ᠭᠦᠦᠳᠠᠭᠤᠯᠠ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠢ ᠨᠢᠭᠲᠠ ᠤᠶᠠᠯᠳᠤᠭᠤᠯᠤᠨ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠪᠣᠳᠠᠲᠠᠶᠢᠵᠢᠭᠤᠯᠵᠤ ᠨᠠᠷᠢᠯᠢᠭ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2022/4/28
     4 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠦᠦᠳᠠᠭᠤᠯᠠ ᠮᠠᠨ ᠤ ᠬᠤᠲᠠ ᠳᠤ ᠭᠦᠨᠵᠡᠭᠡᠶᠢᠷᠡᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠲᠠᠩᠰᠠᠨ ᠵᠣᠭᠤᠰ ᠢ ᠠᠷᠢᠯᠠᠭᠠᠬᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ᠂ ᠦᠨᠳᠦᠰᠦᠲᠡᠨ ᠤ ᠠᠵᠢᠯ᠂ ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ ᠠᠵᠢᠯ ᠵᠡᠷᠭᠡ ᠶᠢᠨ ᠲᠣᠭᠤᠷᠢᠨ ᠳᠤ ᠲᠤᠬᠠᠶ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠲᠡᠷᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠢ ᠨᠢᠭᠲᠠ ᠤᠶᠠᠯᠳᠤᠭᠤᠯᠤᠨ᠂ ᠦᠨᠳᠦᠰᠦᠨ ᠱᠠᠲᠤᠨ ᠤ ᠶᠡᠭᠡ ᠨᠢᠭᠡᠳᠦᠮᠡᠯ ᠹᠷᠣᠨᠲ ᠤᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠥᠭᠡᠳ ᠪᠠᠶᠢᠩᠭᠤ ᠶᠢᠨ ᠳᠡᠳ᠋ ᠲᠡᠷᠢᠭᠦᠯᠡᠭᠴᠢ ᠯᠢᠶᠠᠩ ᠱᠦ ᠴᠢᠨ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠢᠦᠢ ᠬᠠᠢ ᠢᠦᠢ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠶᠦᠨ ᠫᠧᠩ ᠭᠠᠩ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠣ ᠮᠠᠨ ᠪᠢᠨ ᠶᠠᠷᠢᠯᠴᠠᠬᠤ ᠬᠤᠷᠠᠯ ᠪᠤᠶᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠳᠠᠩᠰᠠᠨ ᠵᠣᠭᠤᠰ ᠢ ᠠᠷᠢᠯᠠᠭᠠᠬᠤ ᠠᠵᠢᠯ ᠤᠨ ᠠᠬᠢᠴᠠ ᠬᠢᠷᠢ ᠵᠡᠷᠭᠡ ᠪᠠᠶᠢᠬᠤ ᠪᠣᠯ ᠭᠦᠦᠳᠠᠭᠤᠯᠠ ᠶᠢᠨ ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠭᠤᠣᠯᠳᠠᠯᠭ᠎ᠠ ᠪᠣᠯᠤᠨ᠎ᠠ᠃ ᠶᠠᠷᠢᠯᠴᠠᠬᠤ ᠬᠤᠷᠠᠯ ᠳᠡᠭᠡᠷ᠎ᠡ᠂ ᠭᠦᠦᠳᠠᠭᠤᠯᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠳᠠᠩᠰᠠᠨ ᠵᠣᠭᠤᠰ ᠢ ᠲᠦᠯᠦᠵᠦ ᠳᠠᠭᠤᠰᠬᠠᠬᠤ ᠲᠥᠯᠥᠪᠯᠡᠭᠡ ᠪᠣᠯᠤᠨ ᠠᠬᠢᠴᠠ ᠶᠢᠨ ᠲᠤᠬᠢᠷᠠᠭᠤᠯᠤᠯᠳᠠ ᠶᠢ ᠳᠠᠭᠠᠭᠠᠴᠢᠯᠠᠨ ᠬᠤᠯᠪᠣᠭᠠᠯᠠᠭᠰᠠᠨ ᠢ ᠨᠠᠷᠢᠨ ᠣᠶᠢᠯᠠᠭᠠᠪᠠ᠃ ᠲᠡᠷᠡ᠂ ᠥᠷᠢ ᠰᠢᠷᠢ ᠶᠢ ᠠᠷᠢᠯᠭᠠᠬᠤ ᠠᠵᠢᠯ ᠢ ᠰᠠᠶᠢᠲᠤᠷ ᠬᠢᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠨ ᠨᠢᠭᠡ ᠠᠯᠬᠤᠮ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠳᠤᠮᠳᠠ ᠪᠠᠭ᠎ᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠪᠣᠳᠠᠲᠠᠢ ᠦᠢᠯᠡᠳᠦᠯᠭᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠳᠠᠩᠰᠠᠨ ᠵᠣᠭᠤᠰ ᠢ ᠠᠷᠢᠯᠭᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠣᠶᠢᠯᠠᠭᠠᠵᠤ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠲᠠᠩᠰᠠᠨ ᠵᠣᠭᠤᠰ ᠢ ᠠᠷᠢᠯᠭᠠᠬᠤ ᠠᠵᠢᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ ᠡᠭᠡ ᠲᠠᠩᠰᠠ ᠶᠢ ᠬᠥᠳᠡᠯᠦᠩᠭᠦᠶ ᠪᠠᠷ ᠲᠣᠬᠢᠷᠠᠭᠤᠯᠤᠨ᠂ ᠲᠦᠯᠦᠵᠦ ᠳᠠᠭᠤᠰᠬᠠᠬᠤ ᠲᠥᠰᠦᠯ ᠪᠠ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠠᠷᠢᠯᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠷᠢ ᠥᠭᠴᠡᠭᠡ ᠶᠢ ᠠᠷᠢᠯᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠵᠢᠨᠢᠩ ᠲᠣᠭᠤᠷᠢᠭ ᠤᠨ ᠴᠢᠤᠸᠠᠨ ᠱᠠᠨ ᠵᠡᠭᠡᠯᠢ ᠶᠢᠨ ᠴᠠᠬᠠᠷ ᠨᠡᠶᠢᠭᠡᠮ ᠲᠣᠭᠤᠷᠢᠭ ᠲᠤ᠂ ᠭᠦᠦᠳᠠᠭᠤᠯᠠ ᠨᠡᠶᠢᠭᠡᠮ ᠲᠣᠭᠤᠷᠢᠭ ᠤᠨ ᠨᠢᠭᠡᠳᠦᠮᠡᠯ ᠹᠷᠣᠨᠲ ᠪᠣᠯᠤᠨ ᠦᠨᠳᠦᠰᠦᠲᠡᠨ ᠤ ᠠᠵᠢᠯ ᠤᠨ ᠥᠷᠨᠢᠯᠲᠡ ᠶᠢᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠠᠢ᠃ ᠲᠡᠷᠡ᠂ ᠨᠢᠭᠡᠳᠦᠮᠡᠯ ᠹᠷᠣᠨᠲ ᠤᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ  ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠢᠭᠡᠳᠦᠮᠡᠯ ᠹᠷᠣᠨᠲ ᠤᠨ ᠴᠢᠬᠤᠯᠠ ᠡᠷᠳᠡᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ ᠠᠵᠢᠯ ᠤᠨ ᠰᠠᠭᠤᠷᠢ ᠶᠢ ᠦᠨᠡᠨᠬᠦ ᠪᠠᠲᠤᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠢᠭᠡᠳᠦᠮᠡᠯ ᠹᠷᠣᠨᠲ ᠤᠨ ᠳᠠᠭᠤᠨ ᠢ ᠴᠤᠤᠷᠢᠶᠠᠲᠤᠭᠤᠯᠵᠤ᠂ ᠨᠢᠭᠡᠳᠦᠮᠡᠯ ᠹᠷᠣᠨᠲ ᠤᠨ ᠬᠦᠴᠦᠨ ᠢᠶᠠᠨ ᠡᠷᠭᠦᠬᠦ ᠬᠡᠷᠡᠭᠲᠡᠢ︔ ᠳᠡᠭᠡᠳᠦ ᠲᠤᠤᠷᠠᠳᠤ ᠱᠠᠲᠤᠨ ᠤ ᠬᠢᠨ ᠬᠦᠴᠦ ᠪᠠᠨ ᠬᠠᠮᠲᠤᠳᠬᠠᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ ᠶᠡᠭᠡ ᠪᠠᠶᠢᠷᠢᠰᠢᠯ ᠢ ᠪᠠᠶᠢᠭᠤᠯᠬᠤ ᠶᠢ ᠬᠦᠴᠦᠲᠡᠢ ᠠᠬᠢᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠨᠢᠭᠡᠳᠦᠮᠡᠯ ᠹᠷᠣᠨᠲ ᠤᠨ ᠠᠵᠢᠯ ᠤᠨ ᠲᠣᠣᠷ ᠢ ᠪᠦᠷᠢᠨᠰᠢᠬᠦᠯᠵᠦ ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠣᠪᠣᠷ ᠰᠤᠷᠲᠠᠯ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠮᠡᠷᠭᠡᠵᠢᠯᠲᠡᠨ᠂ ᠨᠢᠭᠡᠳᠦᠮᠡᠯ ᠹᠷᠣᠨᠲ ᠤᠨ ᠬᠦᠴᠦᠷᠬᠡᠭ ᠴᠡᠷᠢᠭ ᠢ ᠳᠠᠪᠲᠠᠨ ᠪᠣᠯᠪᠠᠰᠤᠷᠠᠭᠤᠯᠵᠤ᠂ ᠦᠨᠳᠦᠰᠦᠨ ᠱᠠᠲᠤᠨ ᠤ ᠨᠢᠭᠡᠳᠦᠮᠡᠯ ᠹᠷᠣᠨᠲ ᠤᠨ ᠠᠵᠢᠯ ᠢ ᠦᠨᠡᠨᠬᠦ ᠪᠣᠳᠠᠲᠠᠶᠢᠵᠢᠭᠤᠯᠵᠤ᠂ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠳᠦᠭᠢᠮ᠎ᠠ ᠶᠢ ᠪᠣᠯᠭᠤᠭᠠᠨ ᠲᠣᠬᠤᠨᠢᠭᠤᠯᠬᠤ ᠪᠣᠯ ᠲᠤᠰ ᠤᠳᠠᠭ᠎ᠠ ᠶᠢᠨ ᠠᠶᠢᠯᠴᠢᠯᠠᠯᠲᠠ ᠶᠢᠨ ᠴᠢᠬᠤᠯᠠ ᠭᠤᠭᠴᠤᠭ᠎ᠠ ᠪᠣᠯᠤᠨ᠎ᠠ᠃ ︽ᠲᠠ ᠰᠠᠶᠢᠨ ᠪᠠᠶᠢᠨ᠎ᠠ ᠤᠤ︕︾ ᠭᠡᠵᠦ ᠭᠦᠦᠳᠠᠭᠤᠯᠠ ᠳᠦᠭᠢᠮ᠎ᠠ ᠲᠠᠢ ᠠᠭᠤᠯᠵᠠᠮᠠᠭᠴᠠ ᠲᠡᠭᠦᠨ ᠤ ᠭᠠᠷ ᠠᠴᠠ ᠠᠳᠬᠤᠨ ᠳᠣᠲᠣᠨᠣᠰᠤᠭ ᠢᠶᠠᠷ ᠶᠠᠷᠢᠯᠴᠠᠵᠤ᠂ ᠨᠠᠰᠤᠲᠠᠨ ᠤ ᠠᠮᠢᠳᠤᠷᠠᠯ᠂ ᠡᠷᠡᠭᠦᠯ ᠮᠡᠨᠳᠦ ᠶᠢᠨ ᠪᠠᠶᠢᠳᠠᠯ ᠢ ᠬᠠᠯᠠᠮᠵᠢᠯᠠᠨ ᠠᠰᠠᠭᠤᠪᠠ᠃ ᠲᠡᠷᠡ᠂ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ︾ ᠪᠣᠯ ᠴᠢᠰᠤᠨ ᠤᠳᠤᠮ᠂ ᠭᠠᠵᠠᠷ ᠣᠷᠣᠨ ᠪᠠ ᠦᠨᠳᠦᠰᠦᠲᠡᠨ ᠢ ᠠᠯᠤᠰᠯᠠᠭᠰᠠᠨ ᠬᠥᠮᠦᠨ ᠤ ᠶᠢᠷᠲᠢᠨᠴᠦ ᠶᠢᠨ ᠶᠡᠭᠡ ᠬᠠᠶᠢᠷ᠎ᠠ ᠮᠥᠨ᠃ ᠳᠦᠭᠢᠮ᠎ᠠ ᠬᠠᠭᠠᠰ ᠵᠠᠭᠤᠨ ᠤ ᠦᠨᠡᠨ ᠰᠡᠳᠬᠢᠯ ᠤᠨ ᠴᠢᠷᠮᠠᠶᠢᠯᠭ᠎ᠠ ᠪᠠᠷ ᠢᠶᠠᠨ ᠶᠡᠭᠡ ᠬᠠᠶᠢᠷ᠎ᠠ ᠬᠢᠵᠠᠭᠠᠷ ᠦᠭᠡᠢ ᠭᠡᠳᠡᠭ ᠢ ᠲᠠᠶᠢᠯᠪᠤᠷᠢᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤᠳᠬᠠᠬᠤ ︽ᠠᠮᠢᠳᠤ ᠵᠢᠭᠠᠬᠤ ᠮᠠᠲᠧᠷᠢᠶᠠᠯ︾ ᠪᠣᠯᠤᠭᠰᠠᠨ ᠪᠠᠶᠢᠨ᠎ᠠ᠃ ᠡᠨᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ︽ᠠᠮᠢᠳᠤ ᠵᠢᠭᠠᠬᠤ ᠮᠠᠲ᠋ᠧᠷᠢᠶᠠᠯ︾ ᠪᠣᠯᠤᠨ᠎ᠠ᠃ ᠤᠯᠠᠨ ᠵᠦᠢᠯ ᠤᠨ ᠬᠡᠯᠪᠡᠷᠢ ᠪᠠᠷ ᠳᠠᠮᠵᠢᠨ ᠳᠦᠭᠢᠮ᠎ᠠ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠰᠡᠳᠬᠢᠯ ᠵᠢᠷᠦᠬᠡ ᠪᠠᠨ ᠬᠤᠯᠪᠣᠭᠰᠠᠨ ᠢᠷᠠᠭᠤ ᠠᠯᠳᠠᠷᠲᠤ ᠤᠯᠠᠮᠵᠢᠯᠠᠯ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠬᠤ ᠬᠡᠷᠡᠭᠲᠡᠢ᠃ ᠲᠡᠷᠡ ᠪᠠᠰᠠ ᠳᠠᠭᠠᠵᠤ ᠶᠠᠪᠤᠭᠰᠠᠳ ᠲᠠᠭᠠᠨ ᠳᠦᠭᠢᠮ᠎ᠠ ᠶᠢᠨ ᠡᠮ ᠡᠮᠨᠡᠯᠭᠡ ᠶᠢᠨ ᠪᠠᠲᠤᠯᠠᠭ᠎ᠠ᠂ ᠡᠳᠦᠷ ᠲᠤᠲᠤᠮ ᠤᠨ ᠬᠠᠷᠠᠭᠠᠯᠵᠠᠯ ᠵᠡᠷᠭᠡ ᠶᠢ ᠰᠠᠶᠢᠲᠤᠷ ᠬᠢᠵᠦ᠂ ᠨᠠᠰᠤᠲᠠᠨ ᠢ ᠥᠲᠡᠯᠦᠭᠡ  ᠨᠠᠰᠤᠨ ᠳᠤ ᠨᠢ ᠠᠮᠤᠷ ᠲᠠᠶᠢᠪᠤᠩ ᠥᠩᠭᠡᠷᠡᠭᠦᠯᠬᠦ ᠬᠡᠷᠡᠭᠲᠡᠶ ᠭᠡᠵᠦ ᠵᠠᠬᠢᠵᠠᠶ᠃      ᠳᠥᠷᠪᠡᠳ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠳᠤ᠂ ᠭᠦᠦᠳᠠᠭᠤᠯᠠ ᠰᠤᠷᠭᠠᠭᠤᠯᠢ ᠳᠤ ᠪᠠᠶᠢᠭ᠎ᠠ ᠪᠠᠭᠰᠢ ᠨᠠᠷ ᠲᠠᠢ ᠨᠢᠭᠤᠷᠳᠠᠨ ᠰᠠᠨᠠᠯ ᠢᠶᠠᠨ ᠰᠣᠯᠢᠯᠴᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠭᠰᠡᠨ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠦᠭᠰᠡᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠤᠷᠭᠠᠭᠤᠯᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠰᠤᠷᠭᠠᠭᠤᠯᠢ ᠳᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠰᠤᠷᠤᠭᠴᠢᠳ ᠤᠨ ᠰᠣᠨᠣᠰᠴᠤ ᠣᠶᠢᠯᠠᠭᠠᠬᠤ ᠦᠭᠡ ᠬᠡᠯᠡ᠂ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠰᠤᠷᠤᠭᠴᠢᠳ ᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠨᠡᠩ ᠰᠠᠶᠢᠲᠤᠷ ᠡᠵᠡᠮᠰᠢᠭᠦᠯᠦᠨ ᠬᠡᠷᠡᠭᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠭᠦᠦᠳᠠᠭᠤᠯᠠ ᠪᠠᠰᠠ ᠠᠵᠤ ᠠᠬᠤᠶᠢᠯᠠᠯ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠢᠶᠠᠷ ᠬᠦᠷᠴᠦ᠂ ᠮᠠᠨ ᠤ ᠬᠤᠳᠠ ᠶᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ᠂ ᠱᠠᠰᠢᠨ ᠰᠤᠷᠲᠠᠬᠤᠨ ᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠠᠢ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2