| ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠢᠯ ᠣᠯᠭᠤᠯᠲᠠ ᠶᠢᠨ ᠲᠣᠭᠲᠠᠭᠤᠨ ᠪᠠᠶᠢᠳᠠᠯ ᠪᠠ ᠠᠵᠤ | ᠠᠬᠤᠢ ᠶᠢᠨ ᠲᠣᠭᠲᠠᠭᠤᠨ ᠬᠥᠭᠵᠢᠯᠲᠡ ᠶᠢ ᠪᠠᠲᠤᠯᠠᠬᠤ ᠪᠠᠷ ᠲᠣᠭᠲᠠᠭᠠᠪᠠ | ᠵᠠ᠊ᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠭᠵᠢᠷᠡᠯ ᠤᠨ ᠴᠡᠭ ᠢ ᠤᠯᠠᠮ ᠨᠢᠭᠡ ᠠᠯᠬᠤᠮ ᠨᠠᠪᠲᠠᠷᠡᠭᠦᠯᠵᠦ᠂ ᠰᠠᠭᠠᠳ | ᠦᠭᠡᠢ ᠡᠷᠭᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ | ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 27 ᠤ ᠡᠳᠦᠷ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠡᠷᠴᠢᠮ ᠢ | ᠴᠢᠩᠭᠠᠷᠠᠭᠤᠯᠵᠤ᠂ ᠠᠵᠢᠯ ᠣᠯᠭᠤᠯᠲᠠ ᠶᠢᠨ ᠲᠣᠭᠲᠠᠭᠤᠨ ᠪᠠᠶᠢᠳᠠᠯ ᠪᠠ ᠠᠵᠤ ᠠᠬᠤᠢ ᠶᠢᠨ ᠲᠣᠭᠲᠠᠭᠤᠨ | ᠬᠥᠭᠵᠢᠯᠲᠡ ᠶᠢ ᠪᠠᠲᠤᠯᠠᠬᠤ ᠪᠠᠷ ᠲᠣᠭᠲᠠᠭᠠᠪᠠ︔ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠰᠠᠭᠠᠳ ᠦᠭᠡᠢ | ᠨᠡᠪᠲᠡᠷᠡᠬᠦ ᠶᠢ ᠪᠠᠲᠤᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠭᠵᠢᠷᠡᠯ ᠤᠨ ᠴᠡᠭ ᠢ ᠤᠯᠠᠮ | ᠨᠢᠭᠡ ᠠᠯᠬᠤᠮ ᠨᠠᠪᠲᠠᠷᠡᠭᠦᠯᠵᠦ᠂ ᠰᠠᠭᠠᠳ ᠦᠭᠡᠢ ᠡᠷᠭᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠵᠢᠭᠠᠬᠤ ᠳᠤ ᠪᠠᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠣᠯ ᠠᠵᠤ ᠠᠬᠤᠢ ᠶᠢᠨ | ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠬᠤ ᠵᠠᠩᠭᠢᠯᠠᠭ᠎ᠠ ᠶᠢᠨ ᠲᠤᠯᠭᠠᠭᠤᠷᠢᠯᠠᠯ | ᠪᠣᠯᠣᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠬᠡᠷᠡᠭᠲᠡᠢ᠃ ᠨᠢᠭᠡ ᠳᠤ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠭᠰᠡᠨ ᠨᠥᠬᠦᠴᠡᠯ ᠳᠣᠣᠷ᠎ᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠳᠤ | ᠣᠷᠣᠭᠤᠯᠬᠤ ᠶᠢ ᠠᠬᠢᠭᠤᠯᠵᠤ᠂ ᠣᠨᠴᠠᠭᠠᠶᠢᠯᠠᠨ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ | ᠭᠤᠣᠯᠳᠠᠯᠭ᠎ᠠ ᠲᠠᠢ ᠠᠵᠤ ᠠᠬᠤᠶᠢᠯᠠᠯ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ᠂ | ᠬᠢᠵᠢᠭ ᠢ ᠡᠰᠡᠷᠭᠦᠴᠡᠨ ᠬᠠᠩᠭᠠᠯᠭ᠎ᠠ ᠶᠢ ᠪᠠᠲᠤᠯᠠᠬᠤ ᠠᠵᠤ ᠠᠬᠤᠶᠢᠯᠠᠯ᠂ ᠵᠠᠩᠭᠢᠯᠠᠭ᠎ᠠ ᠶᠢᠨ ᠰᠠᠭᠤᠷᠢ ᠪᠡᠯᠡᠳᠬᠡᠮᠵᠢ | ᠵᠡᠷᠭᠡ ᠶᠢᠨ ᠬᠡᠪ ᠤᠨ ᠠᠵᠢᠯᠯᠠᠭᠠᠨ ᠢ ᠪᠠᠲᠤᠯᠠᠵᠤ᠂ ᠬᠦᠴᠢᠷᠳᠡᠯ ᠶᠡᠬᠡᠲᠡᠢ ᠳᠤ ᠨᠢ ︽ᠴᠡᠭ ᠠᠴᠠ ᠴᠡᠭ ᠲᠤ ᠬᠦᠷᠭᠡᠬᠦ︾ | ᠠᠷᠭ᠎ᠠ ᠶᠢ ᠠᠪᠴᠤ ᠬᠠᠪᠰᠤᠷᠤᠨ ᠲᠡᠳᠬᠦᠬᠦ ᠬᠡᠷᠡᠭᠲᠡᠢ᠃ ᠬᠤᠶᠠᠷ ᠲᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠵᠢᠯ ᠤᠨ ᠪᠠᠶᠢᠷᠢ ᠪᠠᠨ ᠲᠣᠭᠲᠠᠭᠤᠨ ᠪᠠᠶᠢᠯᠭᠠᠬᠤ ᠶᠢ ᠬᠦᠴᠦᠯᠡᠨ ᠳᠡᠮᠵᠢᠬᠦ ᠬᠡᠷᠡᠭᠲᠡᠢ᠃ | ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠦᠷᠦ ᠶᠢᠨ ᠪᠣᠳᠣᠯᠭ᠎ᠠ ᠶᠢ ᠣᠨᠴᠠ | ᠬᠦᠴᠢᠷᠳᠡᠯ ᠲᠠᠢ 5 ᠠᠵᠢᠯ ᠲᠦᠷᠦᠯ ᠠᠴᠠ ᠬᠢᠵᠢᠭ ᠤᠨ ᠨᠥᠯᠥᠭᠡ ᠠᠴᠠ ᠪᠣᠯᠵᠤ ᠡᠵᠡᠩᠨᠡᠯᠲᠡ ᠨᠢ ᠬᠦᠴᠢᠷᠳᠡᠯ ᠲᠠᠢ | ᠪᠣᠯᠣᠭᠰᠠᠨ ᠪᠤᠢ ᠪᠦᠬᠦᠢ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠬᠦᠷᠲᠡᠯ᠎ᠡ ᠥᠷᠭᠡᠳᠬᠡᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠠᠵᠢᠯ ᠠᠯᠳᠠᠭᠰᠠᠳ ᠤᠨ ᠳᠠᠭᠠᠳᠬᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠪᠤᠴᠠᠭᠠᠬᠤ ᠬᠠᠷᠢᠴᠠᠯ ᠢ ᠬᠠᠮᠤᠭ ᠤᠨ ᠥᠨᠳᠥᠷ ᠲᠤ ᠪᠠᠨ 90% ᠳᠤ ᠬᠦᠷᠭᠡᠨ᠎ᠡ᠃ ᠣᠷᠣᠨ | ᠨᠤᠲᠤᠭ ᠠᠴᠠ ᠣᠨᠴᠠ ᠬᠦᠴᠢᠷᠳᠡᠯᠲᠡᠢ ᠠᠵᠢᠯ ᠲᠥᠷᠥᠯ ᠤᠨ ᠬᠡᠷᠡᠭᠯᠡᠬᠦ ᠴᠠᠬᠢᠯᠭᠠᠨ ᠳᠤ ᠱᠠᠲᠤᠴᠢ ᠴᠢᠨᠠᠷᠲᠠᠢ | ᠬᠠᠷᠠᠭᠠᠯᠵᠠᠯ ᠦᠵᠡᠭᠦᠯᠬᠦ ᠶᠢ ᠳᠡᠮᠵᠢᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠥᠷᠭᠡᠨ ᠪᠦᠰᠡ ᠪᠠ | ᠲᠤᠰᠬᠠᠢ ᠱᠤᠭᠤᠮ ᠤᠨ ᠵᠠᠷᠤᠳᠠᠯ ᠤᠨ ᠬᠠᠷᠠᠭᠠᠯᠵᠠᠯ ᠢ ᠦᠷᠭᠦᠯᠵᠢᠯᠡᠨ ᠣᠯᠭᠤᠵᠤ᠂ ᠰᠦᠯᠵᠢᠶᠡᠨ ᠳᠡᠭᠡᠷ᠎ᠡ ᠠᠵᠢᠯ | ᠣᠯᠵᠤ ᠠᠳᠠᠯ ᠦᠢᠯᠡᠰ ᠴᠣᠭᠴᠠᠯᠠᠬᠤ ᠪᠠ ᠭᠡᠷ ᠲᠤ ᠪᠠᠨ ᠰᠠᠭᠤᠵᠤ ᠠᠵᠢᠯᠯᠠᠬᠤ ᠥᠪᠡᠷ ᠤᠨ ᠥᠷᠲᠡᠭ ᠢ ᠨᠢ | ᠪᠠᠭᠤᠷᠠᠭᠤᠯᠤᠨ᠎ᠠ᠃ ᠠᠵᠤ ᠠᠬᠤᠶᠢᠯᠠᠯ ᠨᠢ ᠠᠵᠢᠯᠲᠠᠨ ᠠᠵᠢᠯᠴᠢᠨ ᠲᠠᠢ ᠬᠠᠷᠢᠮᠠᠬᠠᠢ ᠴᠢᠨᠠᠷᠲᠠᠢ ᠠᠵᠢᠯ ᠤᠨ | ᠳᠦᠷᠢᠮ ᠤᠨ ᠠᠵᠢᠯ ᠤᠨ ᠪᠠᠶᠢᠷᠢ ᠶᠢ ᠲᠣᠭᠲᠠᠪᠤᠷᠢᠲᠠᠢ ᠪᠠᠶᠢᠯᠭᠠᠬᠤ ᠶᠢ ᠵᠥᠪᠳᠡᠯᠴᠡᠵᠦ ᠪᠣᠯᠣᠨ᠎ᠠ᠃ ᠲᠠᠪᠴᠠᠩ ᠤᠨ | ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠨᠡᠩ ᠤᠯᠠᠨ ᠠᠵᠢᠯ ᠣᠯᠭᠤᠯᠲᠠ ᠶᠢ ᠲᠠᠶᠢᠴᠢᠯᠠᠨ᠎ᠠ᠃ | ᠭᠤᠷᠪᠠ ᠳᠤ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠥᠷᠭᠡᠳᠬᠡᠬᠦ ᠬᠡᠷᠡᠭᠲᠡᠢ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠪᠥᠬᠦᠳᠡ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ | ᠵᠠᠯᠠᠭᠤᠴᠤᠳ ᠤᠨ ︽ᠵᠠᠭᠤᠨ ᠲᠦᠮᠡᠨ ᠲᠥᠭᠦᠷᠢᠭ ᠤᠨ ᠠᠵᠢᠯ ᠣᠯᠭᠤᠯᠲᠠ ᠶᠢᠨ ᠳᠠᠳᠤᠯᠭ᠎ᠠ︾ ᠶᠢ ᠠᠬᠢᠭᠤᠯᠵᠤ᠂ | ᠳᠠᠳᠤᠯᠭ᠎ᠠ ᠶᠢ ᠭᠥᠯᠢᠶᠡᠨ ᠠᠪᠤᠭᠰᠠᠨ ᠨᠢᠭᠡᠴᠢ ᠳᠤ ᠨᠥᠬᠦᠪᠦᠷᠢ ᠥᠭᠭᠦᠨ᠎ᠡ᠃ ᠨᠢᠭᠡ ᠪᠦᠯᠦᠭ ᠲᠠᠷᠢᠶᠠᠯᠠᠩ ᠤᠨ ᠤᠰᠤᠨ | ᠠᠰᠢᠭᠯᠠᠯᠲᠠ᠂ ᠬᠥᠳᠡᠭᠡ ᠲᠣᠰᠬᠤᠨ ᠤ ᠵᠠᠰᠠᠮᠠᠯ ᠵᠠᠮ ᠵᠡᠷᠭᠡ ᠶᠢᠨ ᠢᠨᠵᠧᠨᠧᠷᠢᠩ ᠢ ᠡᠬᠢᠯᠡᠭᠦᠯᠵᠦ᠂ ᠠᠵᠢᠯ | ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠵᠦ᠂ ᠬᠥᠯᠥᠰᠦᠨ ᠠᠵᠢᠯᠴᠢᠨ ᠳᠤ ᠣᠯᠭᠤᠬᠤ | ᠠᠵᠢᠯ ᠤᠨ ᠪᠠᠶᠢᠷᠢ ᠶᠢ ᠨᠡᠮᠡᠭᠳᠡᠭᠦᠯᠦᠨ᠎ᠡ᠃ ᠳᠥᠷᠪᠡ ᠳᠤ᠂ ᠠᠵᠢᠯ ᠣᠯᠭᠤᠯᠲᠠ ᠶᠢᠨ ᠦᠢᠯᠡᠴᠢᠯᠡᠭᠡ ᠪᠠ ᠦᠨᠳᠦᠰᠦᠨ | ᠵᠦᠢᠯ ᠢ ᠪᠠᠲᠤᠯᠠᠬᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠠᠵᠢᠯ ᠣᠯᠭᠤᠯᠲᠠ ᠶᠢᠨ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠰᠢᠰᠲ᠋ᠧᠮ ᠢ ᠪᠦᠷᠢᠨᠰᠢᠭᠦᠯᠵᠦ᠂ ᠪᠡᠶ᠎ᠡ ᠶᠢᠨ | ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠰᠤᠷᠭᠠᠭᠤᠯᠢ ᠠᠴᠠ ᠪᠠᠨ | ᠬᠤᠶᠢᠰᠢᠯᠠᠨ ᠶᠠᠪᠤᠬᠤ ᠲᠡᠭᠦᠰᠬᠦ ᠰᠤᠷᠤᠭᠴᠢᠳ ᠤᠨ ᠨᠡᠷ᠎ᠡ ᠮᠡᠳᠡᠭᠦᠯᠵᠦ ᠠᠵᠢᠯ ᠳᠤ ᠣᠷᠣᠬᠤ᠂ ᠲᠠᠩᠰᠠ ᠡᠪᠬᠡᠮᠡᠯ ᠢ | ᠳᠠᠮᠵᠢᠭᠤᠯᠤᠨ ᠬᠦᠷᠭᠡᠬᠦ᠂ ᠡᠷᠦᠬᠡ ᠠᠮᠠ ᠳᠤ ᠣᠷᠣᠭᠤᠯᠬᠤ ᠶᠢ ᠭᠦᠢᠴᠡᠳᠬᠡᠬᠦ ᠴᠠᠭ ᠤᠨ ᠬᠢᠵᠠᠭᠠᠷ ᠢ ᠤᠷᠲᠤᠳᠬᠠᠨ᠎ᠠ᠃ | ᠲᠡᠭᠦᠰᠬᠦ ᠰᠤᠷᠤᠭᠴᠢᠳ ᠤᠨ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠳᠤ ᠣᠴᠢᠵᠤ ᠨᠡᠷ᠎ᠡ ᠮᠡᠳᠡᠭᠦᠯᠬᠦ | ᠭᠠᠷᠳᠠᠮ ᠢ ᠬᠦᠴᠦᠨ ᠦᠭᠡᠢ ᠪᠣᠯᠭᠠᠵᠤ᠂ ᠰᠤᠷᠤᠯᠭ᠎ᠠ ᠶᠢᠨ ᠨᠠᠮᠲᠠᠷ ᠤᠨ ᠦᠨᠡᠮᠯᠡᠯ᠂ ᠬᠥᠳᠡᠯᠮᠦᠷᠢ ᠶᠢᠨ ᠭᠡᠷ᠎ᠡ | ᠵᠡᠷᠭᠡ ᠪᠠᠷ ᠰᠢᠭᠤᠳ ᠡᠷᠦᠬᠡ ᠠᠮᠠ ᠳᠤ ᠣᠷᠣᠭᠤᠯᠬᠤ ᠪᠣᠯᠭᠠᠨ᠎ᠠ᠃ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠬᠤᠭᠤᠴᠠᠭ᠎ᠠ ᠶᠢ ᠬᠤᠶᠢᠰᠢᠯᠠᠭᠤᠯᠤᠨ ᠪᠤᠴᠠᠭᠠᠬᠤ᠂ ᠬᠦᠦ ᠮᠥᠩᠭᠦ ᠶᠢ ᠬᠠᠰᠤᠵᠤ ᠬᠡᠯᠲᠦᠷᠢᠭᠦᠯᠬᠦ ᠵᠡᠷᠭᠡ ᠳᠡᠮᠵᠢᠯᠭᠡ ᠶᠢᠨ | ᠠᠷᠭ᠎ᠠ ᠬᠡᠮᠵᠢᠶ᠎ᠡ ᠶᠢ ᠰᠤᠳᠤᠯᠤᠨ᠎ᠠ᠃ ᠠᠵᠢᠯ ᠠᠯᠳᠠᠯᠲᠠ ᠶᠢᠨ ᠳᠠᠭᠠᠳᠬᠠᠯ ᠳᠤ ᠣᠷᠣᠭᠠᠳ ᠪᠦᠬᠦᠯᠢ ᠨᠢᠭᠡ ᠵᠢᠯ | ᠪᠣᠯᠣᠭᠠᠳᠤᠢ ᠠᠵᠢᠯ ᠠᠯᠳᠠᠭᠰᠠᠨ ᠬᠥᠯᠥᠰᠦᠨ ᠠᠵᠢᠯᠴᠢᠨ ᠳᠤ ᠲᠦᠷ ᠴᠠᠭ ᠤᠨ ᠠᠮᠢᠳᠤᠷᠠᠯ ᠤᠨ ᠨᠥᠬᠦᠪᠦᠷᠢ | ᠣᠯᠭᠤᠨ᠎ᠠ︔ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠲᠦᠷ ᠴᠠᠭ ᠠᠵᠢᠯ ᠠᠯᠳᠠᠭᠰᠠᠨ᠂ | ᠳᠠᠭᠠᠳᠬᠠᠯ ᠳᠤ ᠣᠷᠣᠯᠴᠠᠭᠰᠠᠨ ᠦᠭᠡᠢ ᠬᠦᠴᠢᠷᠳᠡᠯ ᠲᠠᠢ ᠬᠥᠮᠥᠰ ᠲᠤ ᠲᠦᠷ ᠴᠠᠭ ᠤᠨ ᠠᠪᠤᠷᠠᠨ ᠲᠤᠰᠠᠯᠠᠯᠲᠠ | ᠣᠯᠭᠤᠨ᠎ᠠ᠃ ᠲᠠᠪᠤ ᠳᠤ᠂ ᠡᠯ᠎ᠡ ᠭᠠᠵᠠᠷ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠭᠤᠯᠭ᠎ᠠ | ᠪᠣᠯᠭᠠᠵᠤ᠂ ᠪᠦᠲᠦᠭᠡᠯᠴᠢ ᠪᠠᠷ ᠨᠠᠶᠢᠳᠠᠪᠤᠷᠢᠵᠢᠭᠤᠯᠵᠤ᠂ ᠪᠦᠬᠦ ᠵᠢᠯ ᠤᠨ ᠠᠵᠢᠯ ᠣᠯᠭᠤᠯᠲᠠ ᠶᠢᠨ ᠬᠠᠷᠠᠯᠲᠠ ᠶᠢ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠪᠣᠯ ᠵᠠᠬ᠎ᠠ ᠳᠡᠯᠭᠡᠭᠦᠷ ᠤᠨ | ᠠᠵᠤ ᠠᠬᠤᠢ ᠶᠢᠨ ᠠᠮᠢᠨ ᠰᠤᠳᠠᠰᠤ ᠮᠥᠨ᠂ ᠪᠠᠰᠠ ᠴᠦ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠴᠢᠬᠤᠯᠠ | ᠲᠤᠯᠭᠠᠭᠤᠷᠢᠯᠠᠯ ᠮᠥᠨ᠃ ᠣᠶᠢᠷ᠎ᠠ ᠶᠢᠨ ᠬᠤᠭᠤᠴᠠᠭᠠᠨ ᠤ ᠬᠡᠰᠡᠭ ᠭᠠᠵᠠᠷ ᠣᠷᠣᠨ ᠤ ᠡᠳ᠋ ᠪᠠᠷᠠᠭᠠᠨ ᠤ ᠭᠦᠢᠯᠭᠡᠭᠡ | ᠬᠠᠷᠰᠢᠯᠠᠭᠳᠠᠭᠰᠠᠨ ᠪᠠᠶᠢᠳᠠᠯ ᠳᠤ ᠴᠢᠭᠯᠡᠭᠦᠯᠦᠨ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠠᠵᠢᠯ ᠤᠨ | ᠲᠣᠭᠲᠠᠴᠠ ᠶᠢ ᠪᠠᠶᠢᠭᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠷᠠᠭᠠᠨ ᠤ ᠭᠦᠢᠯᠭᠡᠭᠡ ᠶᠢ | ᠰᠠᠭᠠᠳ ᠦᠭᠡᠢ ᠨᠡᠪᠲᠡᠷᠡᠭᠦᠯᠦᠨ ᠬᠠᠩᠭᠠᠯᠭ᠎ᠠ ᠶᠢ ᠪᠠᠲᠤᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠰᠠᠯᠠᠭ᠎ᠠ | ᠮᠥᠴᠢᠷ ᠤᠨ ᠬᠠᠮᠵᠢᠯᠴᠠᠭ᠎ᠠ ᠪᠠ ᠣᠷᠣᠨ ᠠᠯᠤᠰᠯᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠤᠯᠤᠰ ᠤᠨ | ᠭᠠᠳᠠᠭᠠᠳᠤ ᠳᠣᠲᠣᠭᠠᠳᠤ ᠶᠢᠨ ᠪᠠᠷᠠᠭᠠᠨ ᠤ ᠭᠦᠢᠯᠭᠡᠭᠡ ᠶᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠨᠢᠭᠡ ᠳᠤ᠂ | ᠵᠠᠮ ᠬᠠᠷᠢᠯᠴᠠᠭᠠᠨ ᠤ ᠭᠤᠣᠯᠯᠠᠭᠴᠢ ᠲᠣᠣᠷ ᠰᠦᠯᠵᠢᠶ᠎ᠡ ᠶᠢᠨ ᠥᠨᠳᠥᠷ ᠪᠦᠲᠦᠮᠵᠢᠲᠡᠶ ᠠᠵᠢᠯᠯᠠᠭᠠᠨ ᠢ ᠪᠠᠲᠤᠯᠠᠬᠤ | ᠬᠡᠷᠡᠭᠲᠡᠢ᠃ ᠥᠨᠳᠥᠷ ᠬᠤᠷᠳᠤᠴᠠᠲᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ᠂ ᠦᠢᠯᠡᠴᠢᠯᠡᠭᠡᠨ ᠤ | ᠲᠣᠭᠤᠷᠢᠭ ᠢ ᠱᠠᠭᠠᠷᠳᠠᠵᠤ ᠨᠡᠭᠡᠭᠡᠬᠦ ᠶᠣᠰᠣᠲᠠᠢ ᠶᠢ ᠨᠢ ᠪᠦᠬᠦᠨ ᠢ ᠨᠡᠭᠡᠭᠡᠵᠦ᠂ ᠨᠢᠰᠬᠡᠯ ᠤᠨ ᠪᠠᠭᠤᠳᠠᠯ᠂ ᠭᠠᠷᠠᠮ ᠤᠨ | ᠲᠥᠪᠯᠡᠷᠡᠭᠦᠯᠦᠨ ᠲᠠᠷᠬᠠᠭᠠᠵᠤ ᠲᠡᠭᠡᠭᠡᠪᠦᠷᠢᠯᠡᠬᠦ ᠶᠢ ᠨᠡᠪᠲᠡᠷᠡᠭᠦᠯᠵᠦ᠂ ᠲᠠᠪᠴᠠᠩ᠂ ᠲᠦᠷᠭᠡᠨ ᠬᠦᠷᠭᠡᠯᠲᠡ ᠵᠡᠷᠭᠡ ᠠᠵᠤ | ᠠᠬᠤᠶᠢᠯᠠᠯ ᠤᠨ ᠲᠡᠭᠡᠭᠡᠪᠦᠷᠢ ᠶᠢᠨ ᠬᠦᠴᠦᠨ ᠢ ᠨᠡᠮᠡᠭᠳᠡᠭᠦᠯᠬᠦ ᠶᠢ ᠳᠡᠮᠵᠢᠨ᠎ᠡ᠃ ᠬᠤᠶᠠᠷ ᠲᠤ᠂ ᠪᠠᠷᠠᠭᠠᠨ ᠤ | ᠭᠦᠢᠯᠭᠡᠭᠡᠨ ᠤ ᠪᠢᠴᠢᠯ ᠡᠷᠭᠢᠯᠲᠡ ᠶᠢ ᠨᠡᠪᠲᠡᠷᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠠᠴᠠ ᠪᠣᠯᠵᠤ ᠬᠠᠭᠠᠵᠤ | ᠵᠣᠭᠰᠣᠭᠠᠭᠰᠠᠨ ᠲᠦᠷᠭᠡᠨ ᠬᠦᠷᠭᠡᠯᠲᠡ ᠵᠡᠷᠭᠡ ᠲᠣᠣᠷ ᠴᠡᠭ ᠤᠨ ᠡᠮᠬᠢ ᠵᠢᠷᠤᠮ ᠲᠠᠢ ᠪᠠᠷ ᠡᠵᠡᠩᠨᠡᠯᠲᠡ ᠪᠠᠨ ᠰᠡᠷᠭᠦᠭᠡᠬᠦ | ᠪᠠ ᠲᠦᠷᠭᠡᠨ ᠬᠦᠷᠭᠡᠭᠴᠢ ᠶᠢᠨ ᠠᠵᠢᠯ ᠤᠨ ᠪᠠᠶᠢᠷᠢ ᠳᠤ ᠪᠠᠨ ᠪᠤᠴᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ | ᠵᠠᠰᠠᠮᠠᠯ ᠵᠠᠮ ᠤᠨ ᠰᠠᠭᠠᠳ ᠦᠭᠡᠢ ᠨᠡᠪᠲᠡᠷᠡᠬᠦ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠲᠠᠷᠢᠶᠠᠯᠠᠩ ᠤᠨ | ᠪᠦᠲᠦᠭᠡᠭᠳᠡᠬᠦᠨ ᠤ ᠵᠥᠭᠡᠭᠡᠪᠦᠷᠢᠯᠡᠯᠲᠡ ᠶᠢ ᠪᠠᠲᠤᠯᠠᠨ᠎ᠠ᠃ ᠭᠤᠷᠪᠠ ᠳᠤ᠂ ᠭᠤᠣᠯᠳᠠᠯᠭ᠎ᠠ ᠲᠠᠢ ᠣᠷᠣᠨ ᠪᠦᠰᠡ᠂ ᠠᠵᠢᠯ | ᠲᠦᠷᠦᠯ ᠪᠠ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠪᠠᠴᠢᠮ | ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠳᠠᠮᠵᠢᠭᠤᠯᠬᠤ ᠥᠷᠲᠡᠭᠡ ᠶᠢ ᠭᠦᠢᠴᠡᠳ ᠪᠡᠯᠡᠳᠬᠡᠨ ᠰᠠᠶᠢᠲᠤᠷ | ᠬᠡᠷᠡᠭᠯᠡᠵᠦ᠂ ᠥᠯᠥ ᠬᠦᠷᠦᠯᠴᠡᠬᠦ ᠮᠠᠶ᠋ᠢᠭ ᠤᠨ ᠵᠠᠯᠭᠠᠯᠲᠠ ᠶᠢ ᠬᠡᠷᠡᠭᠵᠢᠭᠦᠯᠦᠨ᠂ ᠠᠷᠠᠳ ᠤᠨ ᠠᠮᠢᠳᠤᠷᠠᠯ ᠤᠨ ᠡᠳ᠋ | ᠪᠠᠷᠠᠭ᠎ᠠ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠭᠤᠣᠯᠳᠠᠯᠭ᠎ᠠ ᠲᠠᠢ ᠠᠵᠤ | ᠠᠬᠤᠶᠢᠯᠠᠯ ᠤᠨ ᠡᠳ᠋ ᠪᠠᠷᠠᠭ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠦᠢᠯᠡᠳᠬᠦᠨ ᠵᠡᠷᠭᠡ ᠶᠢᠨ | ᠲᠡᠭᠡᠭᠡᠪᠦᠷᠢ ᠶᠢ ᠪᠠᠲᠤᠯᠠᠨ᠎ᠠ᠃ ᠳᠥᠷᠪᠡ ᠳᠤ᠂ ᠪᠠᠷᠠᠭᠠᠨ ᠤ ᠲᠡᠭᠡᠭᠡᠪᠦᠷᠢ ᠶᠢᠨ ᠡᠵᠡᠩᠨᠡᠭᠴᠢ ᠶᠢ ᠬᠠᠪᠰᠤᠷᠤᠨ | ᠲᠡᠳᠬᠦᠬᠦ ᠶᠢ ᠴᠢᠩᠭᠠᠳᠬᠠᠬᠤ ᠬᠡᠷᠡᠭᠲᠡᠢ᠃ 5 ᠳ᠋ᠤᠭᠠᠷ ᠰᠠᠷ᠎ᠠ ᠶᠢᠨ 1 ᠤ ᠡᠳᠦᠷ ᠠᠴᠠ ᠵᠢᠯ ᠤᠨ ᠡᠴᠦᠰ ᠪᠣᠯᠲᠠᠯ᠎ᠠ᠂ | ᠨᠥᠬᠦᠴᠡᠯ ᠳᠤ ᠨᠡᠶᠢᠴᠡᠬᠦ ᠲᠦᠷᠭᠡᠨ ᠬᠦᠷᠭᠡᠯᠲᠡ ᠶᠢᠨ ᠬᠤᠷᠢᠶᠠᠨ ᠲᠣᠮᠢᠯᠠᠬᠤ ᠦᠢᠯᠡᠴᠢᠯᠡᠭᠡᠨ ᠤ ᠣᠷᠣᠯᠭ᠎ᠠ ᠠᠴᠠ | ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠦᠭᠡᠢ᠃ 1000 ᠳ᠋ᠦᠩᠰᠢᠭᠤᠷ ᠲᠥᠭᠦᠷᠢᠭ ᠤᠨ ᠳᠠᠬᠢᠨ | ᠵᠢᠭᠡᠯᠡᠯᠭᠡ ᠲᠠᠯᠪᠢᠵᠤ ᠵᠠᠮ ᠬᠠᠷᠢᠯᠴᠠᠭ᠎ᠠ ᠲᠡᠭᠡᠭᠡᠪᠦᠷᠢ᠂ ᠪᠠᠷᠠᠭᠠᠨ ᠤ ᠭᠦᠢᠯᠭᠡᠭᠡᠨ ᠤ ᠬᠥᠮᠥᠷᠭᠡ ᠶᠢᠨ ᠦᠢᠯᠡᠰ ᠤᠨ ᠪᠡᠯᠡ | ᠲᠣᠬᠢᠷᠠᠭᠤᠯᠭ᠎ᠠ ᠶᠢ ᠳᠡᠮᠵᠢᠨ᠎ᠡ᠃ ᠮᠠᠰᠢᠨ ᠲᠡᠷᠭᠡᠨ ᠤ ᠵᠢᠭᠡᠯᠡᠯᠭᠡ ᠶᠢ ᠬᠤᠶᠢᠰᠢᠯᠠᠭᠤᠯᠤᠨ ᠵᠢᠭᠡᠯᠡᠯᠭᠡ ᠪᠤᠴᠠᠭᠠᠬᠤ ᠶᠢ | ᠵᠦᠢ ᠵᠣᠬᠢᠰᠲᠠᠢ ᠳᠡᠮᠵᠢᠨ᠎ᠡ᠃ ᠲᠠᠪᠤ ᠳᠤ᠂ ᠲᠡᠷᠭᠡ ᠬᠥᠰᠬᠡ ᠶᠢᠨ ᠨᠡᠪᠲᠡᠷᠡᠬᠦ ᠦᠨᠡᠮᠯᠡᠯ ᠢ ᠣᠯᠭᠤᠪᠠᠰᠤ ᠵᠣᠬᠢᠬᠤ ᠶᠢ | ᠨᠢ ᠪᠦᠬᠦᠨ ᠢ ᠣᠯᠭᠤᠵᠤ᠂ ᠲᠦᠷᠭᠡᠨ ᠭᠤᠶᠤᠴᠢᠯᠠᠨ ᠲᠦᠷᠭᠡᠨ ᠭᠦᠢᠴᠡᠳᠬᠡᠬᠦ᠂ ᠪᠥᠬᠦ ᠤᠯᠤᠰ ᠢᠶᠠᠷ ᠢᠶᠠᠨ ᠬᠠᠷᠢᠯᠴᠠᠨ | ᠮᠡᠳᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠴᠢᠶᠠᠨ ᠤ ᠮᠠᠰᠢᠨ ᠤ ᠵᠢᠯᠣᠭᠤᠴᠢ ᠶᠢᠨ ᠲᠡᠭᠡᠭᠡᠪᠦᠷᠢᠯᠡᠬᠦ | ᠶᠠᠪᠤᠴᠠ ᠳᠤ ᠰᠦᠢᠳᠬᠡᠯ ᠬᠤᠷᠢᠶᠠᠬᠤ ᠦᠭᠡᠢ ᠪᠠᠷ ᠪᠥᠭᠡᠮ ᠬᠦᠴᠢᠯ ᠤᠨ ᠪᠠᠶᠢᠴᠠᠭᠠᠯᠲᠠ ᠪᠠ ᠠᠨᠲ᠋ᠢᠭ᠍ᠸᠡ ᠤ | ᠪᠠᠶᠢᠴᠠᠭᠠᠯᠲᠠ ᠬᠢᠬᠦ ᠶᠢ ᠳᠡᠯᠭᠡᠷᠡᠭᠦᠯᠦᠨ᠎ᠡ᠃ | ᠬᠤᠷᠠᠯ ᠠᠴᠠ ᠪᠤᠰᠤᠳ ᠵᠦᠢᠯ ᠢ ᠰᠤᠳᠤᠯᠪᠠ᠃ |