4 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠬᠤᠸᠠ ᠰᠢᠨ ᠬᠤᠳᠠᠯᠳᠤᠭ᠎ᠠ ᠠᠷᠠᠯᠵᠢᠶᠠᠨ ᠤ | ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠶᠡᠭᠡ ᠲᠢᠩᠬᠢᠮ ᠤᠨ ︽ᠮᠥᠩᠬᠡ ᠰᠤᠪᠠᠭ︾ ᠤᠨ ᠠᠵᠤ ᠠᠬᠤᠶᠢᠯᠠᠯ ᠤᠨ ᠤᠨᠴᠠᠯᠢᠬᠳᠤ ᠦᠢᠯᠡᠴᠢᠯᠡᠭᠡᠨ ᠤ | ᠴᠤᠩᠬᠤᠪᠴᠢ ᠶᠢᠨ ᠠᠵᠢᠯᠲᠠᠨ ᠤ ᠭᠠᠷ ᠠᠴᠠ ᠰᠢᠩ ᠾᠧ ᠰᠢᠶᠠᠨ ᠤ ᠠᠩᠬᠠᠳᠠᠭᠴᠢ ᠠᠵᠤ ᠠᠬᠤᠶᠢᠯᠠᠯ ᠨᠡᠭᠡᠭᠡᠨ | ᠡᠷᠭᠢᠯᠡᠭᠰᠡᠨ ︽ᠲᠣᠮᠣ ᠪᠡᠯᠡᠭ︾ ᠢ ᠬᠦᠯᠢᠶᠡᠨ ᠠᠪᠴᠤ᠂ ᠡᠭᠦᠨ ᠳᠤ ᠡᠵᠡᠩᠨᠡᠯᠲᠡ ᠶᠢᠨ ᠦᠨᠡᠮᠯᠡᠯ᠂ 5 ᠠᠯᠪᠠᠨ | ᠲᠠᠮᠠᠭ᠎ᠠ ︵ᠠᠵᠤ ᠠᠬᠤᠶᠢᠯᠠᠯ ᠤᠨ ᠠᠯᠪᠠᠨ ᠲᠠᠮᠠᠭ᠎ᠠ᠂ ᠡᠳ᠋ ᠤᠨ ᠶᠠᠪᠤᠳᠠᠯ ᠤᠨ ᠲᠠᠮᠠᠭ᠎ᠠ᠂ ᠭᠡᠷ᠎ᠡ ᠶᠢᠨ ᠲᠤᠰᠬᠠᠶ | ᠲᠠᠮᠠᠭ᠎ᠠ᠂ ᠪᠠᠷᠢᠮᠲᠠ ᠶᠢᠨ ᠲᠤᠰᠬᠠᠶ ᠲᠠᠮᠠᠭ᠎ᠠ᠂ ᠬᠠᠤᠯᠢ ᠶᠢᠨ ᠡᠷᠬᠡᠲᠡᠨ ᠤ ᠲᠠᠮᠠᠭ᠎ᠠ︶᠂ ᠭᠠᠶᠢᠯᠢ ᠶᠢᠨ ᠶᠠᠪᠤᠳᠠᠯ ᠤᠨ | UKey ᠵᠢᠴᠢ ︽ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢᠨ ᠪᠣᠭᠤᠯᠲᠠ︾ ᠶᠢ ᠪᠠᠭᠲᠠᠭᠠᠭᠰᠠᠨ ︽ᠠᠵᠤ ᠠᠬᠤᠶᠢᠯᠠᠯ ᠨᠡᠭᠡᠭᠡᠨ ᠡᠷᠭᠢᠯᠡᠭᠰᠡᠨ ᠲᠣᠮᠣ ᠪᠡᠯᠡᠭ︾ | ᠪᠠᠶᠢᠵᠤ᠂ ᠰᠢᠩ ᠾᠧ ᠰᠢᠶᠠᠨ ᠤ ᠲᠣᠰ ᠡᠳᠦᠷ ᠲᠤ ᠪᠠᠨ ᠠᠵᠤ ᠠᠬᠤᠶᠢᠯᠠᠯ ᠡᠷᠬᠢᠯᠡᠬᠦ ᠪᠥᠬᠦ ᠶᠠᠪᠤᠴᠠ ᠶᠢ | ᠪᠡᠶᠡᠯᠡᠭᠦᠯᠦᠭᠰᠡᠨ ᠪᠥᠭᠡᠳ ︽ᠠᠵᠤ ᠠᠬᠤᠶᠢᠯᠠᠯ ᠨᠡᠭᠡᠭᠡᠨ ᠡᠷᠭᠢᠯᠡᠭᠰᠡᠨ ᠲᠣᠮᠣ ᠪᠡᠯᠡᠭ︾ ᠢ ᠦᠨ᠎ᠡ ᠲᠥᠯᠥᠪᠦᠷᠢ | ᠥᠬᠡᠶ ᠪᠠᠷ ᠠᠪᠤᠭᠰᠠᠨ ᠠᠩᠬᠠᠳᠠᠭᠴᠢ ᠠᠵᠤ ᠠᠬᠤᠶᠢᠯᠠᠯ ᠪᠣᠯᠤᠭᠰᠠᠨ ᠪᠠᠶᠢᠨ᠎ᠠ᠃ | ᠰᠢᠩ ᠾᠧ ᠰᠢᠶᠠᠨ ᠤ ︽ᠠᠵᠤ ᠠᠬᠤᠶᠢᠯᠠᠯ ᠨᠡᠭᠡᠭᠡᠨ ᠡᠷᠭᠢᠯᠡᠭᠰᠡᠨ ᠲᠣᠮᠣ ᠪᠡᠯᠡᠭ︾ ᠪᠣᠯ ᠰᠢᠩ ᠾᠧ | ᠰᠢᠶᠠᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠪᠥᠬᠦ ᠰᠢᠶᠠᠨ ᠤ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠤ᠂ ︽ᠪᠡᠶ᠎ᠡ ᠶᠢᠨ ᠭᠠᠷᠤᠯ᠂ ᠡᠭᠦᠷᠭᠡ ᠬᠠᠷᠢᠭᠤᠴᠠᠯᠭ᠎ᠠ᠂ | ᠠᠮᠠᠯᠠᠯᠲᠠ ᠪᠠᠨ ᠢᠯᠡ ᠪᠣᠯᠭᠠᠵᠤ᠂ ᠪᠣᠳᠠᠲᠤ ᠠᠮᠵᠢᠯᠲᠠ᠂ ᠬᠢᠯᠠᠰ ᠴᠡᠭ᠂ ᠢᠷᠠᠭᠤ ᠠᠯᠳᠠᠷ ᠢᠶᠠᠨ ᠭᠠᠷᠭᠠᠬᠤ᠂ | ᠠᠭᠤᠯᠤᠭᠳᠠᠬᠤᠨ᠂ ᠦᠢᠯᠡᠴᠢᠯᠡᠭᠡ᠂ ᠬᠤᠪᠢ ᠨᠡᠮᠡᠷᠢ ᠪᠠᠨ ᠠᠳᠠᠯᠢᠳᠬᠠᠬᠤ︾ ᠲᠡᠷᠢᠭᠦᠨ ᠤ ᠬᠢ ᠶᠢ ᠡᠭᠦᠳᠴᠦ | ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠡᠩ | ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ | ᠦᠢᠯᠡᠴᠢᠯᠡᠬᠦ ᠬᠡᠷᠡᠭᠵᠢᠭᠦᠯᠬᠦ ᠲᠥᠰᠦᠯ ᠶᠣᠰᠣᠭᠠᠷ᠂ ᠠᠵᠤ ᠠᠬᠤᠶᠢᠯᠠᠯ ᠤᠨ ᠰᠠᠨᠠᠭᠠᠰᠢᠷᠠᠵᠤ ᠪᠠᠶᠢᠭ᠎ᠠ ᠶᠠᠪᠤᠳᠠᠯ ᠳᠤ | ᠠᠩᠬᠠᠷᠤᠯ ᠲᠠᠯᠪᠢᠬᠤ᠂ ᠠᠵᠤ ᠠᠬᠤᠶᠢᠯᠠᠯ ᠨᠡᠭᠡᠭᠡᠨ ᠡᠷᠭᠢᠯᠡᠬᠦ ᠶᠠᠪᠤᠴᠠ ᠳᠠᠬᠢ ᠵᠣᠪᠠᠨᠢᠵᠤ᠂ ᠲᠦᠭᠵᠢᠷᠡᠵᠦ᠂ | ᠬᠦᠴᠢᠷᠲᠦ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ | ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠵᠡᠷᠭᠡ ᠰᠠᠯᠠᠭ᠎ᠠ ᠮᠥᠴᠢᠷ ᠨᠢᠭᠡᠴᠢ ᠲᠠᠢ | ᠢᠳᠡᠪᠬᠢᠲᠡᠶ ᠵᠣᠬᠢᠴᠠᠭᠤᠯᠤᠨ ᠬᠤᠯᠪᠣᠭᠠᠯᠠᠵᠤ᠂ ᠬᠠᠮᠲᠤ ᠪᠠᠷ ᠬᠦᠴᠦᠯᠡᠵᠦ᠂ ᠵᠣᠬᠢᠴᠠᠭᠤᠯᠤᠨ ᠬᠤᠯᠪᠣᠭᠠᠯᠠᠨ | ᠬᠥᠳᠡᠯᠦᠯᠴᠡᠵᠦ᠂ ᠵᠠᠰᠠᠭ ᠪᠠᠩᠬᠢ ᠬᠠᠮᠲᠤᠷᠠᠯᠴᠠᠬᠤ ᠠᠷᠭ᠎ᠠ ᠮᠠᠶ᠋ᠢᠭ ᠢᠶᠠᠷ ᠥᠪᠥᠷ ᠮᠣᠩᠭᠤᠯ ᠤᠨ ︽e ᠳᠡᠩᠰᠡᠯᠡᠯᠲᠡ︾ | ᠶᠢᠨ ᠲᠠᠪᠴᠠᠩ ᠢ ᠠᠰᠢᠭᠯᠠᠨ᠂ ᠠᠵᠤ ᠠᠬᠤᠶᠢᠯᠠᠯ ᠡᠷᠭᠢᠯᠡᠬᠦ ᠭᠠᠷᠳᠠᠮ ᠢ ᠭᠦᠶᠴᠡᠳᠬᠡᠬᠦ ᠪᠥᠬᠦ ᠶᠠᠪᠤᠴᠠ ᠶᠢᠨ ᠮᠡᠳᠡᠭᠡ | ᠵᠠᠩᠭᠢ ᠶᠢ ᠴᠠᠭ ᠲᠤᠬᠠᠶ ᠳᠤ ᠨᠢ ᠬᠦᠷᠭᠡᠬᠦ᠂ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠵᠦ᠂ ᠠᠵᠤ | ᠠᠬᠤᠶᠢᠯᠠᠯ ᠤᠨ ᠣᠯᠠᠨ ᠰᠠᠯᠠᠭ᠎ᠠ ᠮᠥᠴᠢᠷ ᠲᠤ ᠮᠠᠲ᠋ᠧᠷᠢᠶᠠᠯ ᠢᠶᠠᠨ ᠳᠠᠪᠬᠤᠷᠳᠠᠭᠤᠯᠤᠨ ᠲᠤᠰᠢᠶᠠᠬᠤ ᠠᠰᠠᠭᠤᠳᠠᠯ ᠢ | ᠪᠦᠲᠦᠮᠵᠢᠲᠡᠶ ᠰᠢᠶᠳᠪᠦᠷᠢᠯᠡᠪᠡ᠃ | ᠣᠳᠣᠬᠠᠨ ᠳᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠳᠤ ᠰᠢᠨ᠎ᠡ ᠪᠠᠷ ᠠᠵᠤ ᠠᠬᠤᠶᠢᠯᠠᠯ | ᠨᠡᠭᠡᠭᠡᠨ ᠡᠷᠭᠢᠯᠡᠬᠦ ᠳᠤ ᠵᠥᠪᠬᠡᠨ ᠪᠡᠶ᠎ᠡ ᠶᠢᠨ ᠦᠨᠡᠮᠯᠡᠯ᠂ ᠨᠢᠭᠡ ᠬᠦᠰᠦᠨᠦᠭᠲᠦ ᠲᠠᠭᠯᠠᠵᠤ᠂ ᠨᠢᠭᠡ ᠯᠡ ᠤᠳᠠᠭ᠎ᠠ | ᠮᠠᠲ᠋ᠧᠷᠢᠶᠠᠯ ᠲᠤᠰᠢᠶᠠᠪᠠᠯ ᠳᠠᠷᠤᠶ ᠠᠵᠤ ᠠᠬᠤᠶᠢᠯᠠᠯ ᠨᠡᠭᠡᠭᠡᠨ ᠡᠷᠭᠢᠯᠡᠬᠦ ᠪᠥᠬᠦ ᠶᠠᠪᠤᠴᠠ ᠶᠢ ᠪᠡᠶᠡᠯᠡᠭᠦᠯᠵᠦ᠂ ᠲᠣᠰ | ᠡᠳᠦᠷ ᠲᠤ ᠳᠠᠷᠤᠶ ︽ᠠᠵᠤ ᠠᠬᠤᠶᠢᠯᠠᠯ ᠨᠡᠭᠡᠭᠡᠨ ᠡᠷᠭᠢᠯᠡᠭᠰᠡᠨ ᠲᠣᠮᠣ ᠪᠡᠯᠡᠭ︾ ᠢ ᠦᠨ᠎ᠡ ᠲᠥᠯᠥᠪᠦᠷᠢ ᠥᠬᠡᠶ ᠪᠠᠷ | ᠠᠪᠴᠤ ᠪᠣᠯᠬᠤ ᠪᠥᠭᠡᠳ ᠠᠵᠤ ᠠᠬᠤᠶᠢᠯᠠᠯ ᠤᠨ ᠬᠦᠰᠡᠯ ᠰᠠᠨᠠᠭ᠎ᠠ ᠶᠢ ᠦᠨᠳᠦᠰᠦᠯᠡᠨ ᠰᠢᠤᠳᠠᠨ ᠢᠶᠠᠷ ᠶᠠᠪᠤᠭᠤᠯᠵᠤ | ᠪᠣᠯᠤᠨ᠎ᠠ᠃ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠨᠢ ︽ᠮᠥᠩᠬᠡ ᠰᠤᠪᠠᠭ | ︾ ᠤᠨ ᠠᠵᠤ ᠠᠬᠤᠶᠢᠯᠠᠯ ᠤᠨ ᠤᠨᠴᠠᠯᠢᠬᠳᠤ ᠦᠢᠯᠡᠴᠢᠯᠡᠭᠡᠨ ᠤ ᠴᠤᠩᠬᠤᠪᠴᠢ ᠶᠢ ᠠᠰᠢᠭᠯᠠᠨ᠂ ᠠᠵᠤ ᠠᠬᠤᠶᠢᠯᠠᠯ ᠢ | ᠨᠡᠭᠡᠭᠡᠨ ᠡᠷᠭᠢᠯᠡᠬᠦ ᠲᠠᠯ᠎ᠠ ᠪᠠᠷ ︽ᠨᠢᠭᠡ ᠰᠦᠯᠵᠢᠶ᠎ᠡ ᠪᠠᠷ ᠭᠦᠢᠴᠡᠳᠬᠡᠬᠦ᠂ ᠨᠢᠭᠡ ᠴᠤᠩᠬᠤᠪᠴᠢ ᠪᠠᠷ ᠭᠦᠢᠴᠡᠳᠬᠡᠬᠦ᠂ | ᠨᠢᠭᠡ ᠡᠳᠦᠷ ᠲᠤ ᠭᠦᠢᠴᠡᠳᠬᠡᠬᠦ᠂ ᠪᠦᠬᠦᠨ ᠢ ᠰᠦᠶᠳᠬᠡᠯ ᠬᠤᠷᠢᠶᠠᠬᠤ ᠥᠬᠡᠶ︾ ᠪᠠᠶᠢᠬᠤ ᠶᠢ ᠦᠨᠡᠨᠬᠦ ᠪᠡᠶᠡᠯᠡᠭᠦᠯᠵᠦ᠂ | ᠪᠥᠬᠦ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠬᠦᠴᠦᠨ ᠢ ᠨᠡᠮᠡᠷᠢᠯᠡᠪᠡ᠃ | ᠲᠠᠷᠠᠭᠠᠴᠢ ᠶᠢᠨ ᠠᠯᠬᠤᠮ ᠳᠤ᠂ ᠰᠢᠩ ᠡᡁᠧ ᠰᠢᠶᠠᠨ ᠦᠷᠭᠦᠯᠵᠢᠯᠡᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠡᠩ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠦᠢᠯᠡᠴᠢᠯᠡᠬᠦ ᠬᠡᠷᠡᠭᠵᠢᠭᠦᠯᠬᠦ ᠲᠥᠰᠦᠯ ᠢᠶᠠᠷ ᠵᠢᠯᠤᠭᠤᠳᠤᠯᠭ᠎ᠠ ᠪᠣᠯᠭᠠᠵᠤ᠂ ᠠᠵᠤ ᠠᠬᠤᠶᠢᠯᠠᠯ ᠤᠨ | ᠬᠡᠷᠡᠭᠴᠡᠭᠡ ᠶᠢ ᠠᠰᠠᠭᠤᠵᠤ᠂ ᠠᠵᠤ ᠠᠬᠤᠶᠢᠯᠠᠯ ᠢ ᠨᠡᠭᠡᠭᠡᠨ ᠡᠷᠬᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠠᠯ᠎ᠠ ᠪᠠᠷ ᠨᠡᠩ ᠲᠦᠭᠦᠮ᠂ ᠲᠦᠷᠭᠡᠨ᠂ ᠥᠨᠳᠥᠷ | ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠬᠠᠩᠭᠠᠨ᠎ᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |