ᠰᠦᠢ ᠸᠧᠢ ᠵᠢᠶᠦ᠋ᠨ ᠴᠢ ᠹᠧᠢ ᠶᠦᠨ ᠱᠢ ᠯᠢᠶᠠᠩ ᠪᠠᠢ ᠬᠤᠸ ᠵᠡᠷᠭᠡ ᠬᠤᠲᠠ ᠶᠢᠨ ᠤᠳᠤᠷᠢᠳᠤᠯᠭ᠎ᠠ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ ᠠᠮᠢ ᠠᠬᠤᠢ ᠶᠢᠨ ᠤᠯᠠᠭᠠᠨᠴᠠᠪ ᠢ ᠪᠦᠲᠦᠭᠡᠨ ᠪᠠᠶᠢᠭᠤᠯᠬᠤ ᠳᠤ ᠥᠩᠭᠡ ᠪᠤᠳᠤᠭ ᠨᠡᠮᠡᠷᠢᠯᠡᠪᠡ
ᠨᠡᠶᠢᠲᠡᠯᠡᠭᠰᠡᠨ ᠴᠠᠭ᠄
2022/4/28
    ᠪᠠᠰᠠ ᠨᠢᠭᠡ ᠵᠢᠯ ᠤᠨ ᠡᠪᠡᠰᠦ ᠨᠣᠭᠤᠭ᠎ᠠ ᠨᠣᠭᠤᠭᠠᠷᠠᠵᠤ᠂ ᠮᠣᠳᠣ ᠲᠠᠷᠢᠵᠤ ᠣᠶᠢᠵᠢᠭᠤᠯᠬᠤ ᠠᠵᠢᠯ ᠶᠠᠭ ᠴᠠᠭ ᠲᠠᠭᠠᠨ ᠲᠣᠬᠢᠷᠠᠯ᠎ᠠ᠃ 4 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠢ ᠬᠤᠸ ᠵᠡᠷᠭᠡ ᠬᠤᠲᠠ ᠶᠢᠨ ᠤᠳᠤᠷᠢᠳᠤᠯᠭ᠎ᠠ ᠵᠢᠨᠢᠩ ᠲᠣᠭᠤᠷᠢᠭ ᠤᠨ ᠮᠠ ᠯᠢᠶᠠᠨ ᠴᠢᠦᠢ ᠰᠢᠶᠠᠩ ᠤᠨ ᠳ᠋ᠠ ᠱᠢ ᠬᠤᠸ ᠲᠣᠰᠬᠤᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠬᠦᠷᠴᠦ᠂ ᠥᠷᠭᠡᠨ ᠣᠯᠠᠨ ᠺᠠᠳ᠋ᠷ ᠣᠯᠠᠨ ᠲᠦᠮᠡᠨ᠂ ᠰᠤᠷᠤᠭᠴᠢᠳ ᠲᠠᠢ ᠬᠠᠮᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠢ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠢᠳᠡᠪᠬᠢᠲᠡᠢ ᠣᠷᠤᠯᠴᠠᠬᠤ ᠶᠢ ᠤᠷᠢᠶᠠᠯᠠᠨ᠂ ᠠᠮᠢ ᠠᠬᠤᠢ ᠶᠢᠨ ᠤᠯᠠᠭᠠᠨᠴᠠᠪ ᠢ ᠪᠦᠲᠦᠭᠡᠨ ᠪᠠᠶᠢᠭᠤᠯᠬᠤ ᠳᠤ ᠥᠩᠭᠡ ᠪᠤᠳᠤᠭ ᠨᠡᠮᠡᠷᠢᠯᠡᠪᠡ᠃    4 ᠰᠠᠷ᠎ᠠ ᠶᠢᠨ ᠤᠯᠠᠭᠠᠨᠴᠠᠪ᠂ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠦᠳᠡ ᠶᠢᠨ ᠡᠮᠦᠨ᠎ᠡ ᠶᠢᠨ 10 ᠴᠠᠭ ᠤᠨ ᠦᠶ᠎ᠡ ᠪᠠᠷ᠂ ᠰᠦᠢ ᠸᠧᠢ ᠵᠢᠶᠦ᠋ᠨ᠂ ᠴᠢ ᠹᠧᠢ ᠶᠦᠨ᠂ ᠱᠢ ᠯᠢᠶᠠᠩ᠂ ᠪᠠᠢ ᠬᠤᠤ ᠵᠡᠷᠭᠡ ᠬᠤᠳᠠ ᠶᠢᠨ ᠤᠳᠤᠷᠢᠳᠤᠯᠭ᠎ᠠ ᠮᠣᠳᠣ ᠲᠠᠷᠢᠬᠤ ᠭᠠᠵᠠᠷ ᠲᠤ ᠬᠦᠷᠵᠡ ᠪᠠᠷᠢᠵᠤ ᠨᠣᠭᠤᠭᠠᠷᠠᠭᠤᠯᠬᠤ ᠠᠵᠢᠯᠯᠠᠭ᠎ᠠ ᠪᠠᠨ ᠡᠬᠢᠯᠡᠭᠦᠯᠵᠡᠢ᠃ ᠬᠡᠳᠦᠶᠢᠪᠡᠷ ᠬᠠᠪᠤᠷ ᠤᠨ ᠬᠦᠢᠲᠡᠨ ᠴᠠᠭ ᠪᠣᠯᠪᠠᠴᠤ ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ ᠢᠯᠡᠷᠡᠵᠦ᠂ ᠮᠥᠷ ᠮᠥᠷ ᠰᠢᠨ᠎ᠡ ᠵᠤᠯᠵᠠᠭᠠᠨ ᠮᠣᠳᠣ ᠰᠠᠯᠬᠢᠨ ᠤ ᠳᠤᠮᠳᠠ ᠰᠡᠬᠦᠶᠢᠨ ᠰᠦᠨᠳᠡᠷᠯᠡᠵᠦ᠂ ᠤᠯᠠᠭᠠᠨᠴᠠᠪ ᠤᠨ ᠡᠬᠡ ᠭᠠᠵᠠᠷ ᠲᠤ ᠰᠢᠨ᠎ᠡ ᠨᠣᠭᠤᠭᠠᠨ ᠥᠩᠭᠡ ᠶᠢ ᠨᠡᠮᠡᠷᠢᠯᠡᠵᠡᠢ᠃     ᠮᠣᠳᠣ ᠲᠠᠷᠢᠬᠤ ᠵᠠᠪᠰᠠᠷ ᠲᠤ᠂ ᠰᠦᠢ ᠸᠧᠢ ᠵᠢᠶᠦ᠋ᠨ ᠬᠤᠳᠠ ᠶᠢᠨ ᠤᠢ ᠰᠢᠭᠤᠢ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠮᠡᠷᠭᠡᠵᠢᠯ ᠤᠨ ᠠᠵᠢᠯᠲᠠᠨ ᠲᠠᠢ ᠭᠦᠨᠵᠡᠭᠡᠢ ᠰᠣᠯᠢᠯᠴᠠᠵᠤ᠂ ᠡᠨᠡ ᠵᠢᠯ ᠤᠨ ᠪᠦᠬᠦ ᠬᠤᠳᠠ ᠶᠢᠨ ᠮᠣᠳᠣ ᠲᠠᠷᠢᠵᠤ ᠣᠶᠢᠵᠢᠭᠤᠯᠬᠤ ᠠᠵᠢᠯ ᠤᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠦᠢ ᠸᠧᠢ ᠵᠢᠶᠦ᠋ᠨ ᠂ ᠮᠣᠳᠣ ᠲᠠᠷᠢᠵᠤ ᠣᠶᠢᠵᠢᠭᠤᠯᠬᠤ ᠪᠣᠯ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ  ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠪᠣᠳᠠᠲᠤ ᠠᠵᠢᠯᠯᠠᠭ᠎ᠠ ᠮᠥᠨ᠂ ᠮᠠᠨ  ᠤ ᠬᠤᠳᠠ ᠶᠢᠨ ᠠᠮᠢ ᠠᠬᠤᠢ ᠣᠷᠴᠢᠨ ᠲᠣᠭᠤᠷᠢᠨ  ᠢ ᠰᠠᠶᠢᠵᠢᠷᠠᠭᠤᠯᠬᠤ᠂ ᠠᠷᠠᠳ ᠲᠦᠮᠡᠨ  ᠤ ᠪᠤᠶᠠᠨ ᠵᠢᠷᠭᠠᠯ  ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠮᠠᠨ ᠤ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠤᠯᠠᠭᠠᠨᠴᠠᠪ ᠢ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ ᠴᠡᠴᠡᠷᠯᠢᠭᠵᠢᠭᠰᠡᠨ ᠬᠤᠳᠠ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠰᠦᠢ ᠸᠧᠢ ᠵᠢᠶᠦ᠋ᠨ ᠴᠢᠬᠤᠯᠠᠴᠢᠯᠠᠭᠰᠠᠨ ᠨᠢ᠂ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠵᠤ᠂  ᠲᠥᠪᠯᠡᠷᠡᠭᠦᠯᠦᠨ ᠵᠠᠯᠭᠠᠯᠳᠤᠭᠤᠯᠤᠨ ᠮᠣᠳᠣ ᠲᠠᠷᠢᠵᠤ ᠣᠶᠢᠵᠢᠭᠤᠯᠬᠤ ᠠᠵᠢᠯ ᠢ ᠥᠷᠨᠢᠭᠦᠯᠵᠦ᠂ ᠬᠡᠪᠴᠢᠶᠡᠵᠢᠭᠰᠡᠨ ᠦᠷ᠎ᠡ ᠠᠰᠢᠭ ᠢ ᠲᠦᠷᠭᠡᠨ ᠪᠦᠷᠢᠯᠳᠦᠭᠦᠯᠵᠦ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠬᠠᠪᠤᠷ ᠤᠨ ᠤᠯᠠᠷᠢᠯ ᠤᠨ ᠣᠶᠢᠵᠢᠭᠤᠯᠤᠯᠲᠠ ᠳᠤ ᠠᠰᠢᠭᠲᠠᠢ ᠴᠠᠭ ᠤᠯᠠᠷᠢᠯ ᠢ ᠠᠮᠵᠢᠨ ᠠᠳᠬᠤᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠵᠣᠬᠢᠶᠠᠨ ᠪᠠᠶᠢᠭᠤᠯᠤᠨ ᠲᠠᠶᠢᠴᠢᠯᠠᠵᠤ ᠪᠠᠶᠢᠭᠠᠳ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠳᠠᠭᠠᠭᠠᠴᠢᠯᠠᠵᠤ ᠠᠪᠬᠤ ᠳᠦᠷᠢᠮ ᠢ ᠶᠡᠬᠡᠪᠡᠷ ᠬᠡᠷᠡᠭᠵᠢᠭᠦᠯᠵᠦ᠂ ᠪᠦᠬᠦ ᠠᠷᠠᠳ ᠢᠶᠠᠷ ᠢᠶᠠᠨ ᠨᠣᠭᠤᠭᠠᠷᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠰᠠᠶᠢᠲᠤᠷ ᠵᠣᠬᠢᠶᠠᠨ ᠪᠠᠶᠢᠭᠤᠯᠵᠤ᠂ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠬᠤ᠂ ᠵᠣᠬᠢᠰᠲᠠᠢ ᠭᠠᠵᠠᠷ ᠲᠤ ᠲᠣᠬᠢᠷᠠᠮᠵᠢᠲᠠᠢ ᠮᠣᠳᠣ ᠲᠠᠷᠢᠬᠤ ᠶᠢ ᠪᠠᠷᠢᠮᠲᠠᠯᠠᠵᠤ᠂ ᠮᠣᠳᠣᠨ ᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠮᠣᠳᠣ ᠲᠠᠷᠢᠵᠤ ᠣᠶᠢᠵᠢᠭᠤᠯᠬᠤ ᠶᠠᠪᠤᠳᠠᠯ ᠢ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠲᠠᠢ ᠤᠶᠠᠯᠳᠤᠭᠤᠯᠵᠤ᠂ ᠬᠥᠳᠡᠯᠮᠦᠷᠢ ᠶᠢᠨ ᠳᠤᠮᠳᠠ ᠰᠤᠷᠤᠭᠴᠢᠳ ᠤᠨ ᠪᠠᠶᠢᠭᠠᠯᠢ ᠶᠢ ᠬᠠᠶᠢᠷᠠᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠬᠥᠮᠥᠵᠢᠭᠦᠯᠬᠦ ᠬᠡᠷᠡᠭᠲᠡᠢ᠃ ᠮᠣᠳᠣ ᠲᠠᠷᠢᠵᠤ ᠣᠶᠢᠵᠢᠭᠤᠯᠬᠤ ᠪᠠ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠶᠢ ᠤᠶᠠᠯᠳᠤᠭᠤᠯᠵᠤ᠂ ᠠᠵᠤ ᠠᠬᠤᠶᠢᠯᠠᠯ ᠤᠨ ᠳᠠᠭᠠᠭᠠᠴᠢᠯᠠᠬᠤ᠂ ᠡᠵᠡᠩᠨᠡᠬᠦ ᠵᠡᠷᠭᠡ ᠬᠡᠯᠪᠡᠷᠢ ᠪᠠᠷ ᠨᠣᠭᠤᠭᠠᠷᠠᠭᠤᠯᠵᠤ ᠣᠶᠢᠵᠢᠭᠤᠯᠬᠤ ᠳᠤ ᠣᠷᠤᠯᠴᠠᠬᠤ ᠶᠢ ᠵᠣᠷᠢᠭᠵᠢᠭᠤᠯᠤᠨ ᠲᠡᠳᠬᠦᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ᠃     ᠣᠶᠢᠯᠠᠭᠠᠭᠰᠠᠨ ᠢᠶᠠᠷ᠂ 2022 ᠣᠨ ᠳᠤ ᠪᠥᠬᠦ ᠬᠤᠲᠠ ᠶᠢᠨ ᠬᠢᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢ 1.7 ᠲᠦᠮᠡᠨ ᠮᠦ ᠨᠣᠭᠤᠭᠠᠷᠠᠭᠤᠯᠬᠤ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 6500 ᠮᠦ ᠮᠣᠳᠣ ᠳᠠᠷᠢᠵᠤ᠂ ᠡᠯ᠎ᠡ ᠲᠥᠷᠥᠯ ᠤᠨ ᠴᠢᠬᠢ ᠮᠣᠳᠣ ᠶᠢ 20 ᠭᠠᠷᠤᠢ ᠲᠦᠮᠡᠨ ᠪᠣᠳᠠ ᠳᠠᠷᠢᠭᠰᠠᠨ ᠪᠠᠶᠢᠨ᠎ᠠ᠃                       ᠵᠤᠬᠢᠶᠠᠭᠴᠢ  ᠄ ᠳ᠋ᠠᠢ ᠰᠢᠤᠸᠠᠢ                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2