ᠴᠢ ᠹᠸᠢ ᠶᠦᠨ ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠶᠡᠭᠡ ᠲᠢᠩᠬᠢᠮ ᠳᠤ ᠣᠯᠠᠨ ᠲᠦᠮᠡᠨ ᠢ ᠭᠥᠯᠢᠶᠡᠨ ᠠᠪᠴᠤ ᠠᠭᠤᠯᠵᠠᠬᠤ ᠳᠠᠭᠠᠨ ᠴᠢᠬᠤᠯᠠᠴᠢᠯᠠᠭᠰᠠᠨ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ ᠠᠷᠠᠳ ᠤᠨ ᠲᠥᠯᠥᠭᠡ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ ᠬᠦᠴᠢᠷᠲᠠᠢ ᠶᠠᠪᠤᠳᠠᠯ ᠢ ᠨᠢ ᠰᠢᠢᠳᠪᠦᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2022/4/27
   4 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠲᠢᠩᠬᠢᠮ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠲᠤᠬᠠᠶ ᠶᠢᠨ ᠲᠠᠯᠠᠪᠤᠷ ᠲᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠵᠣᠬᠢᠴᠠᠭᠤᠯᠤᠨ ᠰᠢᠢᠳᠪᠦᠷᠢᠯᠡᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠣᠯᠠᠨ ᠲᠦᠮᠡᠨ ᠤ ᠰᠠᠨᠠᠭ᠎ᠠ ᠵᠣᠪᠠᠵᠤ ᠪᠠᠶᠢᠭ᠎ᠠ  ᠶᠠᠪᠤᠳᠠᠯ ᠳᠤ ᠰᠡᠳᠬᠢᠯ ᠲᠠᠯᠪᠢᠵᠤ᠂ ᠬᠦᠯᠢᠴᠡᠩᠭᠦᠶ ᠨᠢᠮᠪᠠᠶ ᠰᠠᠶᠢᠲᠤᠷ ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠰᠤᠷᠪᠤᠯᠵᠢᠯᠠᠭ᠎ᠠ ᠶᠢ ᠬᠦᠯᠢᠶᠡᠨ ᠠᠪᠬᠤ ᠲᠠᠰᠤᠭ ᠲᠤ᠂ ᠴᠢ ᠹᠸᠢ ᠶᠦᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠡᠭᠦᠰᠦᠭᠰᠡᠨ ᠰᠢᠯᠲᠠᠭᠠᠨ ᠪᠠ ᠠᠰᠠᠭᠤᠳᠠᠯ ᠤᠨ ᠵᠠᠩᠭᠢᠯᠠᠭ᠎ᠠ ᠶᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠮᠠᠲ᠋ᠧᠷᠢᠶᠠᠯ ᠢ ᠨᠠᠷᠢᠨ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠡᠷᠡᠭ ᠢ ᠪᠠᠶᠢᠴᠠᠭᠠᠭᠰᠠᠨ ᠦᠷ᠎ᠡ ᠳ᠋ᠦᠩ ᠪᠠ ᠡᠮᠦᠨᠡᠬᠢ ᠬᠤᠭᠤᠴᠠᠭᠠᠨ ᠤ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠰᠠᠭᠤᠳᠠᠯ ᠢ ᠰᠢᠢᠳᠪᠦᠷᠢᠯᠡᠬᠦ ᠪᠣᠳᠠᠲᠠᠢ ᠠᠷᠭ᠎ᠠ ᠬᠡᠮᠵᠢᠶ᠎ᠡ ᠶᠢ ᠲᠤᠬᠠᠢ ᠶᠢᠨ ᠲᠠᠯᠠᠪᠤᠷ ᠲᠤ ᠵᠥᠪᠳᠡᠯᠴᠡᠨ ᠶᠠᠷᠢᠯᠴᠠᠪᠠ᠃ ᠴᠢ ᠹᠸᠢ ᠶᠦᠨ᠂ ᠣᠷᠣᠨ ᠰᠠᠭᠤᠴᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠠᠷᠠᠳ ᠲᠦᠮᠡᠨ ᠤ ᠠᠵᠠ ᠵᠢᠷᠭᠠᠯ  ᠲᠠᠢ ᠬᠤᠯᠪᠣᠭᠳᠠᠬᠤ ᠶᠡᠭᠡ ᠶᠠᠪᠤᠳᠠᠯ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠣᠷᠣᠵᠤ ᠰᠠᠭᠤᠬᠤ ᠳᠤ ᠬᠦᠴᠢᠷᠲᠠᠢ᠂ ᠦᠨᠡᠮᠯᠡᠯ ᠠᠪᠬᠤ ᠳᠤ ᠬᠦᠴᠢᠷᠲᠠᠢ᠂ ᠲᠥᠪᠬᠢᠨᠡᠭᠦᠯᠬᠦ ᠳᠤ ᠬᠦᠴᠢᠷᠲᠠᠢ ᠪᠠ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠨ ᠰᠢᠢᠳᠪᠦᠷᠢᠯᠡᠵᠦ ᠂ ᠪᠣᠳᠠᠲᠠᠶ ᠰᠢᠢᠳᠪᠦᠷᠢᠯᠡᠬᠦ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠠᠷᠠᠳ ᠣᠯᠠᠨ ᠤ ᠵᠦᠶ ᠵᠣᠬᠢᠰᠲᠠᠶ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠲᠣᠬᠢᠲᠠᠶ ᠰᠢᠢᠳᠪᠦᠷᠢᠯᠡᠬᠦ ᠬᠡᠷᠡᠭᠲᠡᠶ᠃ ᠲᠦᠷᠦ ᠶᠢᠨ ᠪᠤᠳᠤᠯᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠬᠥᠯᠥᠰᠥᠨ ᠠᠵᠢᠯᠴᠢᠨ ᠳᠤ  ᠬᠦᠳᠡᠯᠮᠥᠷᠢ ᠪᠠᠷ ᠤᠯᠬᠤ ᠣᠷᠣᠯᠭ᠎ᠠ ᠶᠢ ᠦᠨᠡᠨ ᠬᠦ ᠣᠯᠭᠤᠬᠤ ᠬᠡᠷᠡᠭᠲᠡᠶ᠃    ᠴᠢ ᠹᠸᠢ ᠶᠦᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠢ ᠴᠢᠩᠭ᠎ᠠ ᠬᠡᠷᠡᠭᠵᠢᠭᠦᠯᠦᠨ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠦᠲᠦᠮᠵᠢᠲᠡᠶ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠪᠠ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠵᠦ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠦᠨᠳᠦᠰᠦᠯᠡᠨ ᠬᠡᠷᠡᠭ ᠶᠠᠪᠤᠳᠠᠯ ᠰᠢᠢᠳᠪᠦᠷᠢᠯᠡᠬᠦ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠰᠬᠠᠶᠢᠵᠢᠯᠲᠠ᠂ ᠬᠠᠤᠯᠢᠵᠢᠯᠲᠠ᠂ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠨᠢᠭᠡᠪᠦᠷᠢ ᠶᠢᠨ ᠠᠷᠤ ᠳᠠᠬᠢ ᠭᠤᠣᠯ ᠵᠥᠷᠢᠴᠡᠯ ᠢ ᠭᠦᠨᠵᠡᠭᠡᠶ ᠨᠠᠷᠢᠨ ᠨᠢᠭᠲᠠ ᠰᠤᠳᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠠᠳᠠᠯᠢ ᠲᠦᠷᠦᠯ ᠤᠨ ᠠᠰᠠᠭᠤᠳᠠᠯ ᠢ  ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠨᠡᠮᠡᠭᠳᠡᠭᠦᠯᠬᠦ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠨᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠮᠥᠷᠳᠡᠨ ᠬᠢᠨᠠᠨ ᠵᠢᠯᠣᠭᠤᠳᠬᠤ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠬᠡᠷᠡᠭᠲᠡᠶ ᠬᠡᠵᠦ ᠴᠢᠬᠤᠯᠠᠴᠢᠯᠠᠪᠠ᠃                                             ᠣᠷᠴᠢᠭᠤᠯᠤᠭᠴᠢ᠄ ᠬᠤᠩ ᠱᠦᠸᠧ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2