ᠯᠢᠶᠠᠩᠴᠧᠩ ᠰᠢᠶᠠᠨ ᠤ ᠬᠢᠨ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠢᠶᠠᠷ ᠨᠡᠶᠢᠯᠡᠭᠦᠯᠵᠦ ᠲᠠᠷᠢᠬᠤ ᠰᠢᠨ᠎ᠡ ᠵᠠᠭᠪᠤᠷ ᠢ ᠶᠡᠬᠡᠪᠡᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/4/28
     ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂ ᠯᠢᠶᠠᠩᠴᠧᠩ ᠰᠢᠶᠠᠨ ᠤ ᠬᠢᠨ ᠤᠯᠤᠰ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠳᠠᠭᠠᠵᠤ᠂ ᠰᠢᠶᠠᠨ ᠤ ᠪᠠᠶᠢᠳᠠᠯ ᠢ ᠦᠨᠳᠦᠰᠦᠯᠡᠨ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠠᠷᠢᠶᠠᠯᠠᠬᠤ ᠴᠠᠭ ᠢ ᠠᠮᠵᠢᠨ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠢᠶᠠᠷ ᠨᠡᠶᠢᠯᠡᠭᠦᠯᠵᠦ ᠲᠠᠷᠢᠬᠤ ᠠᠵᠢᠯ ᠢ ᠡᠮᠬᠢ ᠵᠢᠷᠤᠮ ᠲᠠᠢ ᠳᠥᠯᠭᠢᠨ ᠠᠬᠢᠭᠤᠯᠵᠤ ᠪᠠᠶᠢᠨ᠎ᠠ᠃ ᠡᠨᠡ ᠵᠢᠯ ᠤᠨ ᠯᠢᠶᠠᠩᠴᠧᠩ ᠰᠢᠶᠠᠨ ᠤ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠢᠶᠠᠷ ᠨᠡᠶᠢᠯᠡᠭᠦᠯᠵᠦ ᠲᠠᠷᠢᠬᠤ ᠵᠠᠭᠪᠤᠷ ᠪᠣᠯ 4+4 ᠪᠠ 6+4 ᠬᠤᠶᠠᠷ ᠵᠦᠢᠯ ᠪᠣᠯᠤᠨ᠎ᠠ᠂ 4+4 ᠶᠢᠨ ᠵᠠᠭᠪᠤᠷ ᠪᠣᠯ ᠳᠠᠷᠤᠶ ᠳᠥᠷᠪᠡᠨ ᠮᠥᠷ ᠡᠷᠳᠡᠨᠢ ᠰᠢᠰᠢ ᠳᠥᠷᠪᠡᠨ ᠮᠥᠷ ᠰᠢᠷ᠎ᠠ ᠪᠤᠷᠴᠠᠭ ᠳᠠᠷᠢᠨ᠎ᠠ᠂ 6+4 ᠶᠢᠨ ᠵᠠᠭᠪᠤᠷ ᠪᠣᠯ ᠳᠠᠷᠤᠶ ᠵᠢᠷᠭᠤᠭᠠᠨ ᠮᠥᠷ ᠰᠢᠷ᠎ᠠ ᠪᠤᠷᠴᠠᠭ ᠳᠥᠷᠪᠡᠨ ᠮᠥᠷ ᠡᠷᠳᠡᠨᠢ ᠰᠢᠰᠢ ᠳᠠᠷᠢᠨ᠎ᠠ᠂ ᠡᠨᠡ ᠬᠤᠶᠠᠷ ᠵᠦᠢᠯ ᠤᠨ ᠵᠠᠭᠪᠤᠷ ᠢᠶᠠᠷ ᠳᠠᠷᠢᠪᠠᠯ ᠡᠷᠳᠡᠨᠢ ᠰᠢᠰᠢ ᠶᠢᠨ ᠤᠨᠠᠯᠲᠠ ᠶᠢ ᠪᠠᠭᠤᠷᠠᠭᠤᠯᠬᠤ ᠥᠬᠡᠶ ᠪᠠᠶᠢᠬᠤ ᠶᠢ ᠪᠡᠶᠡᠯᠡᠭᠦᠯᠵᠦ᠂ ᠡᠭᠦᠨ ᠠᠴᠠ ᠭᠠᠳᠠᠨ᠎ᠠ ᠪᠠᠰᠠ ᠨᠢᠭᠡ ᠬᠡᠰᠡᠭ ᠰᠢᠷ᠎ᠠ ᠪᠤᠷᠴᠠᠭ ᠨᠡᠮᠡᠵᠦ᠂ ᠲᠠᠷᠢᠶᠠᠴᠢᠳ ᠤᠨ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠵᠦ ᠴᠢᠳᠠᠨ᠎ᠠ᠃      ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠢᠶᠠᠷ ᠨᠡᠶᠢᠯᠡᠭᠦᠯᠵᠦ ᠲᠠᠷᠢᠬᠤ ᠪᠣᠯ ᠤᠯᠠᠮᠵᠢᠯᠠᠯᠲᠤ ᠠᠯᠠᠭᠯᠠᠨ ᠲᠠᠷᠢᠬᠤ ᠤᠨ ᠰᠢᠨ᠎ᠡ ᠶᠢ ᠡᠭᠦᠳᠬᠦ ᠬᠥᠭᠵᠢᠯᠲᠡ ᠳᠤ ᠰᠠᠭᠤᠷᠢᠯᠠᠵᠤ ᠪᠤᠢ ᠪᠣᠯᠤᠭᠰᠠᠨ ︽ᠨᠢᠭᠡ ᠤᠯᠠᠷᠢᠯ ᠳᠤ ᠬᠤᠣᠰ ᠬᠤᠷᠢᠶᠠᠯᠲᠠ︾ ᠶᠢᠨ ᠲᠠᠷᠢᠮᠠᠯ ᠤᠨ ᠵᠠᠭᠪᠤᠷ ᠪᠣᠯᠤᠨ᠎ᠠ᠃ ᠡᠷᠳᠡᠨᠢ ᠰᠢᠰᠢ ᠶᠢᠨ ᠪᠦᠰᠡ ᠬᠢᠭᠡᠳ ᠰᠢᠷ᠎ᠠ ᠪᠤᠷᠴᠠᠭ ᠤᠨ ᠪᠦᠰᠡ ᠶᠢ ᠨᠡᠶᠢᠯᠡᠭᠦᠯᠦᠨ ᠳᠠᠷᠢᠬᠤ ᠶᠢ ᠬᠡᠷᠡᠭᠯᠡᠨ᠂ ᠥᠨᠳᠥᠷ ᠪᠠᠶᠢᠷᠢᠳᠤ ᠲᠠᠷᠢᠮᠠᠯ ᠤᠨ ᠡᠷᠳᠡᠨᠢ ᠰᠢᠰᠢ ᠶᠢᠨ ᠰᠠᠭᠤᠷᠢ ᠶᠢ ᠵᠠᠬ᠎ᠠ ᠬᠢᠵᠠᠭᠠᠷ ᠤᠨ ᠳᠠᠪᠠᠭᠤᠯᠢᠭ ᠲᠠᠢ ᠪᠣᠯᠭᠠᠵᠤ᠂ ᠳᠣᠤᠷ᠎ᠠ ᠪᠠᠶᠢᠷᠢᠳᠤ ᠲᠠᠷᠢᠮᠠᠯ ᠤᠨ ᠰᠢᠷ᠎ᠠ ᠪᠤᠷᠴᠠᠭ ᠤᠨ ᠬᠡᠷᠡᠯ ᠭᠥᠷᠳᠡᠬᠦ ᠣᠷᠣᠨ ᠵᠠᠶ ᠶᠢ ᠥᠷᠭᠡᠳᠬᠡᠨ᠂ ᠡᠷᠳᠡᠨᠢ ᠰᠢᠰᠢ ᠶᠢᠨ ᠪᠦᠰᠡ ᠪᠠ ᠰᠢᠷ᠎ᠠ ᠪᠤᠷᠴᠠᠭ ᠤᠨ  ᠪᠦᠰᠡ ᠶᠢ ᠵᠢᠯ ᠢᠶᠠᠷ ᠬᠤᠭᠤᠴᠠᠭ᠎ᠠ ᠪᠣᠯᠭᠠᠨ ᠲᠠᠷᠢᠶᠠᠨ ᠭᠠᠵᠠᠷ ᠲᠤ ᠡᠭᠡᠯᠵᠢᠯᠡᠨ ᠳᠠᠷᠢᠬᠤ ᠶᠢ ᠪᠡᠶᠡᠯᠡᠭᠦᠯᠵᠦ᠂ ᠮᠧᠬᠠᠨᠢᠭᠵᠢᠭᠤᠯᠤᠨ ᠠᠵᠢᠯᠯᠠᠬᠤ᠂ ᠲᠠᠷᠢᠮᠠᠯ ᠤᠨ ᠬᠤᠭᠤᠷᠣᠨᠳᠣ ᠪᠠᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠨᠢᠭᠡ ᠤᠯᠠᠷᠢᠯ ᠳᠤ ᠬᠤᠤᠰ ᠬᠤᠷᠢᠶᠠᠯᠲᠠ ᠠᠪᠬᠤ ᠳᠠᠷᠢᠬᠤ ᠵᠠᠭᠪᠤᠷ ᠢ ᠪᠡᠶᠡᠯᠡᠭᠦᠯᠵᠤ ᠳᠡᠶᠢᠯᠦᠨ᠎ᠡ᠃ ᠲᠣᠰ ᠮᠡᠷᠭᠡᠵᠢᠯ ᠨᠢ ᠠᠮᠤ ᠪᠤᠳᠠᠭ᠎ᠠ ᠶᠢ ᠲᠣᠭᠲᠠᠪᠤᠷᠢᠵᠢᠭᠤᠯᠤᠨ ᠪᠤᠷᠴᠠᠭ ᠢ ᠨᠡᠮᠡᠭᠳᠡᠭᠦᠯᠵᠦ᠂ ᠳᠠᠷᠢᠬᠤ ᠲᠠᠯᠠᠪᠠᠶ ᠶᠢ ᠥᠷᠭᠡᠳᠬᠡᠬᠦ᠂ ᠰᠢᠷ᠎ᠠ ᠪᠤᠷᠴᠠᠭ ᠤᠨ ᠦᠶᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠵᠠᠮ ᠮᠥᠨ᠂ ᠡᠨᠡ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢᠯᠠᠩᠭᠤᠶ᠎ᠠ ᠰᠢᠷ᠎ᠠ ᠪᠤᠷᠴᠠᠭ ᠡᠷᠳᠡᠨᠢ ᠰᠢᠰᠢ ᠶᠢᠨ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ᠃      ᠡᠨᠡ ᠵᠢᠯ ᠯᠢᠶᠠᠩᠴᠧᠩ ᠰᠢᠶᠠᠨ ᠤ ᠬᠢᠨ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠢᠶᠠᠷ ᠨᠡᠶᠢᠯᠡᠭᠦᠯᠵᠦ ᠲᠠᠷᠢᠬᠤ ᠶᠢ ᠨᠡᠶᠢᠲᠡ 3 ᠲᠦᠮᠡᠨ ᠮᠥ ᠬᠡᠷᠡᠭᠵᠢᠭᠦᠯᠵᠦ᠂ 8 ᠰᠢᠶᠠᠩ ᠪᠠᠯᠭᠠᠰᠤ᠂ 68 ᠲᠠᠷᠢᠮᠠᠯ ᠤᠨ ᠲᠣᠮᠣ ᠡᠷᠦᠬᠡ ᠳᠤ ᠬᠤᠯᠪᠣᠭᠳᠠᠵᠠᠶ᠂ ᠲᠣᠰ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠᠷ ᠳᠠᠮᠵᠢᠭᠤᠯᠤᠨ ᠮᠠᠨ ᠤ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠠᠲᠤᠯᠠᠨ᠎ᠠ᠃                                          ᠣᠷᠴᠢᠭᠤᠯᠤᠭᠴᠢ᠄ ᠤᠳᠠ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2