2022 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠂ ᠳᠥᠷᠪᠡᠳ ᠬᠤᠰᠢᠭᠤᠨ ᠤ 14 ᠰᠤᠮᠤ ᠰᠢᠶᠠᠩ | ᠪᠠᠯᠭᠠᠰᠤ ᠲᠠᠯᠠᠪᠠᠶ᠂ 13 ᠰᠠᠯᠠᠭ᠎ᠠ ᠮᠥᠴᠢᠷ ᠨᠢᠭᠡᠴᠢ᠂ 9 ᠬᠠᠷᠢᠶᠠᠨ ᠤ 38 ᠲᠥᠷᠥᠯ ᠤᠨ 45 ᠵᠦᠶᠯ ᠤᠨ | ᠨᠥᠬᠦᠪᠥᠷᠢ ᠪᠠᠯᠠ ᠮᠥᠩᠭᠦ ᠠᠴᠠ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠨᠥᠬᠦᠪᠥᠷᠢ ᠪᠠᠯᠠ ᠮᠥᠩᠭᠦ ᠶᠢ | ᠨᠡᠶᠢᠲᠡ 17078.99 ᠲᠦᠮᠡᠨ ᠲᠥᠭᠦᠷᠢᠭ ᠲᠠᠷᠬᠠᠭᠠᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠵᠢᠴᠢ | ᠮᠠᠯᠴᠢᠨ ᠲᠠᠷᠢᠶᠠᠴᠢᠨ ᠲᠤ 227800 ᠬᠥᠮᠦᠨ ᠤᠳᠠᠭ᠎ᠠ ᠠᠰᠢᠭ ᠬᠦᠷᠲᠡᠭᠡᠪᠡ᠃ | ᠨᠥᠬᠦᠪᠥᠷᠢ ᠥᠭᠬᠦ ᠲᠥᠷᠥᠯ ᠵᠦᠶᠯ ᠢᠶᠠᠷ᠄ ᠡᠷᠳᠡᠨᠢ ᠰᠢᠰᠢ ᠶᠢᠨ ᠦᠶᠯᠡᠳᠪᠦᠷᠢᠯᠡᠭᠴᠢᠳ ᠤᠨ ᠨᠥᠬᠦᠪᠥᠷᠢ 1.6 | ᠲᠦᠮᠡᠨ ᠲᠥᠭᠦᠷᠢᠭ︔ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠨᠥᠬᠦᠪᠥᠷᠢ 0.33 ᠲᠦᠮᠡᠨ ᠲᠥᠭᠦᠷᠢᠭ︔ | ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ 20.05 ᠲᠦᠮᠡᠨ ᠲᠥᠭᠦᠷᠢᠭ︔ | ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ 424.31 ᠲᠦᠮᠡᠨ ᠲᠥᠭᠦᠷᠢᠭ︔ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠢᠨᠵᠧᠨᠧᠷᠢᠩ ᠢ ᠰᠢᠭᠤᠳ ᠡᠷᠦᠬᠡ ᠳᠤ ᠬᠦᠷᠭᠡᠬᠦ ᠲᠥᠷᠥᠯ ᠵᠦᠶᠯ ᠤᠨ ᠪᠠᠯᠠ | ᠮᠥᠩᠭᠦ ᠶᠢᠨ ᠨᠥᠬᠦᠪᠥᠷᠢ 95.15 ᠲᠦᠮᠡᠨ ᠲᠥᠭᠦᠷᠢᠭ︔ ᠤᠨᠴᠠᠯᠢᠭᠳᠤ ᠲᠠᠷᠢᠮᠠᠯ ᠤᠨ ᠦᠢᠯᠡᠰ ᠪᠠ ᠲᠡᠵᠢᠭᠡᠨ | ᠦᠷᠡᠵᠢᠭᠦᠯᠬᠦ ᠦᠢᠯᠡᠰ ᠤᠨ ᠨᠥᠬᠦᠪᠥᠷᠢ ᠲᠤ 44.21ᠲᠦᠮᠡᠨ ᠲᠥᠭᠦᠷᠢᠭ︔ ᠠᠮᠤ ᠪᠤᠳᠠᠭ᠎ᠠ ᠶᠢ ᠪᠣᠷᠳᠣᠭᠠᠨ | ᠲᠠᠷᠢᠮᠠᠯ ᠪᠣᠯᠭᠠᠨ ᠥᠭᠡᠷᠡᠴᠢᠯᠡᠬᠦ ᠲᠥᠷᠥᠯ ᠵᠦᠶᠯ ᠤᠨ ᠨᠥᠬᠦᠪᠥᠷᠢ ᠶᠢᠨ ᠨᠠᠷᠢᠨ ᠲᠠᠩᠰᠠ 250.03 ᠲᠦᠮᠡᠨ | ᠲᠥᠭᠦᠷᠢᠭ︔ ᠲᠥᠮᠥᠰᠥ ᠦᠢᠯᠡᠳᠪᠦᠷᠢᠯᠡᠭᠴᠢᠳ ᠤᠨ ᠨᠥᠬᠦᠪᠥᠷᠢ 3.22 ᠲᠦᠮᠡᠨ ᠲᠥᠭᠦᠷᠢᠭ ︔ ᠪᠣᠳᠠᠲᠠᠶ ᠠᠮᠤ | ᠪᠤᠳᠠᠭ᠎ᠠ ᠳᠠᠷᠢᠵᠤ ᠪᠠᠶᠢᠭ᠎ᠠ ᠲᠠᠷᠢᠶᠠᠴᠢᠳ ᠤᠨ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ 0.11 ᠲᠦᠮᠡᠨ | ᠲᠥᠭᠦᠷᠢᠭ︔ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ 6165.1 | ᠲᠦᠮᠡᠨ ᠲᠥᠭᠦᠷᠢᠭ︔ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠨᠥᠬᠦᠪᠥᠷᠢ 204.10 ᠲᠦᠮᠡᠨ | ᠲᠥᠭᠦᠷᠢᠭ︔ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ 4605.4 ᠲᠦᠮᠡᠨ ᠲᠥᠭᠦᠷᠢᠭ | ︔ ᠪᠠᠶᠢᠷᠢ ᠳᠤ ᠰᠠᠭᠤᠬᠤ ᠰᠣᠷᠣᠭᠴᠢ ᠶᠢᠨ ᠠᠮᠢᠳᠤᠷᠠᠯ ᠤᠨ ᠨᠥᠬᠦᠪᠥᠷᠢ 0.61 ᠲᠦᠮᠡᠨ ᠲᠥᠭᠦᠷᠢᠭ︔ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠡᠤᠬᠡᠳ | ᠰᠠᠭᠠᠲᠠᠭᠤᠯᠬᠤ ᠵᠠᠷᠤᠳᠠᠯ ᠤᠨ ᠨᠥᠬᠦᠪᠦᠷᠢ 0.1 ᠲᠦᠮᠡᠨ ᠲᠥᠭᠦᠷᠢᠭ︔ ︽ᠬᠤᠷ᠎ᠠ ᠤᠰᠤᠨ ᠤ ᠲᠥᠯᠥᠪᠯᠡᠭᠡ︾ ᠶᠢᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠰᠣᠷᠣᠭᠴᠢ ᠤᠨ ᠨᠥᠬᠦᠪᠦᠷᠢ 1.65 ᠲᠦᠮᠡᠨ ᠲᠥᠭᠦᠷᠢᠭ︔ | ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠡᠮᠨᠡᠯᠭᠡ ᠳᠤ ᠰᠠᠭᠤᠬᠤ ᠨᠥᠬᠦᠪᠥᠷᠢ 4.57 | ᠲᠦᠮᠡᠨ ᠲᠦᠭᠦᠷᠢᠭ︔ ᠲᠥᠯᠥᠪᠯᠡᠭᠡᠲᠦ ᠦᠷᠡᠵᠢᠯ ᠤᠨ ᠨᠥᠬᠦᠪᠥᠷᠢ 0.78 ᠲᠦᠮᠡᠨ ᠲᠥᠭᠦᠷᠢᠭ︔ ᠶᠠᠳᠠᠭᠤ ᠶᠢ | ᠲᠡᠳᠬᠦᠬᠦ ᠪᠣᠭᠤᠮᠲᠠ ᠰᠢᠪᠲᠤᠯᠬᠤ ︽ᠭᠤᠷᠪᠠ ᠶᠢ ᠲᠣᠰᠬᠤᠨ ᠳᠤ ᠭᠤᠷᠪᠠ ᠶᠢ ᠡᠷᠦᠬᠡ ᠳᠤ ᠬᠦᠷᠦᠭᠦᠯᠬᠦ︾ ᠲᠥᠷᠥᠯ | ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠨᠥᠬᠦᠪᠥᠷᠢ 4.75 ᠲᠦᠮᠡᠨ ᠲᠥᠭᠦᠷᠢᠭ︔ | ᠬᠤᠲᠠ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠥᠬᠦᠪᠥᠷᠢ 540.49 | ᠲᠦᠮᠡᠨ ᠲᠥᠭᠦᠷᠢᠭ︔ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠨᠥᠬᠦᠪᠥᠷᠢ 3072.82 ᠲᠦᠮᠡᠨ ᠲᠥᠭᠦᠷᠢᠭ︔ ᠲᠠᠪᠤᠨ ᠪᠠᠲᠤᠯᠠᠭ᠎ᠠ ᠲᠠᠢ ᠪᠠᠷ ᠠᠰᠠᠷᠠᠨ ᠲᠡᠵᠢᠭᠡᠬᠦ ᠨᠥᠬᠦᠪᠥᠷᠢ | 238.01 ᠲᠦᠮᠡᠨ ᠲᠥᠭᠦᠷᠢᠭ︔ ᠭᠤᠷᠪᠠᠨ ᠠᠷᠠᠳ ᠤᠨ ᠲᠣᠭᠲᠠᠭᠰᠠᠨ ᠬᠤᠭᠤᠴᠠᠭ᠎ᠠ ᠲᠠᠢ ᠲᠣᠭᠲᠠᠭᠰᠠᠨ | ᠬᠡᠮᠵᠢᠶ᠎ᠡ ᠲᠠᠢ ᠨᠥᠬᠦᠪᠥᠷᠢ 97.15 ᠲᠦᠮᠡᠨ ᠲᠥᠭᠦᠷᠢᠭ︔ ᠥᠨᠥᠴᠢᠨ ᠬᠡᠤᠬᠡᠳ ᠤᠨ ᠠᠰᠠᠷᠠᠨ ᠲᠡᠵᠢᠭᠡᠬᠦ | ᠨᠥᠬᠦᠪᠥᠷᠢ 4.68 ᠲᠦᠮᠡᠨ ᠲᠥᠭᠦᠷᠢᠭ︔ ᠭᠤᠷᠪᠠ ᠥᠬᠡᠶ ᠬᠥᠮᠦᠰ ᠢ ᠠᠰᠠᠷᠠᠨ ᠲᠡᠵᠢᠭᠡᠬᠦ ᠨᠥᠬᠦᠪᠥᠷᠢ 16.36 | ᠲᠦᠮᠡᠨ ᠲᠥᠭᠦᠷᠢᠭ︔ ᠠᠰᠠᠷᠠᠮᠵᠢ ᠶᠢᠨ ᠨᠥᠬᠦᠪᠥᠷᠢ 111.21 ᠲᠦᠮᠡᠨ ᠲᠥᠭᠦᠷᠢᠭ︔ ᠪᠠᠶᠢᠭᠠᠯᠢ ᠶᠢᠨ | ᠭᠠᠮᠰᠢᠭ ᠠᠴᠠ ᠠᠪᠤᠷᠠᠨ ᠲᠤᠰᠠᠯᠠᠬᠤ 199.46 ᠲᠦᠮᠡᠨ ᠲᠥᠭᠦᠷᠢᠭ︔ ᠵᠡᠮᠳᠡᠭᠴᠦᠳ ᠤᠨ ᠨᠥᠬᠦᠪᠦᠷᠢ 284.18 | ᠲᠦᠮᠡᠨ ᠲᠥᠭᠦᠷᠢᠭ︔ ᠣᠷᠳᠣ ᠨᠠᠰᠤᠯᠠᠬᠤ ᠨᠥᠬᠦᠪᠥᠷᠢ 148.74 ᠲᠦᠮᠡᠨ ᠲᠥᠭᠦᠷᠢᠭ︔ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ 0.75 ᠲᠦᠮᠡᠨ ᠲᠥᠭᠦᠷᠢᠭ︔ ᠬᠠᠷᠠᠭᠠᠯᠵᠠᠬᠤ | ᠡᠲᠡᠭᠡᠳ ᠤᠨ ᠠᠶᠠᠨᠳᠠᠭᠠᠨ ᠨᠡᠮᠡᠭᠳᠡᠬᠦ ᠲᠣᠭᠲᠠᠴᠠ ᠶᠢᠨ ᠨᠥᠬᠦᠪᠦᠷᠢ 23.74 ᠲᠦᠮᠡᠨ ᠲᠥᠭᠦᠷᠢᠭ︔ | ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠠᠪᠤᠷᠠᠨ ᠲᠤᠰᠠᠯᠠᠬᠤ ᠨᠥᠬᠦᠪᠥᠷᠢ 25.56 ᠲᠦᠮᠡᠨ ᠲᠥᠭᠦᠷᠢᠭ︔ | ᠶᠠᠳᠠᠭᠤ ᠠᠴᠠ ᠠᠩᠭᠢᠵᠢᠷᠠᠭᠤᠯᠬᠤ ᠠᠵᠤ ᠦᠶᠯᠡᠰ ᠤᠨ ᠰᠠᠭᠤᠷᠢ ᠮᠥᠩᠭᠦ ᠶᠢᠨ ᠠᠰᠢᠭ ᠣᠷᠣᠯᠭ᠎ᠠ ᠶᠢᠨ ᠨᠥᠬᠦᠪᠥᠷᠢ | 12.9 ᠲᠦᠮᠡᠨ ᠲᠥᠭᠦᠷᠢᠭ︔ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠤᠨ ᠰᠤᠪᠢᠯᠠᠯᠲᠠ ᠶᠢᠨ | ᠨᠥᠬᠦᠪᠥᠷᠢ 52.69 ᠲᠦᠮᠡᠨ ᠲᠥᠭᠦᠷᠢᠭ︔ ᠭᠠᠴᠠᠭ᠎ᠠ ᠳᠤᠭᠤᠶᠢᠯᠠᠩ ᠤᠨ ᠺᠠᠳ᠋ᠷᠴᠤᠳ ᠤᠨ ᠲᠣᠭᠲᠠᠮᠠᠯ ᠬᠥᠯᠥᠰᠥ | ᠣᠯᠭᠤᠮᠵᠢ ᠪᠠ ᠠᠵᠢᠯ ᠰᠠᠭᠠᠲᠠᠭᠰᠠᠨ ᠨᠥᠬᠦᠪᠥᠷᠢ ᠮᠥᠩᠭᠦ 121.89 ᠲᠦᠮᠡᠨ ᠲᠥᠭᠦᠷᠢᠭ︔ ᠭᠠᠴᠠᠭᠠᠨ ᠤ | ᠺᠠᠳ᠋ᠷ ᠤᠨ ᠠᠮᠢᠳᠤᠷᠠᠯ ᠤᠨ ᠨᠥᠬᠦᠪᠥᠷᠢ 30.15 ᠲᠦᠮᠡᠨ ᠲᠥᠭᠦᠷᠢᠭ︔ ᠨᠢᠭᠡᠳᠦᠭᠡᠷ ᠹᠷᠣᠨᠲ ᠤᠨ ᠬᠢᠯᠢ ᠶᠢᠨ | ᠰᠠᠭᠤᠭᠠᠯᠢ ᠠᠷᠠᠳ ᠤᠨ ᠠᠮᠢᠳᠤᠷᠠᠯ ᠤᠨ ᠨᠥᠬᠦᠪᠥᠷᠢ 3.06 ᠲᠦᠮᠡᠨ ᠲᠥᠭᠦᠷᠢᠭ︔ ᠬᠥᠳᠡᠭᠡ ᠲᠣᠰᠬᠤᠨ ᠤ | ᠬᠢᠵᠢᠭ ᠢ ᠰᠡᠷᠭᠡᠶᠢᠯᠡᠬᠦ ᠬᠥᠮᠦᠰ ᠤᠨ ᠨᠥᠬᠦᠪᠥᠷᠢ 260.7 ᠲᠦᠮᠡᠨ ᠲᠥᠭᠦᠷᠢᠭ ︔ ᠰᠢᠨ᠎ᠡ ᠬᠡᠯᠪᠡᠷᠢ ᠶᠢᠨ ᠲᠠᠷᠢᠶᠠᠯᠠᠩ | ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠲᠠᠷᠢᠶᠠᠯᠠᠩ ᠤᠨ ᠮᠡᠷᠭᠡᠵᠢᠯᠲᠡᠳ ᠤᠨ ᠨᠥᠬᠦᠪᠦᠷᠢ 8.38 | ᠲᠦᠮᠡᠨ ᠲᠥᠭᠦᠷᠢᠭ᠃ ᠡᠯ᠎ᠡ ᠵᠦᠢᠯ ᠤᠨ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤ ᠨᠢ ᠭᠦᠢᠴᠡᠳ | ᠲᠤᠭ᠎ᠠ ᠪᠠᠷ ᠪᠣᠳᠠᠲᠠᠶᠢᠵᠢᠭᠤᠯᠵᠤ᠂ ᠲᠠᠷᠢᠶᠠᠯᠠᠬᠤ ᠮᠠᠯᠵᠢᠬᠤ ᠣᠷᠣᠨ᠂ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠪᠠ᠃ | | | | ᠣᠷᠴᠢᠭᠤᠯᠤᠭᠴᠢ᠄ ᠤᠳᠠ | ᠬᠢᠨᠠᠭᠴᠢ᠄ ᠠᠷᠢᠭᠤᠨ |