᠨ ᠲᠣᠮᠢᠯᠠᠵᠤ᠂ ᠲᠤᠨᠤᠭ ᠲᠥᠬᠦᠭᠡᠷᠦᠮᠵᠢ ᠶᠢ ᠢᠯᠡᠭᠦᠦ ᠨᠡᠮᠡᠵᠦ᠂ ᠣᠯᠠᠨ ᠲᠠᠯ᠎ᠠ ᠠᠴᠠ ᠨᠡᠶᠢᠲᠡ ᠳᠡᠭᠡᠨ ᠬᠥᠳᠡᠯᠦᠯᠴᠡᠵᠦ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠡᠯ᠎ᠡ ᠲᠣᠰᠬᠤᠨ ᠤ ᠵᠣᠬᠢᠴᠠᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠲᠣᠬᠢᠷᠠᠭᠤᠯᠵᠤ᠂ ᠲᠡᠰ ᠳᠠᠷᠠᠭᠠᠯᠠᠯ ᠢ ᠰᠢᠯᠢᠳᠡᠭᠵᠢᠭᠦᠯᠦᠨ᠂ ᠡᠭᠦᠷᠭᠡ ᠪᠠᠨ ᠴᠠᠭ ᠲᠤᠬᠠᠶ ᠳᠤ ᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠰᠢᠶᠠᠩ ᠪᠠᠯᠭᠠᠰᠤ ᠰᠢᠶᠠᠨ ᠤ ᠤᠳᠤᠷᠢᠳᠤᠯᠭ᠎ᠠ ᠪᠣᠯᠤᠨ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠤᠬᠠᠭᠤᠯᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ᠂ ᠬᠢᠨᠠᠨ ᠵᠢᠯᠣᠭᠤᠳᠴᠤ ᠪᠠᠶᠢᠴᠠᠭᠠᠬᠤ᠂ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠵᠣᠬᠢᠰᠲᠠᠢ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠵᠣᠬᠢᠶᠠᠨ ᠪᠠᠶᠢᠭᠤᠯᠤᠨ ᠵᠣᠬᠢᠴᠠᠭᠤᠯᠬᠤ ᠬᠡᠷᠡᠭᠲᠡᠢ᠃ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠯ᠎ᠡ ᠰᠢᠶᠠᠩ ᠪᠠᠯᠭᠠᠰᠤ ᠶᠢᠨ ᠭᠤᠣᠯ ᠬᠠᠷᠢᠭᠤᠴᠠᠯᠭᠠᠲᠠᠳ ᠪᠠᠷᠢᠯᠭ᠎ᠠ ᠪᠠᠷᠢᠬᠤ ᠨᠢᠭᠡᠴᠢ ᠶᠢ ᠰᠢᠮᠳᠠᠭᠤᠯᠵᠤ ᠪᠠᠶᠢᠭᠠᠳ ᠬᠤᠷᠴᠠ ᠴᠢᠳᠠᠮᠠᠭᠠᠶ ᠪᠠᠷᠢᠯᠭ᠎ᠠ ᠪᠠᠷᠢᠬᠤ ᠡᠩᠨᠡᠭᠡ ᠶᠢ ᠰᠠᠶᠢᠲᠤᠷ ᠵᠣᠬᠢᠶᠠᠨ ᠪᠠᠶᠢᠭᠤᠯᠵᠤ᠂ ᠡᠭᠡᠯᠵᠢ ᠨᠡᠮᠡᠵᠦ ᠴᠠᠭ  ᠤᠷᠲᠤᠳᠬᠠᠵᠤ ᠠᠵᠢᠯᠯᠠᠭᠤᠯᠤᠨ᠂ ᠪᠠᠷᠢᠯᠭ᠎ᠠ ᠶᠢᠨ ᠵᠢᠷᠤᠮᠵᠢᠯ ᠢ ᠴᠢᠩᠭ᠎ᠠ ᠵᠢᠷᠤᠮᠯᠠᠭᠤᠯᠤᠨ ᠪᠠᠷᠢᠭᠤᠯᠵᠤ᠂ ᠪᠠᠷᠢᠯᠭ᠎ᠠ ᠶᠢᠨ ᠲᠥᠷᠥᠯ ᠵᠦᠢᠯ ᠤᠨ ᠶᠠᠰᠤ ᠴᠢᠨᠠᠷ᠂ ᠠᠬᠢᠴᠠ᠂ ᠠᠶᠤᠯᠭᠦᠢ ᠳᠤ ᠥᠨᠳᠥᠷ ᠦᠷ᠎ᠡ ᠪᠦᠲᠦᠮᠵᠢᠲᠡᠶ ᠵᠣᠬᠢᠴᠠᠩᠭᠤᠢ ᠠᠵᠢᠯᠯᠠᠭᠠᠨ ᠬᠢᠬᠦ ᠬᠡᠷᠡᠭᠲᠡᠶ᠃ ᠬᠢᠨᠠᠨ ᠬᠠᠮᠢᠶᠠᠷᠬᠤ ᠺᠣᠮᠫᠠᠨᠢ ᠶᠢ ᠰᠢᠪᠠᠳᠠᠵᠤ ᠪᠠᠶᠢᠭᠠᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠪᠠᠶᠠᠯᠢᠭ ᠲᠤᠷᠰᠢᠯᠭ᠎ᠠ ᠲᠠᠢ ᠲᠤᠬᠠᠶ ᠶᠢᠨ ᠲᠠᠯᠠᠪᠤᠷ ᠤᠨ ᠬᠢᠨᠠᠭᠴᠢ ᠶᠢ ᠲᠣᠬᠢᠷᠠᠭᠤᠯᠤᠨ᠂ ᠮᠠᠲ᠋ᠧᠷᠢᠶᠠᠯ᠂ ᠪᠠᠷᠢᠯᠭ᠎ᠠ ᠶᠢᠨ ᠠᠵᠢᠯ ᠵᠡᠷᠭᠡ ᠪᠣᠭᠤᠮᠲᠠ ᠶᠢ ᠰᠠᠶᠢᠲᠤᠷ ᠰᠠᠬᠢᠭᠤᠯᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠲᠥᠷᠥᠯ ᠵᠦᠶᠯ ᠢ ᠰᠢᠮᠳᠠᠭᠤᠯᠤᠨ ᠵᠢᠯᠣᠭᠤᠳᠬᠤ ᠪᠠ ᠮᠡᠷᠭᠡᠵᠢᠯ ᠤᠨ ᠵᠢᠯᠣᠭᠤᠳᠣᠯᠭ᠎ᠠ ᠶᠢ ᠰᠠᠶᠢᠲᠤᠷ ᠬᠢᠵᠦ᠂ ᠳᠣᠭᠢᠷᠠᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠶᠠᠰᠤ ᠴᠢᠨᠠᠷ ᠪᠠ ᠦᠷ᠎ᠡ ᠠᠰᠢᠭ ᠢ ᠦᠨᠡᠨᠬᠦ ᠪᠠᠲᠤᠯᠠᠵᠤ᠂ ᠢᠨᠵᠧᠨᠧᠷᠢᠩ ᠤᠨ ᠠᠮᠤᠷ ᠲᠦᠪᠰᠢᠨ᠂ ᠪᠠᠯᠠ ᠮᠥᠩᠭᠦ ᠶᠢᠨ ᠠᠮᠤᠷ ᠲᠦᠪᠰᠢᠨ ᠪᠠ ᠦᠶᠯᠡᠳᠪᠦᠷᠢᠯᠡᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠢᠶᠠᠨ ᠨᠠᠶᠢᠳᠠᠪᠤᠷᠢᠵᠢᠭᠤᠯᠤᠭᠰᠠᠨ ᠦᠭᠡᠢ᠂ ᠠᠬᠢᠴᠠ ᠨᠢ ᠤᠳᠠᠭᠠᠨ ᠪᠠᠶᠢᠭ᠎ᠠ ᠰᠢᠶᠠᠩ ᠪᠠᠯᠭᠠᠰᠤ ᠶᠢ ᠭᠤᠣᠯᠳᠠᠯᠭ᠎ᠠ ᠲᠠᠢ ᠪᠠᠷ ᠬᠢᠨᠠᠨ ᠵᠢᠯᠣᠭᠤᠳᠴᠤ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠰ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃                                            ᠣᠷᠴᠢᠭᠤᠯᠤᠭᠴᠢ᠄ ᠤᠳᠠ                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2