ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ 12345 ᠬᠠᠯᠠᠭᠤᠨ ᠤᠲᠠᠰᠤᠨ ᠤ ᠠᠵᠢᠯᠯᠠᠭᠠᠨ ᠪᠠ ᠬᠤᠲᠠ ᠪᠠᠯᠭᠠᠰᠤᠨ ᠤ ᠣᠷᠴᠢᠨ ᠳᠤᠭᠤᠷᠢᠨ ᠤ ᠡᠷᠡᠭᠦᠯ ᠬᠠᠮᠠᠭᠠᠯᠠᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/4/29
    4 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ 12345 ᠬᠠᠯᠠᠮᠰᠢᠯ ᠤᠲᠠᠰᠤᠨ ᠤ ᠠᠵᠢᠯᠯᠠᠭᠠᠨ ᠪᠠ ᠬᠤᠲᠠ ᠪᠠᠯᠭᠠᠰᠤᠨ ᠤ ᠣᠷᠴᠢᠨ ᠳᠤᠭᠤᠷᠢᠨ ᠤ ᠡᠷᠡᠭᠦᠯ ᠬᠠᠮᠠᠭᠠᠯᠠᠯ ᠢ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ︽5 · 1︾  ᠤ ᠠᠮᠠᠷᠠᠯᠲᠠ ᠶᠢᠨ ᠬᠤᠭᠤᠴᠠᠭ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠬᠥᠮᠥᠰ ᠤᠨ ᠰᠢᠯᠵᠢᠯᠲᠡ ᠨᠡᠮᠡᠭᠳᠡᠵᠦ ᠪᠠᠶᠢᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠣᠣᠷᠵᠢᠯᠳᠡ ᠤᠨ ᠬᠠᠮᠢᠶᠠᠷᠤᠯᠲᠠ ᠡᠵᠡᠮᠳᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠵᠣᠴᠢᠳ ᠤᠨ ᠪᠠᠭᠤᠳᠠᠯ᠂ ᠵᠤᠭᠠᠴᠠᠯ ᠤᠨ ᠦᠵᠡᠮᠵᠢ ᠶᠢᠨ ᠭᠠᠵᠠᠷ᠂ ᠰᠤᠷᠭᠠᠭᠤᠯᠢ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ᠂ ᠨᠠᠷᠢᠯᠢᠭ ᠰᠠᠶᠢᠲᠤᠷ ᠠᠳᠬᠤᠬᠤ ᠬᠡᠷᠡᠭᠲᠡᠢ᠃ ᠡᠯ᠎ᠡ ᠲᠦᠷᠦᠯ ᠤᠨ ᠡᠳ᠋ ᠪᠣᠳᠠᠰ ᠢ ᠭᠦᠢᠴᠡᠳ ᠪᠡᠯᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠭᠦᠢᠴᠡᠳ ᠪᠡᠯᠡᠳᠬᠡᠯ ᠢ ᠰᠠᠶᠢᠲᠤᠷ ᠬᠢᠵᠦ᠂ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠠᠷᠠᠳ ᠤᠯᠠᠨ ᠢ ᠠᠮᠤᠷ ᠠᠮᠤᠭᠤᠯᠠᠩ ᠡᠷᠡᠭᠦᠯ ᠰᠠᠷᠠᠭᠤᠯ ︽5 · 1︾  ᠤ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ  ᠃     ᠬᠤᠷᠠᠯ ᠠᠴᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠪᠣᠯ ᠵᠠᠰᠠᠭ ᠤᠨ ᠣᠷᠳᠣᠨ ᠤ ᠤᠯᠠᠨ ᠲᠦᠮᠡᠨ ᠲᠠᠢ ᠬᠠᠷᠢᠯᠴᠠᠬᠤ᠂ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠰᠠᠨᠠᠭ᠎ᠠ ᠶᠢ ᠲᠥᠪᠯᠡᠷᠡᠭᠦᠯᠬᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠬᠥᠭᠦᠷᠭᠡ ᠪᠠ ᠬᠤᠯᠪᠣᠭᠠᠰᠤ ᠪᠣᠯᠣᠨ᠎ᠠ᠂ ᠮᠥᠨᠴᠦ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠴᠢᠬᠤᠯᠠ ᠭᠠᠷᠳᠠᠴᠠ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠡᠷᠢᠭᠦᠨ ᠤ ᠲᠤᠷᠰᠢᠯᠭ᠎ᠠ ᠶᠢ ᠭᠦᠨᠵᠡᠭᠡᠢ ᠰᠤᠷᠤᠯᠴᠠᠨ ᠲᠣᠯᠢᠳᠠᠵᠤ᠂ ᠠᠵᠢᠯ ᠤᠨ ᠴᠤᠪᠤᠷᠠᠯ ᠢᠶᠠᠨ ᠴᠢᠨᠠᠭᠰᠢᠳᠠ ᠰᠢᠯᠢᠳᠡᠭᠵᠢᠭᠦᠯᠵᠦ᠂ ᠠᠵᠢᠯ ᠤᠨ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠴᠤᠤᠷᠢᠶᠠᠲᠤᠨ ᠲᠠᠭᠠᠬᠤ ᠨᠤᠷᠮ᠎ᠠ᠂ ᠭᠦᠢᠴᠡᠳᠬᠡᠵᠦ ᠳᠠᠭᠤᠰᠬᠠᠬᠤ ᠨᠤᠷᠮ᠎ᠠ ᠪᠣᠯᠣᠨ ᠬᠠᠨᠤᠮᠵᠢᠲᠠᠢ ᠪᠠᠶᠢᠬᠤ ᠨᠤᠷᠮ᠎ᠠ ᠪᠠᠨ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠢ ᠥᠨᠳᠥᠷ ᠪᠦᠲᠦᠮᠵᠢᠲᠡᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ᠂ ᠬᠤᠲᠠ ᠶᠢᠨ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠪᠣᠯ ᠨᠢᠭᠡᠨ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠲᠤᠰᠬᠠᠬᠤ ᠴᠢᠬᠤᠯᠠ ᠪᠡᠯᠭᠡ ᠲᠡᠮᠳᠡᠭ ᠮᠥᠨ ᠪᠥᠭᠡᠳ ᠪᠠᠰᠠ ᠴᠤ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠴᠤᠭᠴᠠᠯᠠᠬᠤ ᠬᠠᠲᠠᠭᠤ ᠭᠦᠢᠴᠡᠳᠬᠡᠯ ᠲᠤᠭ᠎ᠠ᠂ ᠬᠠᠲᠠᠭᠤ ᠡᠭᠦᠷᠭᠡ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠬᠤᠳᠠ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠤᠵᠠᠷ ᠪᠤᠷᠲᠠᠭ᠂ ᠡᠷᠦᠢ ᠬᠤᠷᠤᠢ ᠦᠭᠡᠢ᠂ ᠪᠠᠷᠤᠭᠲᠠᠢ ᠪᠠᠶᠢᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠤᠳᠠ ᠪᠠᠯᠭᠠᠰᠤᠨ ᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠲᠠᠰᠤᠷᠠᠯᠳᠠ ᠦᠭᠡᠢ ᠰᠠᠶᠢᠵᠢᠷᠠᠭᠤᠯᠬᠤ ᠬᠡᠷᠡᠭᠲᠡᠢ᠃ ᠨᠡᠭᠦᠳᠡᠯ ᠬᠤᠳᠠᠯᠳᠤᠭᠠᠴᠢᠨ ᠤ ᠵᠠᠮ ᠡᠵᠡᠯᠡᠨ ᠡᠵᠡᠩᠨᠡᠬᠦ ᠵᠡᠷᠭᠡ ᠠᠵᠢᠯᠯᠠᠭ᠎ᠠ ᠶᠢ ᠵᠦᠢ ᠵᠣᠬᠢᠰᠲᠠᠢ ᠪᠠᠷ ᠵᠢᠷᠤᠮᠵᠢᠭᠤᠯᠵᠤ᠂ ᠬᠤᠳᠠ ᠶᠢᠨ ᠳᠦᠷᠰᠦ ᠪᠠᠶᠢᠳᠠᠯ ᠤᠨ ᠴᠡᠪᠡᠷ ᠲᠡᠭᠰᠢ ᠪᠠᠶᠢᠬᠤ ᠶᠢ ᠪᠠᠲᠤᠯᠠᠬᠤ ᠮᠥᠷᠲᠡᠭᠡᠨ ᠤᠯᠠᠨ ᠲᠦᠮᠡᠨ ᠤ ᠠᠵᠤ ᠠᠮᠢᠳᠤᠷᠠᠯ ᠤᠨ ᠠᠰᠠᠭᠤᠳᠠᠯ ᠢ ᠴᠤ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃                         ᠵᠤᠬᠢᠶᠠᠭᠴᠢ᠄ ᠳ᠋ᠧᠩ ᠰᠢᠤ ᠰᠢᠤ                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2