ᠰᠦᠢ ᠸᠧᠢ ᠵᠢᠶᠦ᠋ᠨ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠪᠠ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠤᠴᠠ ᠪᠠᠷ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ︽ᠭᠠᠳᠠᠨ᠎ᠡ ᠠᠴᠠ ᠣᠷᠣᠬᠤ ᠶᠢ ᠰᠡᠷᠭᠡᠶᠢᠯᠡᠬᠦ︾ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ ᠬᠢᠯᠪᠡᠷ ᠪᠤᠰᠤ ᠪᠠᠷ ᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2022/4/6
    4 ᠰᠠᠷ᠎ᠠ ᠶᠢᠨ 5 ᠤ ᠡᠳᠦᠷ᠂ ᠬᠠᠩᠰᠢ ᠶᠢᠨ ᠠᠮᠠᠷᠠᠯᠲᠠ ᠶᠢᠨ ᠡᠴᠦᠰ ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠤᠷᠢᠳᠴᠢᠯᠠᠨ ᠮᠡᠳᠡᠭᠳᠡᠬᠦ ᠦᠭᠡᠢ᠂ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ᠂ ᠲᠤᠬᠠᠢ ᠶᠢᠨ ᠲᠠᠯᠠᠪᠤᠷ ᠲᠤ ᠰᠢᠭᠤᠳ ᠣᠴᠢᠬᠤ ᠠᠷᠭ᠎ᠠ ᠮᠠᠶ᠋ᠢᠭ ᠢᠶᠠᠷ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠠᠬᠢ ᠵᠢᠵᠢᠭᠦᠷᠯᠡᠨ ᠰᠠᠬᠢᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠨᠢᠭᠤᠴᠠ ᠪᠠᠷ ᠪᠠᠶᠢᠴᠠᠭᠠᠪᠠ᠃ ᠲᠡᠷᠡ᠂ ᠮᠢᠨᠴᠦᠭᠦᠷᠡᠬᠦ ᠦᠵᠡᠯ ᠰᠠᠨᠠᠭ᠎ᠠ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠳᠣᠯᠣᠭᠠᠨ ᠴᠢᠩᠭ᠎ᠠ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠭᠠᠳᠠᠨ᠎ᠡ ᠠᠴᠠ ᠣᠷᠣᠬᠤ ᠶᠢ ᠰᠡᠷᠭᠡᠶᠢᠯᠡᠬᠦ︾ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠬᠦᠯᠵᠤ᠂ ᠬᠢᠯᠪᠠᠷ ᠪᠤᠰᠤ ᠪᠠᠷ ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠤ ᠴᠢᠬᠤᠯᠠᠴᠢᠯᠠᠪᠠ     ︽ᠳᠤᠮᠳᠠ ᠦᠨᠳᠦᠷ ᠵᠡᠷᠭᠡ ᠶᠢᠨ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠠᠴᠠ ᠢᠷᠡᠭᠰᠡᠨ ᠬᠥᠮᠥᠨ ᠪᠠᠶᠢᠨ᠎ᠠ ᠤᠤ ᠦᠬᠡᠢ ᠤᠤ︖ ᠡᠭᠦᠨ ᠢ ᠬᠡᠷᠬᠢᠨ ᠬᠠᠮᠢᠶᠠᠷᠤᠨ ᠡᠵᠡᠮᠳᠡᠵᠤ ᠪᠤᠢ︖︾ ︽ᠪᠦᠬᠡᠮ ᠬᠦᠴᠢᠯ ᠤᠨ ᠪᠠᠶᠢᠴᠠᠭᠠᠨ ᠬᠡᠮᠵᠢᠬᠦ ᠪᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠡᠬᠢ ᠡᠭᠦᠰᠦᠯ ᠢ ᠨᠢ ᠡᠷᠢᠬᠦ ᠴᠢᠳᠠᠪᠤᠷᠢ ᠨᠢ ᠶᠠᠮᠠᠷ ᠪᠠᠶᠢᠨ᠎ᠠ︖︾ ᠰᠦᠢ ᠸᠧᠢ ᠵᠢᠶᠦ᠋ᠨ ᠡᠩ ᠲᠡᠷᠢᠭᠦᠨ ᠳᠤ ᠸᠢᠳᠢᠤ᠋ ᠪᠠᠷ ᠤᠲᠠᠰᠤ ᠬᠤᠯᠪᠣᠬᠤ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠵᠢᠯ ᠤᠨ ᠲᠤᠰᠬᠠᠢ ᠡᠭᠡᠯᠵᠢ ᠶᠢᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠣᠬᠢᠷᠠᠭᠤᠯᠤᠨ ᠪᠠᠶᠢᠴᠠᠭᠠᠵᠤ᠂ ᠡᠯ᠎ᠡ ᠭᠠᠵᠠᠷ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠡᠬᠢ ᠡᠭᠦᠰᠦᠯ ᠢ ᠨᠢ ᠡᠷᠢᠬᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠵᠤ᠂ ᠠᠵᠢᠯ ᠤᠨ ᠪᠠᠶᠢᠷᠢ ᠳᠤ ᠵᠢᠵᠢᠭᠦᠷᠯᠡᠵᠦ ᠪᠠᠶᠢᠬᠤ ᠳᠠᠭᠠᠨ ᠪᠠᠶᠢᠳᠠᠯ ᠢ ᠣᠶᠢᠯᠠᠭᠠᠬᠤ ᠦᠭᠡᠢ ᠺᠠᠳ᠋ᠷ ᠢ ᠴᠢᠩᠭ᠎ᠠ ᠰᠢᠭᠦᠮᠵᠢᠯᠡᠵᠦ᠂ ᠠᠵᠢᠯ ᠤᠨ ᠪᠠᠶᠢᠷᠢ ᠳᠤ ᠪᠠᠨ ᠵᠢᠵᠢᠭᠦᠷᠯᠡᠭᠰᠡᠨ ᠦᠬᠡᠢ ᠶᠢ ᠨᠢ ᠨᠡᠷ᠎ᠡ ᠳᠤᠷᠠᠳᠴᠤ ᠵᠠᠷᠯᠠᠨ ᠮᠡᠳᠡᠭᠳᠡᠪᠡ᠃ ᠲᠡᠷᠡ ᠵᠢᠭᠠᠵᠤ ᠭᠠᠷᠭᠠᠭᠰᠠᠨ ᠨᠢ᠂ ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ᠂ ᠣᠨᠳᠣᠣᠰᠢᠭᠰᠠᠨ ᠬᠤᠣᠷᠲᠤ ᠰᠲᠷᠡᠶᠢᠨ ᠲᠦᠷᠭᠡᠨ ᠲᠠᠷᠬᠠᠵᠤ᠂ ᠨᠢᠭᠤᠭᠳᠠᠮᠠᠯ ᠴᠢᠨᠠᠷ ᠢᠶᠠᠷ ᠴᠢᠩᠭ᠎ᠠ᠂ ᠰᠡᠷᠭᠡᠶᠢᠯᠡᠨ ᠡᠵᠡᠮᠳᠡᠬᠦ ᠬᠦᠴᠢᠷᠳᠡᠯ ᠶᠡᠬᠡᠰᠴᠦ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠰᠡᠷᠭᠡᠭ ᠢᠶᠠᠷ ᠲᠠᠨᠢᠵᠤ᠂ ᠵᠢᠯᠤᠭᠤᠳᠬᠤ ᠰᠢᠰᠲ᠋ᠧᠮᠵᠢ ᠪᠠ ᠠᠵᠢᠯᠯᠠᠭᠠᠨ ᠤ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ ᠂ ᠤᠳᠤᠷᠢᠳᠤᠯᠭ᠎ᠠ ᠵᠢᠵᠢᠬᠦᠷᠯᠡᠬᠦ ᠡᠭᠡᠯᠵᠢ ᠳᠠᠭᠠᠭᠤᠯᠬᠤ᠂ 24 ᠴᠠᠭ ᠲᠤ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠬᠡᠪ ᠤᠨ ᠶᠣᠰᠣᠭᠠᠷ ᠶᠠᠪᠤᠭᠳᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠱᠠᠯᠠᠪᠳᠠᠭᠤᠯᠤᠨ ᠪᠠᠶᠢᠴᠠᠭᠠᠵᠤ ᠵᠢᠯᠤᠭᠤᠳᠬᠤ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠳᠠᠷᠤᠯᠲᠠ ᠶᠢ ᠳᠠᠮᠵᠢᠭᠤᠯᠵᠤ᠂ ᠠᠰᠠᠭᠤᠳᠠᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠠᠵᠢᠯ ᠨᠢ ᠬᠦᠴᠦᠨ ᠦᠭᠡᠢ᠂ ᠨᠠᠶᠢᠳᠠᠪᠤᠷᠢᠵᠢᠭᠤᠯᠤᠭᠰᠠᠨ  ᠨᠢ ᠭᠦᠢᠴᠡᠳ ᠦᠭᠡᠢ ᠵᠡᠷᠭᠡ ᠬᠠᠷᠢᠭᠤᠴᠠᠯᠭ᠎ᠠ ᠪᠠᠨ ᠠᠯᠳᠠᠭᠰᠠᠨ ᠠᠵᠢᠯᠯᠠᠭ᠎ᠠ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃     ᠰᠦᠢ ᠸᠧᠢ ᠵᠢᠶᠦ᠋ᠨ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠲᠠ ᠡᠵᠡᠮᠳᠡᠯ ᠢ ᠢᠮᠠᠭᠲᠠ ᠴᠢᠩᠭ᠎ᠠ ᠠᠳᠬᠤᠵᠤ᠂ ᠳᠤᠮᠳᠠ ᠦᠨᠳᠦᠷ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠠᠴᠠ ᠪᠤᠴᠠᠵᠤ ᠢᠷᠡᠭᠰᠡᠳ᠂ ᠨᠢᠭᠲᠠ ᠵᠠᠯᠭᠠᠯᠳᠤᠭ᠎ᠠ ᠲᠠᠢ ᠳᠡᠳ᠋ ᠨᠢᠭᠲᠠ ᠵᠠᠯᠭᠠᠯᠳᠤᠭ᠎ᠠ ᠲᠠᠢ ᠬᠥᠮᠥᠰ ᠤᠨ ᠵᠢᠭᠰᠠᠭᠠᠨ ᠪᠠᠶᠢᠴᠠᠭᠠᠯᠲᠠ ᠬᠠᠮᠢᠶᠠᠷᠤᠯᠲᠠ ᠪᠣᠯᠣᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠪᠦᠬᠦ ᠲᠠᠯ᠎ᠠ ᠪᠠᠷ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃ ᠪᠦᠬᠡᠮ ᠬᠦᠴᠢᠯ ᠢ ᠪᠠᠶᠢᠴᠠᠭᠠᠨ ᠬᠡᠮᠵᠢᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠡᠬᠢ ᠡᠭᠦᠰᠦᠯ ᠢ ᠨᠢ ᠡᠷᠢᠬᠦ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠣᠯᠣᠨ ᠡᠮᠴᠢᠯᠡᠭᠡᠨ ᠤ ᠠᠪᠤᠷᠠᠨ ᠵᠠᠰᠠᠬᠤ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃     ᠰᠦᠢ ᠸᠧᠢ ᠵᠢᠶᠦ᠋ᠨ ᠪᠠᠰᠠ 110 ᠤᠯᠤᠰ ᠤᠨ ᠵᠠᠮ ᠤᠨ ᠪᠠᠷᠠᠭᠤᠨ ᠪᠤᠭᠤᠮᠳᠠ ᠳᠤ ᠬᠦᠷᠴᠦ᠂ ᠣᠷᠣᠵᠤ ᠭᠠᠷᠬᠤ ᠬᠥᠮᠥᠰ ᠤᠨ ᠳᠤᠯᠠᠭᠠᠨ ᠤ ᠬᠡᠮᠵᠢᠯᠳᠡ ᠺᠤᠳ᠋ ᠰᠢᠯᠭᠠᠯᠳᠠ᠂ ᠳᠡᠮᠳᠡᠭᠯᠡᠵᠤ ᠵᠢᠭᠰᠠᠭᠠᠨ ᠪᠠᠶᠢᠴᠠᠭᠠᠬᠤ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠡᠭᠦᠷᠭᠡ ᠭᠦᠢᠴᠡᠳᠬᠡᠬᠦ ᠠᠵᠢᠯᠲᠠᠳ ᠲᠠᠢ ᠰᠠᠨᠠᠯ ᠢᠶᠠᠨ ᠰᠣᠯᠢᠯᠴᠠᠵᠤ᠂ ᠲᠡᠷᠭᠡ ᠬᠥᠰᠬᠡ ᠶᠢᠨ ᠬᠠᠮᠢᠶᠠᠷᠤᠯᠲᠠ ᠡᠵᠡᠮᠳᠡᠯ ᠤᠨ ᠶᠠᠪᠤᠴᠠ᠂ ᠠᠵᠢᠯᠲᠠᠨ ᠤ ᠲᠣᠬᠢᠷᠠᠭᠤᠯᠤᠯᠲᠠ᠂ ᠵᠢᠵᠢᠭᠦᠷᠯᠡᠵᠦ ᠰᠠᠬᠢᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠵᠠᠮ ᠬᠠᠷᠢᠯᠴᠠᠭᠠᠨ ᠤ ᠪᠣᠭᠤᠮᠲᠠ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠳᠤᠯᠠᠭᠠᠨ ᠤ ᠬᠡᠮᠵᠢᠶ᠎ᠡ ᠶᠢ ᠬᠡᠮᠵᠢᠬᠦ᠂ ᠺᠤᠳ᠋ ᠰᠢᠷᠪᠢᠬᠦ ᠵᠡᠷᠭᠡ ᠶᠠᠪᠤᠴᠠ ᠶᠢ ᠴᠢᠩᠭ᠎ᠠ ᠬᠡᠷᠡᠭᠵᠢᠭᠦᠯᠵᠦ᠂ ᠲᠡᠷᠭᠡ᠂ ᠬᠦᠮᠦᠨ ᠳᠠᠭᠠᠷᠠᠪᠠᠯ ᠵᠠᠪᠠᠯ ᠪᠠᠶᠢᠴᠠᠭᠠᠵᠤ᠂ ᠬᠢᠵᠢᠭ ᠤᠨ ᠪᠠᠶᠢᠳᠠᠯ ᠤᠨ ᠣᠷᠣᠵᠤ ᠢᠷᠡᠬᠦ ᠵᠠᠮ ᠢ ᠪᠥᠬᠦ ᠲᠠᠯ᠎ᠠ ᠪᠠᠷ ᠲᠠᠰᠤᠯᠬᠤ ᠬᠡᠷᠡᠭᠲᠡᠢ᠃ ᠲᠡᠷᠭᠡ ᠬᠥᠰᠬᠡ ᠶᠢ ᠪᠠᠶᠢᠴᠠᠭᠠᠨ ᠰᠢᠯᠭᠠᠬᠤ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠶᠢᠴᠠᠭᠠᠨ ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠮ ᠬᠠᠷᠢᠯᠴᠠᠭᠠᠨ ᠤ ᠠᠮᠤᠷ ᠲᠦᠪᠰᠢᠨ ᠡᠮᠬᠢ ᠳᠢᠭᠯᠢᠮ ᠲᠠᠢ ᠰᠠᠭᠠᠳ ᠦᠬᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠠᠵᠢᠯᠲᠠᠳ ᠲᠤ ᠳᠠᠬᠢᠨ ᠳᠠᠪᠲᠠᠨ ᠵᠠᠬᠢᠭᠰᠠᠨ ᠪᠠᠶᠢᠨ᠎ᠠ᠃     ᠬᠤᠳᠠ ᠶᠢᠨ ᠤᠳᠤᠷᠢᠳᠤᠯᠭ᠎ᠠ ᠯᠢᠦ ᠭᠦᠸᠧ ᠭᠠᠩ᠂ ᠹᠠᠩ ᠽᠧ ᠨᠢᠭᠤᠴᠠ ᠰᠣᠷᠪᠤᠯᠵᠢᠯᠠᠭ᠎ᠠ ᠳᠤ ᠣᠷᠣᠯᠴᠠᠪᠠ᠃                      ᠵᠤᠬᠢᠶᠠᠭᠴᠢ᠄ ᠳ᠋ᠠᠢ ᠰᠢᠤᠸᠠᠢ                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2