ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇2022﹈ 3 ᠳ᠋ᠤᠭᠠᠷ ᠲᠣᠭᠠᠲᠤ | | ︽ᠤᠯᠠᠭᠠᠨᠴᠠᠪ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ | ᠠᠯᠬᠤᠮ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠳᠤ᠄ | | ︽ᠤᠯᠠᠭᠠᠨᠴᠠᠪ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ | ᠠᠯᠬᠤᠮ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ 2021 ᠣᠨ ᠤ 21 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ | ᠪᠠᠲᠤᠯᠠᠭᠤᠯᠤᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | 2022 ᠣᠨ ᠤ 2 ᠰᠠᠷ᠎ᠠ ᠶᠢᠨ 18 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | | ᠤᠯᠠᠭᠠᠨᠴᠠᠪ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ | ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠠᠵᠢᠯ ᠤᠨ ᠵᠢᠯᠣᠭᠤᠳᠬᠤ ᠰᠠᠨᠠᠯ︾ ︵ᠥᠪᠥᠷ ᠪᠥᠲᠥᠭᠡᠨ ᠪᠠᠶᠢᠭᠤᠯᠤᠯᠲᠠ ᠬᠠᠮᠢᠶᠠᠷᠤᠯᠲᠠ ﹇ | 2019﹈ 186 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠬᠢᠷᠢ ᠬᠡᠮᠵᠢᠶ᠎ᠡ ᠶᠢ | ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠨ ︿ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ | ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ ᠪᠥᠲᠥᠭᠡᠨ ᠪᠠᠶᠢᠭᠤᠯᠤᠯᠲᠠ | ᠬᠠᠮᠢᠶᠠᠷᠤᠯᠲᠠ ﹇2021﹈ 122 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ | ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠪᠣᠯᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠨ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠪᠠᠷᠢᠮᠲᠠᠯᠠᠨ᠂ ︽ᠠᠮᠢ ᠠᠬᠤᠶ ᠶᠢ | ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ︾ ᠤᠨᠤᠯᠵᠢᠬᠤᠨ ᠢ ᠦᠢᠯᠡᠳᠦᠯᠭᠡᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠠᠮᠢᠳᠤᠷᠠᠯ ᠤᠨ | ᠬᠤᠭ ᠨᠣᠪᠰᠢ ᠶᠢᠨ ︽ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠦᠭᠡᠶᠢᠵᠢᠭᠦᠯᠬᠦ︾ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠠᠵᠢᠯ ᠢ ᠭᠦᠨᠵᠡᠭᠡᠶ ᠠᠬᠢᠭᠤᠯᠤᠨ᠂ ᠲᠥᠷᠥᠯ ᠬᠤᠪᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ | ᠳᠤᠲᠠᠭᠤᠳᠠᠯ ᠰᠢᠶᠳᠪᠦᠷᠢᠯᠡᠬᠦ ᠶᠢ ᠨᠥᠬᠦᠪᠥᠷᠢᠯᠡᠵᠦ᠂ ᠬᠠᠤᠯᠢᠵᠢᠯ ᠢᠶᠠᠷ ᠰᠠᠭᠤᠷᠢ ᠪᠣᠯᠭᠠᠭᠰᠠᠨ᠂ ᠵᠠᠰᠠᠭ ᠤᠨ | ᠣᠷᠳᠣᠨ ᠠᠴᠠ ᠳᠥᠯᠭᠢᠨ ᠠᠬᠢᠭᠤᠯᠤᠭᠰᠠᠨ᠂ ᠪᠥᠬᠦ ᠠᠷᠠᠳ ᠢᠶᠠᠷ ᠢᠶᠠᠨ ᠣᠷᠣᠯᠴᠠᠭᠰᠠᠨ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤ ᠨᠢ ᠳᠣᠭᠢᠷᠠᠭᠤᠯᠤᠭᠰᠠᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠰᠢᠰᠲ᠋ᠧᠮᠵᠢ ᠶᠢ | ᠪᠣᠶ ᠪᠣᠯᠭᠠᠵᠤ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠤᠯᠠᠭᠠᠨᠴᠠᠪ ᠢ ᠪᠥᠲᠥᠭᠡᠨ ᠪᠠᠶᠢᠭᠤᠯᠤᠨ᠎ᠠ | ᠃ | ︵ᠬᠤᠶᠠᠷ︶ ᠬᠡᠷᠡᠭᠵᠢᠭᠦᠯᠬᠦ ᠬᠡᠪᠴᠢᠶ᠎ᠡ | ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠦᠨᠳᠦᠰᠦᠯᠡᠪᠡᠯ᠂ ᠮᠠᠨ ᠤ ᠬᠤᠲᠠ ᠶᠢᠨ ᠲᠤᠷᠰᠢᠯᠲᠠ ᠶᠢᠨ | ᠴᠡᠭ ᠤᠨ ᠭᠠᠵᠠᠷ ᠣᠷᠣᠨ ᠪᠣᠯ ᠵᠢᠨᠢᠩ ᠲᠣᠭᠤᠷᠢᠭ᠂ ᠹᠧᠩᠵᠧᠨ ᠬᠤᠲᠠ᠂ ᠳᠥᠷᠪᠡᠳ ᠬᠤᠰᠢᠭᠤᠨ ᠤ ᠪᠦᠲᠦᠭᠡᠨ | ᠪᠠᠶᠢᠭᠤᠯᠤᠯᠲᠠ ᠶᠢᠨ ᠲᠣᠭᠤᠷᠢᠭ ᠪᠣᠯᠤᠨ᠎ᠠ᠂ ᠪᠤᠰᠤᠳ ᠬᠤᠰᠢᠭᠤ ᠰᠢᠶᠠᠨ ᠬᠤᠲᠠ ᠲᠣᠭᠤᠷᠢᠭ ᠨᠢ ᠲᠣᠰ | ᠣᠷᠤᠨ ᠤ ᠪᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ | ︵ᠭᠤᠷᠪᠠ︶ ᠠᠵᠢᠯ ᠤᠨ ᠬᠠᠷᠠᠯᠲᠠ | 2022 ᠣᠨ ᠤ ᠰᠡᠭᠦᠯᠴᠢ ᠪᠣᠯᠬᠤ ᠳᠤ᠂ ᠵᠢᠨᠢᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠲᠤ | ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠦᠨ᠎ᠡ︔ | ᠹᠧᠩᠵᠧᠨ ᠬᠤᠲᠠ᠂ ᠳᠥᠷᠪᠡᠳ ᠬᠤᠰᠢᠭᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠲᠤ ᠣᠯᠠᠨ ᠨᠡᠶᠢᠲᠡ ᠶᠢᠨ | ᠪᠠᠶᠢᠭᠤᠯᠤᠮᠵᠢ ᠶᠢᠨ ᠬᠤᠭ ᠨᠣᠪᠰᠢ ᠶᠢ ᠲᠥᠷᠥᠯ ᠬᠤᠪᠢᠶᠠᠬᠤ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠨᠠᠭᠠᠳᠤ | ᠵᠠᠬ᠎ᠠ ᠳᠠᠭᠠᠨ ᠨᠢᠭᠡ ᠨᠡᠶᠢᠭᠡᠮ ᠲᠣᠭᠤᠷᠢᠭ ᠲᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ | ᠦᠵᠡᠭᠦᠯᠬᠦ ᠬᠡᠰᠡᠭ ᠲᠣᠭᠤᠷᠢᠭ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ᠃ | 2025 ᠣᠨ ᠤ ᠡᠴᠦᠰ ᠪᠣᠯᠬᠤ ᠳᠤ᠂ ᠵᠢᠨᠢᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠲᠤ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠶᠳᠪᠦᠷᠢᠯᠡᠬᠦ ᠰᠢᠰᠲ᠋ᠧᠮ ᠢ ᠦᠨᠳᠦᠰᠦᠨ ᠳᠡᠭᠡᠨ | ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠢᠵᠢ ᠪᠦᠷᠢᠨ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠦᠷᠢᠮ ᠤᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ | ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 35% ᠠᠴᠠ ᠳᠡᠭᠡᠭᠰᠢ ᠳᠤ ᠬᠦᠷᠦᠭᠦᠯᠦᠨ᠎ᠡ︔ ᠹᠧᠩᠵᠧᠨ ᠬᠤᠲᠠ | ᠂ ᠳᠥᠷᠪᠡᠳ ᠬᠤᠰᠢᠭᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠲᠤ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠨ ᠰᠢᠶᠳᠪᠦᠷᠢᠯᠡᠬᠦ ᠰᠢᠰᠲ᠋ᠧᠮ ᠢ ᠠᠩᠬ᠎ᠠ ᠠᠯᠬᠤᠮ ᠪᠠᠶᠢᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠲᠥᠷᠥᠯ ᠬᠤᠪᠢᠶᠠᠬᠤ ᠪᠠᠷᠢᠮᠵᠢᠶ᠎ᠠ ᠶᠢ ᠲᠣᠳᠣᠷᠬᠠᠶᠢᠯᠠᠨ᠎ᠠ | ︽ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠡᠮᠳᠡᠭ︾ ︵GB/T19095 — 2019︶ | ᠤᠨ ᠶᠣᠰᠣᠭᠠᠷ᠂ ᠬᠥᠨᠥᠭᠡᠯᠲᠡᠶ ᠬᠤᠭ ᠨᠣᠪᠰᠢ᠂ ᠡᠭᠡᠭᠦᠯᠦᠨ ᠬᠤᠷᠢᠶᠠᠵᠤ ᠪᠣᠯᠬᠤ ᠪᠣᠳᠠᠰ᠂ ᠲᠣᠭᠤᠭᠠᠨ ᠬᠡᠷ ᠤᠨ | ᠬᠤᠭ ᠨᠣᠪᠰᠢ ᠪᠠ ᠪᠤᠰᠤᠳ ᠬᠤᠭ ᠨᠣᠪᠰᠢ ᠶᠢ ᠢᠯᠭᠠᠵᠤ᠂ ᠨᠢᠬᠡᠲᠦᠯᠲᠠᠢ ᠪᠦᠭᠡᠳ ᠵᠢᠷᠦᠮᠵᠢᠭᠤᠨ᠂ ᠢᠯᠡ ᠲᠣᠳᠦ | ᠠᠮᠢᠳᠤᠷᠠᠯ ᠤᠨ ᠬᠤᠭ ᠨᠣᠪᠰᠢ ᠶᠢᠨ ᠲᠥᠷᠥᠯ ᠬᠤᠪᠢᠶᠠᠭᠰᠠᠨ ᠲᠡᠮᠳᠡᠭ ᠢ ᠪᠠᠶᠢᠷᠢᠯᠠᠭᠤᠯᠵᠤ᠂ ᠰᠠᠭᠤᠭᠠᠯᠢ ᠠᠷᠠᠳ ᠤᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠳᠤ ᠲᠥᠬᠦᠮ ᠦᠵᠡᠭᠦᠯᠦᠨ᠎ᠡ᠃ ᠡᠯ᠎ᠡ ᠨᠢᠭᠡᠴᠢ | ᠪᠣᠯᠤᠨ ᠣᠷᠣᠨ ᠰᠠᠭᠤᠴᠠ ᠶᠢᠨ ᠵᠢᠵᠢᠭ ᠲᠣᠭᠤᠷᠢᠭ ᠨᠢ ᠣᠷᠣᠨ ᠪᠦᠰᠡ ᠶᠢᠨ ᠳᠣᠲᠣᠷᠠᠬᠢ ᠳᠠᠬᠢᠯᠲᠠ ᠡᠬᠢ | ᠪᠠᠶᠠᠯᠢᠭ ᠤᠨ ᠰᠢᠰᠲ᠋ᠧᠮᠵᠢ ᠶᠢᠨ ᠬᠥᠭᠵᠢᠯᠲᠡ ᠶᠢᠨ ᠬᠡᠮᠵᠢᠶ᠎ᠡ ᠶᠢ ᠦᠨᠳᠦᠰᠦᠯᠡᠨ᠂ ᠡᠭᠡᠭᠦᠯᠦᠨ ᠬᠤᠷᠢᠶᠠᠵᠤ ᠪᠣᠯᠬᠤ | ᠪᠣᠳᠠᠰ ᠢ ᠨᠠᠷᠢᠯᠢᠬᠵᠢᠭᠤᠯᠤᠨ ᠲᠥᠷᠥᠯ ᠬᠤᠪᠢᠶᠠᠬᠤ ᠶᠢ ᠵᠣᠷᠢᠭᠵᠢᠭᠤᠯᠤᠨ᠎ᠠ᠃ | 1.ᠡᠭᠡᠭᠦᠯᠦᠨ ᠬᠤᠷᠢᠶᠠᠵᠤ ᠪᠣᠯᠬᠤ ᠪᠣᠳᠠᠰ ᠭᠡᠳᠡᠭ ᠨᠢ ᠡᠭᠡᠭᠦᠯᠦᠨ ᠬᠤᠷᠢᠶᠠᠵᠤ ᠠᠰᠢᠭᠯᠠᠬᠤ ᠳᠤ ᠲᠣᠬᠢᠷᠠᠮᠵᠢᠲᠠᠶ | ᠠᠮᠢᠳᠤᠷᠠᠯ ᠤᠨ ᠬᠤᠭ ᠨᠣᠪᠰᠢ ᠶᠢ ᠵᠢᠭᠠᠵᠤ ᠪᠠᠶᠢᠨ᠎ᠠ᠂ ᠡᠭᠦᠨ ᠳᠤ ᠭᠤᠣᠯᠳᠠᠭᠤ ᠬᠠᠶᠠᠭᠳᠠᠮᠠᠯ ᠴᠠᠭᠠᠰᠤ᠂ ᠬᠠᠶᠠᠭᠳᠠᠮᠠᠯ | ᠰᠦᠯᠢᠶᠣᠣ᠂ ᠬᠠᠶᠠᠭᠳᠠᠮᠠᠯ ᠲᠡᠮᠦᠷᠯᠢᠭ᠂ ᠬᠠᠶᠠᠭᠳᠠᠮᠠᠯ ᠪᠣᠭᠤᠳᠠᠯ ᠪᠠᠭᠯᠠᠭ᠎ᠠ᠂ ᠬᠠᠶᠠᠭᠳᠠᠮᠠᠯ ᠬᠠᠭᠤᠴᠢᠨ ᠨᠡᠬᠡᠮᠡᠯ ᠡᠳ᠋᠂ | ᠬᠠᠶᠠᠭᠳᠠᠮᠠᠯ ᠰᠢᠯ᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ᠂ ᠬᠠᠶᠠᠭᠳᠠᠮᠠᠯ ᠭᠡᠷ ᠤᠨ ᠬᠡᠷᠡᠭᠰᠡᠯ | ᠂ ᠬᠠᠶᠠᠭᠳᠠᠮᠠᠯ ᠴᠠᠭᠠᠰᠤ ᠰᠦᠯᠢᠶᠣᠣ ᠬᠦᠩᠭᠡᠨ ᠴᠠᠭᠠᠨ ᠤ ᠨᠡᠶᠢᠯᠡᠮᠡᠯ ᠪᠣᠭᠤᠳᠠᠯ ᠵᠡᠷᠭᠡ ᠶᠢ ᠪᠠᠭᠲᠠᠭᠠᠨ᠎ᠠ᠃ | 2.ᠲᠣᠭᠤᠭᠠᠨ ᠭᠡᠷ ᠤᠨ ᠬᠤᠭ ᠨᠣᠪᠰᠢ ᠭᠡᠳᠡᠭ ᠨᠢ ᠠᠮᠠᠷᠬᠠᠨ ᠢᠯᠵᠢᠷᠡᠬᠦ᠂ ᠣᠷᠭᠠᠨᠢᠭ ᠪᠣᠳᠠᠰ ᠠᠭᠤᠯᠤᠭᠰᠠᠨ | ᠠᠮᠢᠳᠤᠷᠠᠯ ᠤᠨ ᠬᠤᠭ ᠨᠣᠪᠰᠢ ᠶᠢ ᠵᠢᠭᠠᠵᠤ ᠪᠠᠶᠢᠨ᠎ᠠ᠂ ᠡᠭᠦᠨ ᠳᠤ ᠭᠤᠣᠯᠳᠠᠭᠤ ᠰᠠᠭᠤᠭᠠᠯᠢ ᠠᠷᠠᠳ ᠤᠨ ᠭᠡᠷ | ᠪᠦᠯᠢ ᠠᠴᠠ ᠪᠤᠢ ᠪᠣᠯᠤᠭᠰᠠᠨ ᠬᠠᠶᠠᠭᠳᠠᠮᠠᠯ ᠢᠳᠡᠭᠡᠨ ᠤ ᠮᠠᠲ᠋ᠧᠷᠢᠶᠠᠯ᠂ ᠦᠯᠡᠳᠡᠭᠰᠡᠨ ᠨᠣᠭᠤᠭ᠎ᠠ ᠪᠤᠳᠠᠭ᠎ᠠ᠂ | ᠬᠤᠭᠤᠴᠠᠭ᠎ᠠ ᠥᠩᠭᠡᠷᠡᠭᠰᠡᠨ ᠢᠳᠡᠭᠡᠨ᠂ ᠵᠢᠮᠢᠰ ᠤᠨ ᠬᠠᠯᠢᠰᠤ ᠴᠥᠮ᠎ᠡ᠂ ᠴᠠᠢ ᠶᠢᠨ ᠰᠢᠭᠠᠷᠤ ᠵᠡᠷᠭᠡ ᠲᠣᠭᠤᠭᠠᠨ | ᠭᠡᠷ ᠤᠨ ᠬᠤᠭ ᠨᠣᠪᠰᠢ ᠪᠠᠭᠲᠠᠨ᠎ᠠ︔ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠤ ᠠᠬᠤᠶᠢᠯᠠᠯ᠂ ᠨᠢᠭᠡᠴᠢ ᠶᠢᠨ | ᠬᠤᠭᠤᠯᠠᠨ ᠭᠡᠷ ᠠᠴᠠ ᠡᠭᠦᠰᠦᠭᠰᠡᠨ ᠲᠣᠭᠤᠭᠠᠨ ᠭᠡᠷ ᠤᠨ ᠬᠤᠭ ᠨᠣᠪᠰᠢ︔ ᠬᠡᠲᠦ ᠳᠡᠯᠭᠡᠭᠦᠷ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠵᠡᠷᠭᠡ ᠶᠢᠨ ᠬᠠᠶᠠᠭᠳᠠᠮᠠᠯ ᠢᠳᠡᠰᠢᠨ ᠨᠣᠭᠤᠭ᠎ᠠ ᠵᠢᠮᠢᠰ᠂ ᠢᠯᠵᠢᠷᠡᠭᠰᠡᠨ ᠮᠢᠬ᠎ᠠ᠂ | ᠮᠢᠬᠠᠨ ᠤ ᠬᠡᠮᠬᠡᠷᠬᠡᠶ ᠶᠠᠰᠤ᠂ ᠤᠰᠤᠨ ᠭᠠᠷᠤᠯᠲᠠ᠂ ᠠᠮᠢᠲᠠᠨ ᠤ ᠳᠣᠲᠣᠷ ᠡᠷᠬᠡᠲᠡᠨ ᠵᠢᠴᠢ ᠪᠤᠰᠤᠳ ᠠᠮᠠᠷᠬᠠᠨ | ᠢᠯᠵᠢᠷᠡᠬᠦ ᠬᠤᠭ ᠨᠣᠪᠰᠢ ᠵᠡᠷᠭᠡ᠃ | 3.ᠬᠤᠣᠷ ᠬᠥᠨᠥᠭᠡᠯ ᠲᠠᠢ ᠬᠤᠭ ᠨᠣᠪᠰᠢ ᠭᠡᠳᠡᠭ ᠨᠢ ᠬᠥᠮᠦᠨ ᠤ ᠪᠡᠶ᠎ᠡ ᠶᠢᠨ ᠡᠷᠡᠭᠦᠯ ᠮᠡᠨᠳᠦ ᠪᠤᠶᠤ ᠪᠠᠶᠢᠭᠠᠯᠢ ᠶᠢᠨ | ᠣᠷᠴᠢᠨ ᠠᠬᠤᠶ ᠳᠤ ᠰᠢᠭᠤᠳ ᠪᠤᠶᠤ ᠳᠠᠯᠳᠠ ᠬᠤᠣᠷ ᠬᠥᠨᠥᠭᠡᠯ ᠤᠴᠠᠷᠠᠭᠤᠯᠬᠤ ᠠᠮᠢᠳᠤᠷᠠᠯ ᠤᠨ ᠬᠠᠶᠠᠭᠳᠠᠮᠠᠯ | ᠪᠣᠳᠠᠰ ᠢ ᠵᠢᠭᠠᠵᠤ ᠪᠠᠶᠢᠨ᠎ᠠ᠂ ᠡᠭᠦᠨ ᠳᠤ ᠭᠤᠣᠯᠳᠠᠭᠤ ᠬᠠᠶᠠᠭᠳᠠᠮᠠᠯ ᠳ᠋ᠢᠶᠠᠨ ᡂᠢ᠂ ᠳ᠋ᠧᠩ ᠤᠨ ᠬᠤᠭᠤᠯᠠᠶ᠂ | ᠬᠠᠶᠠᠭᠳᠠᠮᠠᠯ ᠡᠮ ᠤᠨ ᠵᠦᠢᠯ᠂ ᠳᠤᠯᠠᠭᠠᠨ ᠤ ᠬᠡᠮᠵᠢᠭᠦᠷ᠂ ᠴᠢᠰᠤᠨ ᠳᠠᠷᠤᠯᠲᠠ ᠶᠢᠨ ᠬᠡᠮᠵᠢᠭᠦᠷ᠂ ᠬᠠᠶᠠᠭᠳᠠᠮᠠᠯ ᠰᠢᠷ | ᠪᠤᠳᠤᠭ᠂ ᠬᠤᠷᠣᠬᠠᠶ ᠠᠯᠠᠬᠤ ᠡᠮ᠂ ᠠᠷᠢᠭᠤᠳᠬᠠᠬᠤ ᠡᠳ᠋ ᠵᠢᠴᠢ ᠡᠳᠡᠭᠡᠷ ᠤᠨ ᠪᠣᠭᠤᠳᠠᠯ ᠤᠨ ᠡᠳ᠋ ᠵᠡᠷᠭᠡ ᠶᠢ | ᠪᠠᠭᠲᠠᠭᠠᠨ᠎ᠠ᠃ | 4.ᠪᠤᠰᠤᠳ ᠬᠤᠭ ᠨᠣᠪᠰᠢ ᠭᠡᠳᠡᠭ ᠨᠢ ᠬᠤᠷᠢᠶᠠᠨ ᠠᠪᠴᠤ ᠪᠣᠯᠬᠤ ᠪᠣᠳᠠᠰ᠂ ᠬᠥᠨᠥᠭᠡᠯ ᠲᠠᠢ ᠬᠤᠭ ᠨᠣᠪᠰᠢ᠂ | ᠲᠣᠭᠤᠭᠠᠨ ᠭᠡᠷ ᠤᠨ ᠬᠤᠭ ᠨᠣᠪᠰᠢ ᠠᠴᠠ ᠪᠤᠰᠤᠳ ᠠᠮᠢᠳᠤᠷᠠᠯ ᠤᠨ ᠬᠤᠭ ᠨᠣᠪᠰᠢ ᠶᠢ ᠵᠢᠭᠠᠵᠤ ᠪᠠᠶᠢᠨ᠎ᠠ᠃ | ᠡᠭᠦᠨ ᠳᠤ ᠭᠤᠣᠯᠳᠠᠭᠤ᠄ ᠸᠠᠭᠠᠷ ᠲᠣᠭᠤᠰᠬ᠎ᠠ ᠸᠠᠭᠠᠷ ᠱᠠᠭᠠᠵᠠᠩ᠂ ᠵᠣᠷᠯᠤᠩ ᠤᠨ ᠬᠠᠶᠠᠭᠳᠠᠮᠠᠯ ᠴᠠᠭᠠᠰᠤ᠂ ᠱᠠᠭᠠᠵᠠᠩ | ᠰᠠᠪᠠ ᠶᠢᠨ ᠬᠡᠮᠬᠡᠳᠡᠰᠦ᠂ ᠠᠮᠢᠳᠠᠨ ᠤ ᠢᠯᠭᠠᠳᠠᠰᠤ᠂ ᠨᠢᠭᠡ ᠯᠡ ᠤᠳᠠᠭ᠎ᠠ ᠬᠡᠷᠡᠭᠯᠡᠬᠦ ᠬᠡᠷᠡᠭᠰᠡᠯ ᠵᠡᠷᠭᠡ ᠬᠤᠷᠢᠶᠠᠨ | ᠠᠪᠴᠤ ᠠᠰᠢᠭᠯᠠᠬᠤ ᠳᠤ ᠪᠡᠷᠬᠡᠲᠡᠶ ᠬᠠᠶᠠᠭᠳᠠᠮᠠᠯ ᠪᠣᠳᠠᠰ ᠪᠠᠭᠲᠠᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠪᠴᠢᠶ᠎ᠠ᠂ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ︵ᠬᠤᠶᠠᠷ︶ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ ᠶᠢ ᠠᠬᠢᠭᠤᠯᠤᠨ᠎ᠠ | ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠲᠠ ᠶᠢᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠣᠷᠴᠢᠨ ᠲᠣᠭᠤᠷᠢᠨ ᠢ ᠬᠠᠮᠠᠭᠠᠯᠠᠬᠤ᠂ ᠡᠬᠢ ᠪᠠᠶᠠᠯᠢᠭ ᠢ ᠠᠷᠪᠢᠯᠠᠬᠤ | ᠱᠠᠭᠠᠷᠳᠠᠯᠭ᠎ᠠ ᠶᠣᠰᠣᠭᠠᠷ᠂ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠥᠬᠡᠶ ᠪᠥᠭᠡᠳ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠦᠶᠯᠡᠳᠪᠦᠷᠢᠯᠡᠯ᠂ ᠭᠦᠶᠯᠭᠡᠭᠡ᠂ | ᠬᠡᠷᠡᠭᠯᠡᠭᠡ ᠵᠡᠷᠭᠡ ᠬᠦᠷᠢᠶ᠎ᠡ ᠴᠠᠷᠠᠭ᠎ᠠ ᠶᠢ ᠬᠠᠮᠤᠷᠤᠭᠰᠠᠨ ᠡᠯ᠎ᠡ ᠲᠥᠷᠥᠯ ᠤᠨ ᠠᠮᠢᠳᠤᠷᠠᠯ ᠤᠨ ᠬᠤᠭ ᠨᠣᠪᠰᠢ ᠶᠢᠨ ᠡᠬᠢ | ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠠᠮᠢᠳᠤᠷᠠᠯ ᠤᠨ ᠬᠤᠭ | ᠨᠣᠪᠰᠢ ᠶᠢᠨ ᠭᠠᠷᠬᠤ ᠶᠢ ᠪᠠᠭᠠᠰᠬᠠᠨ᠂ ᠡᠬᠢ ᠪᠠᠶᠠᠯᠢᠭ ᠢ ᠠᠷᠪᠢᠯᠠᠬᠤ ᠪᠠ ᠡᠷᠭᠢᠯᠳᠦᠭᠦᠯᠦᠨ ᠠᠰᠢᠭᠯᠠᠬᠤ ᠶᠢ | ᠠᠭᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠡᠬᠢ | ᠪᠠᠶᠠᠯᠢᠭᠵᠢᠭᠤᠯᠤᠨ ᠠᠰᠢᠭᠯᠠᠬᠤ ᠪᠠ ᠬᠤᠤᠷ ᠥᠬᠡᠶ ᠪᠣᠯᠭᠠᠨ ᠰᠢᠶᠳᠪᠦᠷᠢᠯᠡᠬᠦ ᠵᠡᠷᠭᠡ ᠭᠤᠭᠴᠤᠭ᠎ᠠ ᠶᠢ | ᠵᠣᠯᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠭ ᠨᠣᠪᠰᠢ ᠶᠢ ᠲᠥᠷᠥᠯ ᠬᠤᠪᠢᠶᠠᠨ ᠢᠯᠭᠠᠬᠤ | ᠲᠦᠷᠢᠮ ᠢ ᠬᠡᠷᠡᠭᠵᠢᠭᠦᠯᠦᠨ᠂ ᠦᠶᠯᠡᠳᠬᠦᠨ ᠤ ᠪᠣᠭᠤᠳᠠᠯ ᠳᠡᠭᠡᠷ᠎ᠡ ᠬᠤᠭ ᠨᠣᠪᠰᠢ ᠶᠢ ᠲᠥᠷᠥᠯ ᠬᠤᠪᠢᠶᠠᠭᠰᠠᠨ ᠢᠯᠡ | ᠲᠣᠳᠣ ᠢᠯᠭᠠᠬᠤ ᠲᠡᠮᠳᠡᠭ ᠲᠠᠯᠪᠢᠬᠤ ᠶᠢ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠠᠵᠤ ᠠᠬᠤᠶᠢᠯᠠᠯ ᠢ | ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠡᠭᠡᠭᠦᠯᠦᠨ ᠬᠤᠷᠢᠶᠠᠬᠤ ᠳᠤ ᠬᠢᠯᠪᠠᠷ᠂ ᠵᠠᠳᠠᠯᠬᠤ ᠳᠤ | ᠬᠢᠯᠪᠠᠷ᠂ ᠵᠠᠳᠠᠷᠠᠬᠤ ᠳᠤ ᠬᠢᠯᠪᠠᠷ᠂ ᠬᠤᠤᠷ ᠬᠥᠨᠥᠭᠡᠯ ᠥᠬᠡᠶ ᠮᠠᠲ᠋ᠧᠷᠢᠶᠠᠯ ᠢ ᠤᠷᠢᠳᠠᠪᠠᠷ ᠰᠣᠩᠭᠤᠨ ᠬᠡᠷᠡᠭᠯᠡᠭᠦᠯᠵᠦ᠂ | ᠲᠠᠸᠠᠷ ᠢ ᠬᠡᠲᠦ ᠪᠣᠭᠤᠳᠠᠯᠯᠠᠬᠤ ᠶᠢ ᠬᠢᠵᠠᠭᠠᠷᠯᠠᠬᠤ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ | ᠂ ᠪᠣᠭᠤᠳᠠᠯᠯᠠᠬᠤ ᠮᠠᠲ᠋ᠧᠷᠢᠶᠠᠯ ᠤᠨ ᠬᠡᠷᠡᠭᠯᠡᠬᠦ ᠬᠡᠮᠵᠢᠶ᠎ᠡ ᠪᠠ ᠪᠣᠭᠤᠳᠠᠯᠯᠠᠬᠤ ᠬᠠᠶᠠᠭᠳᠠᠮᠠᠯ ᠪᠣᠳᠠᠰ ᠪᠤᠢ ᠪᠤᠯᠠᠬᠤ ᠶᠢ | ᠪᠠᠭᠠᠰᠬᠠᠵᠤ᠂ ᠬᠡᠲᠦ ᠪᠣᠭᠤᠳᠠᠯᠯᠠᠬᠤ ᠪᠠ ᠬᠤᠶᠠᠳᠠᠬᠢ ᠤᠳᠠᠭ᠎ᠠ ᠪᠣᠭᠤᠳᠠᠯᠯᠠᠬᠤ ᠠᠴᠠ ᠵᠠᠶᠢᠯᠠᠰᠬᠢᠯᠭᠡᠨᠠ᠃ | ᠰᠦᠯᠢᠶᠣᠣ ᠶᠢᠨ ᠪᠣᠬᠢᠷᠲᠤᠯ ᠢ ᠵᠠᠰᠠᠬᠤ ᠬᠠᠮᠢᠶᠠᠷᠤᠯᠲᠠ ᠶᠢᠨ ᠲᠤᠬᠠᠶ ᠤᠯᠤᠰ ᠤᠨ ᠬᠤᠯᠪᠣᠭᠳᠠᠯ ᠪᠥᠬᠦᠶ ᠲᠣᠭᠲᠠᠭᠠᠯ | ᠵᠢᠴᠢ ︽ᠰᠦᠯᠢᠶᠣᠣ ᠶᠢᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ︾ ᠤᠨ ᠶᠣᠰᠣᠭᠠᠷ᠂ ᠨᠢᠭᠡ ᠪᠦᠯᠦᠭ ᠨᠢᠭᠡ ᠯᠡ | ᠤᠳᠠᠭ᠎ᠠ ᠶᠢᠨ ᠴᠢᠨᠠᠷᠲᠠᠶ ᠰᠦᠯᠢᠶᠣᠣ ᠪᠦᠲᠦᠭᠡᠭᠳᠡᠬᠦᠨ ᠢ ᠦᠶᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠶᠢ | ᠴᠠᠭᠠᠵᠠᠯᠠᠬᠤ ᠪᠤᠶᠤ ᠬᠢᠵᠠᠭᠠᠷᠯᠠᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠨᠢᠭᠡ ᠯᠡ ᠤᠳᠠᠭ᠎ᠠ ᠶᠢᠨ ᠴᠢᠨᠠᠷᠲᠠᠶ | ᠵᠠᠳᠠᠷᠠᠭᠤᠯᠵᠤ ᠥᠯᠥ ᠪᠣᠯᠬᠤ ᠰᠦᠯᠢᠶᠣᠣ ᠪᠦᠲᠦᠭᠡᠭᠳᠡᠬᠦᠨ ᠬᠡᠷᠡᠭᠯᠡᠬᠦ ᠶᠢ ᠤᠷᠢᠳᠠᠪᠠᠷ ᠵᠣᠭᠰᠣᠭᠠᠬᠤ ᠶᠢ ᠠᠬᠢᠭᠤᠯᠵᠤ᠂ | ᠵᠢᠱᠢᠶ᠎ᠡ ᠦᠵᠡᠭᠦᠯᠦᠨ ᠳᠠᠭᠠᠭᠤᠯᠬᠤ ᠦᠶᠯᠡᠳᠦᠯ ᠢ ᠰᠠᠶᠢᠲᠤᠷ ᠪᠠᠳᠠᠷᠠᠭᠤᠯᠤᠨ᠎ᠠ᠃ ᠵᠢᠭᠤᠯᠴᠢᠯᠠᠯ᠂ ᠪᠠᠭᠤᠳᠠᠯ ᠵᠡᠷᠭᠡ | ᠠᠵᠢᠯ ᠲᠥᠷᠥᠯ ᠤᠨ ᠬᠢᠨ ᠨᠢᠭᠡ ᠯᠡ ᠤᠳᠠᠭ᠎ᠠ ᠶᠢᠨ ᠴᠢᠨᠠᠷᠲᠠᠶ ᠬᠡᠷᠡᠭᠯᠡᠭᠡᠨ ᠤ ᠵᠦᠶᠯ ᠢ ᠰᠠᠨᠠᠭᠠᠴᠢᠯᠠᠭ᠎ᠠ ᠠᠴᠠ ᠪᠠᠨ | ᠬᠠᠩᠭᠠᠬᠤ ᠥᠬᠡᠶ ᠪᠠᠶᠢᠵᠤ᠂ ᠨᠢᠭᠡ ᠯᠡ ᠤᠳᠠᠭ᠎ᠠ ᠶᠢᠨ ᠴᠢᠨᠠᠷᠲᠠᠶ ᠬᠡᠷᠡᠭᠯᠡᠭᠡᠨ ᠤ ᠵᠦᠶᠯ ᠤᠨ ᠬᠡᠷᠡᠭᠯᠡᠯᠲᠡ ᠶᠢ | ᠪᠠᠭᠠᠰᠬᠠᠬᠤ ᠪᠠ ᠬᠢᠵᠠᠭᠠᠷᠯᠠᠵᠤ᠂ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠢ ᠨᠦᠭᠦᠳ ︽ᠦᠯᠦ ᠪᠦᠷᠢᠯᠭᠡᠬᠦ | ᠠᠵᠢᠯᠯᠠᠭ᠎ᠠ︾ ᠶᠢ ᠰᠠᠨᠠᠭᠠᠴᠢᠯᠠᠨ᠂ ᠬᠡᠷᠡᠭᠯᠡᠭᠴᠢᠳ ᠤᠨ ᠵᠣᠬᠢᠰᠲᠠᠶ ᠬᠡᠷᠡᠭᠯᠡᠭᠡ ᠶᠢ ᠬᠥᠲᠥᠯᠥᠨ ᠵᠢᠯᠤᠭᠤᠳᠤᠨ᠎ᠠ᠃ ︽ | ᠪᠣᠬᠢᠷᠲᠤᠯ ᠥᠬᠡᠶ ᠪᠠᠷ ᠠᠯᠪᠠᠯᠠᠬᠤ︾ ᠶᠢ ᠰᠠᠨᠠᠭᠠᠴᠢᠯᠠᠵᠤ᠂ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶᠯᠡᠰ ᠤᠨ | ᠨᠢᠭᠡᠴᠢ᠂ ᠨᠡᠶᠢᠭᠡᠮ ᠤᠨ ᠪᠦᠯᠬᠦᠮ ᠵᠡᠷᠭᠡ ᠠᠯᠪᠠᠯᠠᠬᠤ ᠭᠠᠵᠠᠷ ᠤᠳ ᠡᠷᠭᠢᠯᠳᠦᠭᠦᠯᠦᠨ ᠠᠰᠢᠭᠯᠠᠵᠤ ᠪᠣᠯᠬᠤ᠂ ᠣᠷᠴᠢᠨ | ᠲᠣᠭᠤᠷᠢᠨ ᠢ ᠬᠠᠮᠠᠭᠠᠯᠠᠬᠤ ᠳᠤ ᠠᠰᠢᠭᠲᠠᠶ ᠦᠶᠯᠡᠳᠬᠦᠨ᠂ ᠲᠥᠬᠦᠭᠡᠷᠦᠮᠵᠢ ᠪᠠ ᠪᠡᠯᠡᠳᠬᠡᠮᠵᠢ ᠶᠢ ᠤᠷᠢᠳᠠᠪᠠᠷ | ᠬᠤᠳᠠᠯᠳᠤᠨ ᠠᠪᠴᠤ᠂ ᠴᠠᠭᠠᠰᠤ ᠬᠡᠷᠡᠭᠯᠡᠬᠦ ᠥᠬᠡᠶ ᠪᠠᠷ ᠪᠣᠬᠢᠷᠲᠤᠯ ᠥᠬᠡᠶ ᠠᠯᠪᠠᠯᠠᠬᠤ ᠶᠢ ᠳᠡᠯᠭᠡᠷᠡᠭᠦᠯᠦᠨ᠂ ᠨᠢᠭᠡ ᠯᠡ | ᠤᠳᠠᠭ᠎ᠠ ᠶᠢᠨ ᠴᠢᠨᠠᠷᠲᠠᠶ ᠠᠯᠪᠠᠨ ᠬᠡᠷᠡᠭᠰᠡᠯ ᠬᠡᠷᠡᠭᠯᠡᠬᠦ ᠶᠢ ᠪᠠᠭᠠᠰᠬᠠᠨ᠎ᠠ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ | ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ | ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ᠂ ᠬᠠᠩᠭᠠᠨ ᠪᠣᠷᠣᠯᠠᠭᠤᠯᠬᠤ ᠬᠤᠷᠰᠢᠶ᠎ᠠ | ︵ᠭᠤᠷᠪᠠ︶ ᠲᠥᠷᠥᠯ ᠬᠤᠪᠢᠶᠠᠨ ᠲᠠᠯᠪᠢᠬᠤ ᠶᠢ ᠵᠢᠷᠤᠮᠵᠢᠭᠤᠯᠤᠨ᠎ᠠ | 1. ᠲᠥᠷᠥᠯ ᠬᠤᠪᠢᠶᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠲᠠᠯᠪᠢᠬᠤ ᠳᠤ ᠬᠠᠮᠢᠶᠠᠷᠤᠯᠲᠠ ᠶᠢᠨ ᠬᠠᠷᠢᠭᠤᠴᠠᠯᠭᠠᠲᠠᠨ ᠤ ᠲᠦᠷᠢᠮ ᠢ | ᠬᠡᠷᠡᠭᠵᠢᠭᠦᠯᠦᠨ᠎ᠡ᠃ | ︵1︶ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠵᠢᠴᠢ ᠪᠤᠰᠤᠳ | ᠵᠣᠬᠢᠶᠠᠨ ᠪᠠᠶᠢᠭᠤᠯᠤᠯᠲᠠ ᠶᠢᠨ ᠠᠯᠪᠠᠯᠠᠬᠤ ᠪᠠ ᠦᠢᠯᠡᠳᠪᠦᠷᠢᠯᠡᠯ ᠡᠵᠡᠩᠨᠡᠯᠲᠡ ᠶᠢᠨ ᠭᠠᠵᠠᠷ ᠢ ᠲᠤᠰ ᠨᠢᠭᠡᠴᠢ ᠠᠴᠠ | ᠬᠠᠷᠢᠭᠤᠴᠠᠨ᠎ᠠ᠃ | ︵2︶ ᠠᠳᠠᠯ ᠠᠬᠤᠶ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠣᠷᠣᠨ ᠰᠠᠭᠤᠴᠠ ᠶᠢᠨ ᠲᠣᠭᠤᠷᠢᠭ ᠢ ᠠᠳᠠᠯ | ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ ᠠᠴᠠ ᠬᠠᠷᠢᠭᠤᠴᠠᠨ᠎ᠠ︔ ᠠᠳᠠᠯ ᠠᠬᠤᠶ ᠶᠢᠨ ᠦᠶᠯᠡᠴᠢᠯᠡᠭᠡᠨ ᠤ | ᠠᠵᠤ ᠠᠬᠤᠶᠢᠯᠠᠯ ᠠᠴᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠬᠠᠮᠢᠶ᠎ᠠ ᠪᠥᠬᠦᠶ ᠠᠵᠢᠯ ᠢ | ᠡᠭᠦᠷᠭᠡᠯᠡᠭᠰᠡᠨ ᠰᠠᠭᠤᠭᠠᠯᠢ ᠠᠷᠠᠳ ᠤᠨ ᠵᠢᠵᠢᠭ ᠲᠣᠭᠤᠷᠢᠭ ᠲᠤ᠂ ᠡᠯ᠎ᠡ ᠲᠤᠷᠰᠢᠯᠲᠠ ᠶᠢᠨ ᠭᠠᠵᠠᠷ ᠣᠷᠣᠨ ᠨᠢ | ᠪᠣᠳᠠᠲᠠᠶ ᠲᠥᠷᠥᠯ ᠬᠤᠪᠢᠶᠠᠨ ᠲᠠᠯᠪᠢᠬᠤ᠂ ᠴᠤᠭᠯᠠᠭᠤᠯᠬᠤ ᠲᠦᠷᠢᠮ ᠪᠠ ᠰᠢᠯᠭᠠᠨ ᠦᠨᠡᠯᠡᠬᠦ ᠨᠠᠷᠢᠨ ᠲᠦᠷᠢᠮ ᠢ | ᠲᠣᠭᠲᠠᠭᠠᠬᠤ ᠶᠢᠨ ᠬᠠᠮᠲᠤ᠂ ᠲᠤᠬᠠᠶ ᠶᠢᠨ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ ᠨᠥᠬᠦᠪᠥᠷᠢ ᠶᠢᠨ | ᠪᠠᠷᠢᠮᠵᠢᠶ᠎ᠠ ᠶᠢ ᠲᠣᠭᠲᠠᠭᠠᠵᠤ ᠪᠣᠯᠤᠨ᠎ᠠ᠃ | ︵3︶ ᠠᠳᠠᠯ ᠠᠬᠤᠶ ᠶᠢᠨ ᠬᠠᠮᠢᠶᠠᠷᠤᠯᠲᠠ ᠶᠢ ᠬᠡᠷᠡᠭᠵᠢᠭᠦᠯᠦᠭᠡᠳᠦᠶ ᠣᠷᠣᠨ ᠰᠠᠭᠤᠴᠠ ᠶᠢᠨ ᠲᠣᠭᠤᠷᠢᠭ ᠤᠨ | ᠥᠮᠴᠢᠲᠡᠨ ᠠᠴᠠ ᠥᠪᠡᠷᠲᠡᠭᠡᠨ ᠬᠠᠮᠢᠶᠠᠷᠴᠤ ᠪᠠᠶᠢᠭ᠎ᠠ ᠣᠷᠣᠨ ᠰᠠᠭᠤᠴᠠ ᠶᠢᠨ ᠲᠣᠭᠤᠷᠢᠭ ᠢ ᠥᠮᠴᠢᠲᠡᠨ ᠤ | ᠵᠥᠪᠯᠡᠯ ᠠᠴᠠ ᠬᠠᠷᠢᠭᠤᠴᠠᠵᠤ᠂ ᠨᠢᠭᠡᠴᠢ ᠶᠢᠨ ᠥᠪᠡᠷᠲᠡᠭᠡᠨ ᠬᠠᠮᠢᠶᠠᠷᠴᠤ ᠪᠠᠶᠢᠭ᠎ᠠ ᠣᠷᠣᠨ ᠰᠠᠭᠤᠴᠠ ᠶᠢᠨ | ᠲᠣᠭᠤᠷᠢᠭ ᠢ ᠨᠢᠭᠡᠴᠢ ᠠᠴᠠ ᠬᠠᠷᠢᠭᠤᠴᠠᠨ᠎ᠠ︔ ᠥᠮᠴᠢᠲᠡᠨ ᠤ ᠵᠥᠪᠯᠡᠯ᠂ ᠠᠳᠠᠯ ᠠᠬᠤᠶ ᠶᠢᠨ ᠦᠶᠯᠡᠴᠢᠯᠡᠭᠡᠨ ᠤ | ᠠᠵᠤ ᠠᠬᠤᠶᠢᠯᠠᠯ ᠪᠠ ᠨᠢᠭᠡᠴᠢ ᠪᠠᠶᠢᠬᠤ ᠥᠬᠡᠶ ᠣᠷᠣᠨ ᠰᠠᠭᠤᠴᠠ ᠶᠢᠨ ᠲᠣᠭᠤᠷᠢᠭ ᠢ ᠰᠠᠭᠤᠭᠠᠯᠢ ᠠᠷᠠᠳ ᠤᠨ | ᠵᠥᠪᠯᠡᠯ ︵ᠨᠡᠶᠢᠭᠡᠮ ᠲᠣᠭᠤᠷᠢᠭ︶᠂ ᠠᠳᠠᠯ ᠠᠬᠤᠶ ᠶᠢᠨ ᠬᠠᠮᠢᠶᠠᠷᠤᠯᠲᠠ ᠶᠢᠨ ᠵᠥᠪᠯᠡᠯ ᠠᠴᠠ ᠬᠠᠷᠢᠭᠤᠴᠠᠨ᠎ᠠ︔ | ᠨᠡᠶᠢᠭᠡᠮ ᠲᠣᠭᠤᠷᠢᠭ ᠨᠢ ᠲᠤᠰᠬᠠᠶ ᠲᠤᠰᠢᠶᠠᠯ ᠤᠨ᠂ ᠲᠤᠰᠢᠶᠠᠯ ᠬᠠᠪᠰᠤᠷᠭᠠᠭᠰᠠᠨ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠨ ᠬᠢᠨᠠᠨ ᠵᠢᠯᠣᠭᠤᠳᠬᠤ ᠠᠵᠢᠯᠲᠠᠨ ᠢ ᠨᠢᠭᠡᠳᠦᠯᠲᠡᠶ ᠲᠥᠯᠥᠪᠯᠡᠨ ᠳᠣᠭᠢᠷᠠᠭᠤᠯᠤᠭᠰᠠᠨ ᠪᠠᠶᠢᠪᠠᠯ᠂ | ᠠᠳᠠᠯ ᠠᠬᠤᠶ ᠶᠢᠨ ᠠᠵᠤ ᠠᠬᠤᠶᠢᠯᠠᠯ ᠢᠶᠠᠷ ᠯᠠᠪᠯᠠᠯᠲᠠ ᠪᠣᠯᠭᠠᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠠᠵᠤ | ᠪᠣᠯᠤᠨ᠎ᠠ᠃ | ︵4︶ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠵᠠᠬ᠎ᠠ | ᠳᠡᠯᠭᠡᠭᠦᠷ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠪᠡᠶ᠎ᠡ ᠶᠢᠨ ᠲᠠᠮᠢᠷ ᠤᠨ ᠲᠠᠯᠠᠪᠤᠷ᠂ ᠴᠡᠴᠡᠷᠯᠢᠭ᠂ ᠲᠠᠯᠠᠪᠠᠶ | ᠵᠡᠷᠭᠡ ᠣᠯᠠᠨ ᠨᠡᠶᠢᠲᠡ ᠶᠢᠨ ᠲᠠᠯᠠᠪᠤᠷ ᠢ ᠡᠵᠡᠩᠨᠡᠯᠲᠡ ᠶᠢᠨ ᠨᠢᠭᠡᠴᠢ ᠪᠤᠶᠤ ᠬᠠᠮᠢᠶᠠᠷᠤᠯᠲᠠ ᠶᠢᠨ ᠨᠢᠭᠡᠴᠢ ᠠᠴᠠ | ᠬᠠᠷᠢᠭᠤᠴᠠᠨ᠎ᠠ᠃ | ︵5︶ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠭᠠᠵᠠᠷ ᠢ ᠪᠠᠷᠢᠯᠭ᠎ᠠ ᠪᠠᠷᠢᠬᠤ ᠨᠢᠭᠡᠴᠢ | ᠪᠤᠶᠤ ᠪᠦᠳᠦᠭᠡᠨ ᠪᠠᠶᠢᠭᠤᠯᠬᠤ ᠨᠢᠭᠡᠴᠢ ᠠᠴᠠ ᠬᠠᠷᠢᠭᠤᠴᠠᠨ᠎ᠠ᠃ | ︵6︶ ᠵᠠᠰᠠᠮᠠᠯ ᠵᠠᠮ᠂ ᠬᠤᠳᠠ ᠶᠢᠨ ᠵᠠᠮ ᠵᠢᠴᠢ ᠡᠳᠡᠭᠡᠷ ᠤᠨ ᠶᠠᠪᠠᠭᠠᠨ ᠬᠥᠮᠦᠨ ᠥᠩᠭᠡᠷᠡᠬᠦ ᠵᠠᠮ ᠬᠥᠭᠦᠷᠭᠡ ᠵᠡᠷᠭᠡ | ᠲᠠᠭᠠᠯᠳᠠ ᠲᠥᠬᠦᠭᠡᠷᠦᠮᠵᠢ ᠶᠢ ᠴᠡᠪᠡᠷᠯᠡᠬᠦ ᠨᠢᠭᠡᠴᠢ ᠠᠴᠠ ᠬᠠᠷᠢᠭᠤᠴᠠᠨ᠎ᠠ᠃ | ︵7︶ ᠭᠤᠣᠯ ᠨᠠᠭᠤᠷ ᠵᠢᠴᠢ ᠲᠡᠭᠦᠨ ᠤ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠭᠤᠣᠯ ᠨᠠᠭᠤᠷ ᠤᠨ | ᠬᠠᠮᠢᠶᠠᠷᠤᠯᠲᠠ ᠶᠢᠨ ᠨᠢᠭᠡᠴᠢ ᠠᠴᠠ ᠬᠠᠷᠢᠭᠤᠴᠠᠨ᠎ᠠ᠃ | ᠳᠡᠭᠡᠷ᠎ᠡ ᠳᠤᠷᠠᠳᠤᠭᠰᠠᠨ ᠲᠣᠭᠲᠠᠭᠠᠯ ᠶᠣᠰᠣᠭᠠᠷ ᠬᠠᠮᠢᠶᠠᠷᠤᠯᠲᠠ ᠶᠢᠨ ᠬᠠᠷᠢᠭᠤᠴᠠᠯᠭ᠎ᠠ ᠲᠠᠢ ᠬᠥᠮᠦᠨ ᠢ | ᠲᠣᠭᠲᠠᠭᠠᠬᠤ ᠶᠢᠨ ᠠᠷᠭ᠎ᠠ ᠦᠭᠡᠢ ᠪᠠᠶᠢᠪᠠᠯ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠠᠴᠠ ᠬᠠᠮᠢᠶᠠᠷᠤᠯᠲᠠ ᠶᠢᠨ ᠬᠠᠷᠢᠭᠤᠴᠠᠯᠭᠠᠲᠠᠨ ᠢ ᠲᠣᠭᠲᠠᠭᠠᠨ᠎ᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠨᠢ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠲᠠᠯᠪᠢᠬᠤ ᠬᠠᠮᠢᠶᠠᠷᠤᠯᠲᠠ ᠶᠢᠨ ᠬᠠᠷᠢᠭᠤᠴᠠᠯᠭᠠᠲᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠭᠦᠶᠴᠡᠳᠬᠡᠭᠰᠡᠨ | ᠪᠠᠶᠢᠳᠠᠯ ᠳᠤ ᠬᠢᠨᠠᠯᠲᠠ ᠲᠠᠯᠪᠢᠨ᠎ᠠ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ | 2.ᠲᠥᠷᠥᠯ ᠬᠤᠪᠢᠶᠠᠨ ᠲᠠᠯᠪᠢᠬᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠲᠥᠷᠥᠯ ᠬᠤᠪᠢᠶᠠᠨ ᠲᠠᠯᠪᠢᠬᠤ | ᠬᠠᠮᠢᠶᠠᠷᠤᠯᠲᠠ ᠶᠢᠨ ᠬᠠᠷᠢᠭᠤᠴᠠᠯᠭᠠᠲᠠᠨ ᠨᠢ ᠬᠠᠷᠢᠭᠤᠴᠠᠯᠭᠠᠲᠤ ᠣᠷᠣᠨ ᠪᠦᠰᠡ ᠶᠢᠨ ᠳᠣᠲᠣᠷᠠᠬᠢ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠬᠠᠮᠢᠶᠠᠷᠬᠤ ᠶᠢ ᠬᠠᠷᠢᠭᠤᠴᠠᠨ᠎ᠠ᠃ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠡᠳᠦᠷ ᠲᠤᠲᠤᠮ ᠤᠨ ᠬᠠᠮᠢᠶᠠᠷᠤᠯᠲᠠ ᠶᠢᠨ | ᠲᠦᠷᠢᠮ ᠢ ᠪᠠᠶᠢᠭᠤᠯᠬᠤ ᠶᠢᠨ ᠬᠠᠮᠲᠤ ᠠᠳᠠᠯᠢ ᠪᠤᠰᠤ ᠲᠥᠷᠥᠯ ᠢᠯᠭᠠᠯ ᠤᠨ ᠠᠮᠢᠳᠤᠷᠠᠯ ᠤᠨ ᠬᠤᠭ ᠨᠣᠪᠰᠢ ᠶᠢ | ᠲᠠᠯᠪᠢᠬᠤ ᠴᠠᠭ᠂ ᠭᠠᠵᠠᠷ᠂ ᠠᠷᠭ᠎ᠠ ᠮᠠᠶ᠋ᠢᠭ ᠵᠡᠷᠭᠡ ᠶᠢ ᠵᠠᠷᠯᠠᠨ ᠨᠡᠶᠢᠲᠡᠯᠡᠵᠦ᠂ ᠠᠮᠢᠳᠤᠷᠠᠯ ᠤᠨ ᠬᠤᠭ ᠨᠣᠪᠰᠢ ᠶᠢ ︽ | ᠲᠣᠭᠲᠠᠭᠰᠠᠨ ᠴᠠᠭ ᠲᠣᠭᠲᠠᠭᠰᠠᠨ ᠴᠡᠭ︾ ᠲᠤ ᠲᠠᠯᠪᠢᠬᠤ ᠶᠢ ᠬᠡᠷᠡᠭᠵᠢᠭᠦᠯᠦᠨ᠎ᠡ︔ ᠲᠥᠷᠥᠯ ᠬᠤᠪᠢᠶᠠᠬᠤ ᠪᠠᠷᠢᠮᠵᠢᠶ᠎ᠠ | ᠪᠠ ᠪᠣᠳᠠᠲᠠᠶ ᠬᠡᠷᠡᠭᠴᠡᠭᠡ ᠶᠣᠰᠣᠭᠠᠷ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ | ᠴᠤᠭᠯᠠᠭᠤᠯᠬᠤ ᠴᠡᠭ ᠢ ᠳᠣᠭᠢᠷᠠᠭᠤᠯᠬᠤ ᠶᠢᠨ ᠬᠠᠮᠲᠤ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠰᠠᠪᠠ᠂ | ᠪᠡᠯᠡᠳᠬᠡᠮᠵᠢ ᠨᠢ ᠪᠦᠷᠢᠨ ᠪᠦᠲᠦᠨ᠂ ᠴᠡᠪᠡᠷ ᠲᠡᠭᠰᠢ᠂ ᠦᠵᠡᠮᠵᠢᠲᠡᠶ ᠪᠠᠶᠢᠬᠤ ᠶᠢ ᠪᠠᠲᠤᠯᠠᠵᠤ᠂ ᠡᠪᠳᠡᠷᠡᠵᠦ | ᠬᠠᠭᠤᠴᠢᠷᠠᠭᠰᠠᠨ᠂ ᠭᠬᠢᠷᠲᠦᠭᠰᠡᠨ ᠪᠤᠶᠤ ᠲᠤᠭ᠎ᠠ ᠬᠡᠮᠵᠢᠶ᠎ᠡ ᠨᠢ ᠬᠦᠷᠦᠯᠴᠡᠬᠦ ᠥᠬᠡᠶ ᠪᠣᠯᠤᠭᠰᠠᠨ ᠪᠠᠶᠢᠪᠠᠯ᠂ ᠴᠠᠭ | ᠲᠤᠬᠠᠶ ᠳᠤ ᠨᠢ ᠰᠡᠯᠪᠢᠨ ᠵᠠᠰᠠᠵᠤ᠂ ᠰᠣᠯᠢᠵᠤ᠂ ᠤᠬᠢᠶᠠᠵᠤ ᠴᠡᠪᠡᠷᠯᠡᠬᠦ ᠪᠤᠶᠤ ᠨᠥᠬᠦᠵᠦ ᠪᠠᠶᠢᠭᠤᠯᠤᠨ᠎ᠠ︔ | ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠲᠦᠷᠦ ᠶᠢᠨ ᠪᠤᠳᠤᠯᠭ᠎ᠠ᠂ ᠪᠠᠷᠢᠮᠵᠢᠶ᠎ᠠ ᠵᠡᠷᠭᠡ ᠮᠡᠳᠡᠯᠭᠡ ᠶᠢᠨ | ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ︔ ᠲᠠᠯᠪᠢᠬᠤ ᠦᠶᠯᠡ ᠠᠵᠢᠯᠯᠠᠭ᠎ᠠ ᠶᠢ ᠰᠢᠮᠳᠠᠭᠤᠯᠬᠤ ᠶᠢᠨ ᠬᠠᠮᠲᠤ | ᠵᠢᠷᠤᠮᠵᠢᠭᠤᠯᠵᠤ᠂ ᠲᠥᠷᠥᠯ ᠬᠤᠪᠢᠶᠠᠨ ᠲᠠᠯᠪᠢᠬᠤ ᠱᠠᠭᠠᠷᠳᠠᠯᠭ᠎ᠠ ᠳᠤ ᠨᠡᠶᠢᠴᠡᠬᠦ ᠥᠬᠡᠶ ᠦᠶᠯᠡ ᠠᠵᠢᠯᠯᠠᠭ᠎ᠠ ᠶᠢ | ᠢᠳᠬᠠᠨ ᠵᠣᠭᠰᠣᠭᠠᠵᠤ᠂ ᠨᠠᠷᠢᠯᠢᠭ ᠣᠨᠣᠴᠠᠲᠠᠶ ᠪᠠᠷ ᠲᠠᠯᠪᠢᠬᠤ ᠶᠢ ᠪᠣᠳᠠᠲᠠᠶᠢᠵᠢᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ | ︵ᠲᠥᠷᠪᠡ︶ ᠴᠤᠭᠯᠠᠭᠤᠯᠬᠤ ᠪᠡᠯᠡᠳᠬᠡᠮᠵᠢ ᠶᠢ ᠪᠥᠷᠢᠨᠰᠢᠬᠦᠯᠥᠨ᠎ᠡ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠰᠠᠪᠠ ᠪᠠᠶᠢᠷᠢᠯᠠᠭᠤᠯᠬᠤ ᠶᠢ | ᠲᠡᠭᠦᠯᠳᠡᠷᠵᠢᠭᠦᠯᠦᠨ᠎ᠡ᠃ ᠣᠷᠣᠨ ᠰᠠᠭᠤᠴᠠ ᠶᠢᠨ ᠵᠢᠵᠢᠭ ᠲᠣᠭᠤᠷᠢᠭ᠂ ᠪᠠᠶᠢᠭᠤᠯᠭ᠎ᠠ ᠨᠢᠭᠡᠴᠢ᠂ ᠣᠯᠠᠨ ᠨᠡᠶᠢᠲᠡ ᠶᠢᠨ | ᠲᠠᠯᠠᠪᠤᠷ ᠨᠢ ᠲᠣᠭᠲᠠᠭᠠᠯ ᠶᠣᠰᠣᠭᠠᠷ᠂ ︽ᠡᠭᠡᠭᠦᠯᠦᠨ ᠬᠤᠷᠢᠶᠠᠵᠤ ᠪᠣᠯᠬᠤ ᠪᠣᠳᠠᠰ᠂ ᠲᠣᠭᠤᠭᠠᠨ ᠬᠡᠷ ᠤᠨ ᠬᠤᠭ | ᠨᠣᠪᠰᠢ᠂ ᠪᠤᠰᠤᠳ ᠬᠤᠭ ᠨᠣᠪᠰᠢ︾ ᠪᠠᠷ ᠭᠤᠤᠯᠳᠠᠯᠭ᠎ᠠ ᠪᠣᠯᠭᠠᠵᠤ᠂ ᠨᠢᠭᠡᠳᠦᠯᠲᠡᠶ ᠵᠢᠷᠤᠮᠵᠢᠭᠰᠠᠨ ᠲᠡᠮᠳᠡᠭ ᠲᠠᠢ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠪᠡᠯᠡᠳᠬᠡᠮᠵᠢ ᠶᠢ ᠲᠣᠬᠢᠷᠠᠭᠤᠯᠤᠨ᠎ᠠ | ᠃ ᠠᠳᠠᠯᠢ ᠪᠤᠰᠤ ᠬᠤᠭ ᠨᠣᠪᠰᠢ ᠶᠢᠨ ᠣᠨᠴᠠᠯᠢᠭ ᠪᠠ ᠠᠮᠢᠳᠤᠷᠠᠯ ᠤᠨ ᠬᠤᠭ ᠨᠣᠪᠰᠢ ᠶᠢᠨ ᠭᠠᠷᠬᠤ ᠬᠡᠮᠵᠢᠶ᠎ᠡ ᠶᠢ | ᠦᠨᠳᠦᠰᠦᠯᠡᠨ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠶᠢ ᠵᠦᠶ ᠵᠣᠬᠢᠰᠲᠠᠶ | ᠪᠠᠶᠢᠷᠢᠰᠢᠭᠤᠯᠵᠤ᠂ ᠵᠢᠱᠢᠶ᠎ᠡ ᠦᠵᠡᠭᠦᠯᠬᠦ ᠬᠡᠰᠡᠭ ᠲᠣᠭᠤᠷᠢᠭ ᠲᠤ ᠬᠤᠭ ᠨᠣᠪᠰᠢ ᠶᠢᠨ ᠬᠠᠶᠢᠷᠴᠠᠭ ᠢ ᠠᠯᠬᠤᠮ | ᠠᠯᠬᠤᠮ ᠢᠶᠠᠷ ᠪᠠᠶᠢᠭᠤᠯᠤᠨ᠎ᠠ᠃ ᠬᠥᠨᠥᠭᠡᠯ ᠲᠠᠢ ᠬᠤᠭ ᠨᠣᠪᠰᠢ ᠶᠢ ᠠᠶᠤᠯᠭᠦᠶ᠂ ᠲᠥᠬᠦᠮ ᠪᠠᠶᠢᠯᠭᠠᠬᠤ ᠵᠠᠷᠴᠢᠮ ᠤᠨ | ᠶᠣᠰᠣᠭᠠᠷ ᠲᠥᠪᠯᠡᠷᠡᠭᠦᠯᠦᠨ ᠬᠠᠳᠠᠭᠠᠯᠠᠬᠤ ᠪᠡᠶ᠎ᠡ ᠪᠠᠨ ᠳᠠᠭᠠᠭᠠᠭᠰᠠᠨ ᠲᠠᠯᠠᠪᠤᠷ ᠭᠠᠵᠠᠷ ᠭᠠᠷᠭᠠᠨ᠎ᠠ᠃ | ︵1︶ ᠣᠷᠣᠨ ᠰᠠᠭᠤᠴᠠ ᠶᠢᠨ ᠵᠢᠵᠢᠭ ᠲᠣᠭᠤᠷᠢᠭ᠄ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠪᠣᠳᠠᠲᠤ | ᠪᠠᠶᠢᠳᠠᠯ ᠢ ᠦᠨᠳᠦᠰᠦᠯᠡᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ | ᠰᠠᠪᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠵᠤ᠂ ᠬᠤᠷᠢᠶᠠᠨ ᠴᠤᠭᠯᠠᠭᠤᠯᠬᠤ ᠰᠠᠪᠠ ᠶᠢ | ᠪᠠᠶᠢᠷᠢᠯᠠᠭᠤᠯᠬᠤ ᠳᠠᠭᠠᠨ ᠳᠥᠷᠪᠡᠨ ᠲᠥᠷᠥᠯ ᠬᠤᠪᠢᠶᠠᠭᠰᠠᠨ ᠬᠤᠭ ᠨᠣᠪᠰᠢ ᠲᠠᠯᠪᠢᠬᠤ ᠬᠡᠷᠡᠭᠴᠡᠭᠡ ᠳᠤ | ᠨᠡᠶᠢᠴᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠢᠵᠢ ᠪᠥᠷᠢᠳᠦᠭᠦᠯᠬᠦ ᠪᠡᠯᠡᠳᠬᠡᠮᠵᠢ ᠶᠢ | ᠰᠢᠨ᠎ᠡ ᠪᠠᠷ ᠪᠠᠶᠢᠭᠤᠯᠬᠤ ᠵᠢᠵᠢᠭ ᠲᠣᠭᠤᠷᠢᠭ ᠪᠠ ᠣᠷᠣᠨ ᠪᠦᠰᠡ ᠯᠦᠭᠡ ᠵᠡᠷᠭᠡ ᠳᠤ ᠨᠢ ᠲᠥᠯᠥᠪᠵᠢᠭᠦᠯᠵᠦ᠂ | ᠵᠡᠷᠭᠡ ᠳᠤ ᠨᠢ ᠪᠥᠲᠥᠭᠡᠨ ᠪᠠᠶᠢᠭᠤᠯᠵᠤ᠂ ᠵᠡᠷᠭᠡ ᠳᠤ ᠨᠢ ᠬᠡᠷᠡᠭᠯᠡᠵᠦ᠂ ᠬᠠᠭᠤᠴᠢᠨ ᠵᠢᠵᠢᠭ ᠲᠣᠭᠤᠷᠢᠭ ᠶᠢ | ᠥᠭᠡᠷᠡᠴᠢᠯᠡᠬᠦ ᠶᠠᠪᠤᠴᠠ ᠳᠤ᠂ ᠬᠤᠭ ᠨᠣᠪᠰᠢ ᠶᠢ ᠲᠥᠷᠥᠯ ᠬᠤᠪᠢᠶᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠬᠤᠷᠢᠶᠠᠨ ᠴᠤᠭᠯᠠᠭᠤᠯᠬᠤ ᠪᠡᠯᠡᠳᠬᠡᠮᠵᠢ ᠶᠢ ᠵᠡᠷᠭᠡ ᠳᠤ ᠨᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃ | ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠬᠤᠭ ᠨᠣᠪᠰᠢ ᠶᠢᠨ ᠬᠠᠶᠢᠷᠴᠠᠭ ᠪᠤᠶᠤ ᠬᠤᠭ ᠨᠣᠪᠰᠢ ᠶᠢ | ᠳᠠᠷᠤᠰᠢᠭᠤᠯᠬᠤ ᠥᠷᠲᠡᠭᠡ ᠪᠠᠶᠢᠭᠤᠯᠬᠤ ᠳᠤ ᠳᠥᠷᠪᠡᠨ ᠲᠥᠷᠥᠯ ᠤᠨ ᠬᠤᠭ ᠨᠣᠪᠰᠢ ᠬᠤᠷᠢᠶᠠᠨ ᠴᠤᠭᠯᠠᠭᠤᠯᠬᠤ | ᠰᠠᠪᠠ ᠶᠢ ᠪᠦᠷᠢᠯᠳᠦᠭᠦᠯᠦᠨ ᠪᠠᠶᠢᠷᠢᠯᠠᠭᠤᠯᠵᠤ᠂ ᠨᠥᠬᠦᠴᠡᠯ ᠲᠠᠢ ᠪᠣᠯ ᠬᠤᠷᠢᠶᠠᠨ ᠴᠤᠭᠯᠠᠭᠤᠯᠵᠤ ᠪᠣᠯᠬᠤ ᠪᠣᠳᠠᠰ ᠢ | ᠬᠤᠷᠢᠶᠠᠨ ᠴᠤᠭᠯᠠᠭᠤᠯᠬᠤ ᠰᠠᠪᠠ ᠶᠢ ᠨᠠᠷᠢᠯᠢᠬᠵᠢᠭᠤᠯᠤᠨ ᠪᠠᠶᠢᠷᠢᠯᠠᠭᠤᠯᠬᠤ ᠪᠤᠶᠤ ᠬᠤᠷᠢᠶᠠᠨ ᠴᠤᠭᠯᠠᠭᠤᠯᠵᠤ ᠪᠣᠯᠬᠤ | ᠪᠣᠳᠠᠰ ᠢ ᠪᠣᠭᠤᠳᠠᠯᠯᠠᠬᠤ ᠲᠥᠬᠦᠭᠡᠷᠦᠮᠵᠢ ᠶᠢ ᠳᠣᠭᠢᠷᠠᠭᠤᠯᠵᠤ ᠪᠣᠯᠤᠨ᠎ᠠ᠃ | ︵2︶ ᠪᠠᠶᠢᠭᠤᠯᠭ᠎ᠠ ᠨᠢᠭᠡᠴᠢ᠄ ᠠᠯᠪᠠᠯᠠᠬᠤ ᠪᠠ ᠡᠵᠡᠩᠨᠡᠬᠦ ᠲᠠᠯᠠᠪᠤᠷ ᠲᠤ ᠬᠥᠨᠥᠭᠡᠯᠲᠡᠶ ᠬᠤᠭ ᠨᠣᠪᠰᠢ᠂ ᠪᠤᠰᠤᠳ | ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠵᠢᠴᠢ ᠬᠤᠷᠢᠶᠠᠨ ᠴᠤᠭᠯᠠᠭᠤᠯᠵᠤ ᠪᠣᠯᠬᠤ ᠪᠣᠳᠠᠰ ᠢ ᠬᠤᠷᠢᠶᠠᠨ | ᠴᠤᠭᠯᠠᠭᠤᠯᠬᠤ ᠰᠠᠪᠠ ᠪᠤᠶᠤ ᠲᠠᠯᠪᠢᠬᠤ ᠴᠡᠭ ᠭᠠᠷᠭᠠᠨ᠎ᠠ᠃ ᠬᠤᠭᠤᠯᠠᠨ ᠭᠡᠷ ᠲᠠᠢ ᠪᠤᠶᠤ ᠬᠤᠭᠤᠯᠠᠨ ᠭᠡᠷ ᠦᠭᠡᠢ | ᠪᠣᠯᠪᠠᠴᠤ ᠲᠥᠪᠯᠡᠷᠡᠭᠦᠯᠦᠨ ᠬᠤᠭᠤᠯᠠ ᠬᠠᠩᠭᠠᠬᠤ ᠨᠢᠭᠡᠴᠢ ᠨᠦᠭᠦᠳ ᠢᠳᠡᠭᠡᠨ ᠪᠣᠯᠪᠠᠰᠤᠷᠠᠭᠤᠯᠬᠤ ᠵᠢᠴᠢ ᠬᠤᠭᠤᠯᠠ | ᠢᠳᠡᠬᠦ ᠭᠠᠵᠠᠷ ᠣᠷᠣᠨ ᠳᠤ ᠬᠤᠭᠤᠯᠠᠨ ᠭᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ | ᠲᠣᠬᠢᠷᠠᠭᠤᠯᠤᠨ᠎ᠠ᠃ ᠨᠢᠭᠡᠴᠢ ᠠᠴᠠ ᠬᠤᠭ ᠨᠣᠪᠰᠢ ᠶᠢᠨ ᠬᠠᠶᠢᠷᠴᠠᠭ ᠲᠣᠬᠢᠷᠠᠭᠤᠯᠤᠭᠰᠠᠨ ᠪᠠᠶᠢᠪᠠᠯ᠂ ᠬᠥᠨᠥᠭᠡᠯᠲᠡᠶ | ᠬᠤᠭ ᠨᠣᠪᠰᠢ᠂ ᠡᠭᠡᠭᠦᠯᠦᠨ ᠬᠤᠷᠢᠶᠠᠵᠤ ᠪᠣᠯᠬᠤ ᠪᠣᠳᠠᠰ᠂ ᠪᠤᠰᠤᠳ ᠬᠤᠭ ᠨᠣᠪᠰᠢ ᠶᠢ ᠬᠤᠷᠢᠶᠠᠨ ᠴᠤᠭᠯᠠᠭᠤᠯᠬᠤ | ᠰᠠᠪᠠ ᠶᠢ ᠪᠦᠷᠢᠯᠳᠦᠭᠦᠯᠦᠨ ᠪᠠᠶᠢᠷᠢᠯᠠᠭᠤᠯᠤᠨ᠎ᠠ︔ ᠲᠣᠭᠤᠭᠠᠨ ᠭᠡᠷ ᠤᠨ ᠬᠤᠭ ᠨᠣᠪᠰᠢ ᠭᠠᠷᠤᠭᠰᠠᠨ ᠪᠠᠶᠢᠪᠠᠯ᠂ | ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠲᠣᠬᠢᠷᠠᠭᠤᠯᠤᠨ᠎ᠠ᠃ | ︵3︶ ᠤᠯᠠᠨ ᠨᠡᠶᠢᠲᠡ ᠶᠢᠨ ᠲᠠᠯᠠᠪᠤᠷ᠄ ᠵᠠᠮ᠂ ᠠᠭᠤᠳᠠᠮ ᠲᠠᠯᠠᠪᠠᠢ᠂ ᠴᠡᠴᠡᠷᠯᠢᠭ᠂ ᠤᠯᠠᠨ ᠨᠡᠶᠢᠲᠡ ᠶᠢᠨ ᠵᠦᠯᠬᠡᠲᠦ | ᠭᠠᠵᠠᠷ᠂ ᠨᠢᠰᠬᠡᠯ ᠤᠨ ᠪᠠᠭᠤᠳᠠᠯ᠂ ᠠᠶᠠᠨᠴᠢᠳ ᠤᠨ ᠲᠡᠭᠡᠭᠡᠪᠦᠷᠢ ᠶᠢᠨ ᠦᠷᠳᠡᠭᠡ ᠵᠢᠴᠢ ᠵᠢᠭᠤᠯᠴᠢᠯᠠᠯ᠂ ᠰᠣᠶᠣᠯ᠂ | ᠪᠡᠶ᠎ᠡ ᠶᠢᠨ ᠲᠠᠮᠢᠷ᠂ ᠵᠤᠭ᠎ᠠ ᠴᠡᠩᠭᠡᠯ᠂ ᠬᠤᠳᠠᠯᠳᠤᠭ᠎ᠠ ᠵᠡᠷᠭᠡ ᠤᠯᠠᠨ ᠨᠡᠶᠢᠲᠡ ᠶᠢᠨ ᠲᠠᠯᠠᠪᠤᠷ ᠲᠤ ᠬᠤᠷᠢᠶᠠᠨ ᠠᠪᠴᠤ | ᠪᠣᠯᠬᠤ ᠪᠣᠳᠠᠰ ᠵᠢᠴᠢ ᠪᠤᠰᠤᠳ ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠲᠣᠬᠢᠷᠠᠭᠤᠯᠤᠨ᠎ᠠ᠃ ᠲᠣᠭᠤᠭᠠᠨ | ᠭᠡᠷ ᠤᠨ ᠬᠤᠭ ᠨᠣᠪᠰᠢ ᠭᠠᠷᠭᠠᠬᠤ ᠬᠡᠮᠵᠢᠶ᠎ᠡ ᠪᠠᠷ ᠨᠡᠯᠢᠶᠡᠳ ᠠᠷᠪᠢᠨ ᠤᠯᠠᠨ ᠨᠡᠶᠢᠲᠡ ᠶᠢᠨ ᠲᠠᠯᠠᠪᠤᠷ ᠲᠤ ᠲᠣᠭᠤᠭᠠᠨ | ᠭᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠶᠢ ᠨᠡᠮᠡᠵᠦ ᠲᠣᠬᠢᠷᠠᠭᠤᠯᠬᠤ ᠬᠡᠷᠡᠭᠲᠡᠶ᠃ ᠲᠦᠷ | ᠴᠠᠭ ᠤᠨ ᠲᠤᠮᠤ ᠬᠡᠯᠪᠡᠷᠢ ᠶᠢᠨ ᠠᠵᠢᠯᠯᠠᠭ᠎ᠠ ᠶᠢᠨ ᠲᠠᠯᠠᠪᠤᠷ ᠭᠠᠵᠠᠷ ᠲᠤ ᠠᠵᠢᠯᠯᠠᠭ᠎ᠠ ᠶᠢᠨ ᠲᠤᠬᠢᠷᠠᠭᠤᠯᠤᠯᠲᠠ ᠵᠢᠴᠢ | ᠦᠢᠯᠡᠴᠢᠯᠡᠭᠡᠨ ᠤ ᠠᠭᠤᠯᠭ᠎ᠠ ᠶᠢ ᠦᠨᠳᠦᠰᠦᠯᠡᠨ᠂ ᠠᠵᠢᠯᠯᠠᠭ᠎ᠠ ᠶᠢᠨ ᠬᠤᠭᠤᠴᠠᠭᠠᠨ ᠳᠤ ᠲᠦᠷᠦᠯ ᠬᠤᠪᠢᠶᠠᠨ | ᠴᠤᠭᠯᠠᠭᠤᠯᠬᠤ ᠰᠠᠪᠠ ᠲᠣᠬᠢᠷᠠᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ | ︵ᠲᠠᠪᠤ︶ ᠲᠡᠭᠡᠭᠡᠪᠦᠷᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ | 1. ᠲᠥᠷᠥᠯ ᠬᠤᠪᠢᠶᠠᠨ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠲᠤᠷᠰᠢᠯᠲᠠ ᠶᠢᠨ ᠭᠠᠵᠠᠷ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠵᠤ᠂ ᠲᠣᠭᠤᠭᠠᠨ ᠬᠡᠷ ᠤᠨ ᠬᠤᠭ ᠨᠣᠪᠰᠢ᠂ | ᠬᠥᠨᠥᠭᠡᠯᠲᠡᠶ ᠬᠤᠭ ᠨᠣᠪᠰᠢ᠂ ᠡᠭᠡᠭᠦᠯᠦᠨ ᠬᠤᠷᠢᠶᠠᠵᠤ ᠪᠣᠯᠬᠤ ᠪᠣᠳᠠᠰ᠂ ᠪᠤᠰᠤᠳ ᠬᠤᠭ ᠨᠣᠪᠰᠢ ᠶᠢᠨ ᠭᠠᠷᠬᠤ | ᠬᠡᠮᠵᠢᠶ᠎ᠡ ᠶᠢᠨ ᠶᠣᠰᠣᠭᠠᠷ᠂ ᠲᠥᠷᠥᠯ ᠬᠤᠪᠢᠶᠠᠨ ᠲᠡᠭᠡᠭᠡᠪᠦᠷᠢᠯᠡᠬᠦ ᠥᠷᠲᠡᠭᠡ᠂ ᠳᠠᠪᠲᠠᠮᠵᠢ ᠤᠳᠠᠭ᠎ᠠ᠂ ᠴᠠᠭ | ᠬᠤᠭᠤᠴᠠᠭ᠎ᠠ ᠪᠠ ᠵᠠᠮ ᠱᠤᠭᠤᠮ ᠢ ᠵᠦᠶ ᠵᠣᠬᠢᠰᠲᠠᠶ ᠲᠣᠭᠲᠠᠭᠠᠵᠤ᠂ ᠲᠤᠰᠬᠠᠶ ᠲᠥᠷᠥᠯ ᠬᠤᠪᠢᠶᠠᠨ ᠲᠡᠭᠡᠭᠡᠪᠦᠷᠢᠯᠡᠬᠦ | ᠲᠡᠷᠭᠡ ᠬᠥᠰᠬᠡ ᠶᠢ ᠭᠦᠶᠴᠡᠳ ᠳᠣᠭᠢᠷᠠᠭᠤᠯᠬᠤ ᠶᠢᠨ ᠬᠠᠮᠲᠤ ᠳᠠᠭᠠᠭᠠᠴᠢᠯᠠᠨ ᠲᠡᠭᠡᠭᠡᠪᠦᠷᠢᠯᠡᠬᠦ ᠠᠮᠢᠳᠤᠷᠠᠯ ᠤᠨ ᠬᠤᠭ | ᠨᠣᠪᠰᠢ ᠶᠢᠨ ᠲᠥᠷᠥᠯ ᠵᠦᠶᠯ ᠢ ᠲᠣᠳᠤᠷᠬᠠᠶᠢᠯᠠᠨ᠎ᠠ᠃ ᠬᠠᠷᠢᠭᠤᠴᠠᠯᠭᠠᠲᠤ ᠨᠢᠭᠡᠴᠢ ᠬᠢᠭᠡᠳ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠠᠮᠢᠳᠤᠷᠠᠯ ᠤᠨ ᠬᠤᠭ | ᠨᠣᠪᠰᠢ ᠶᠢ ︽ᠤᠷᠢᠳᠠᠪᠠᠷ ᠬᠤᠪᠢᠶᠠᠵᠤ ᠳᠠᠷᠠᠭ᠎ᠠ ᠨᠢ ᠬᠤᠯᠢᠯᠳᠤᠭᠤᠯᠬᠤ᠂ ᠬᠤᠯᠢᠯᠳᠤᠭᠤᠯᠤᠨ ᠰᠠᠪᠠᠯᠠᠵᠤ | ᠬᠤᠯᠢᠯᠳᠤᠭᠤᠯᠤᠨ ᠲᠡᠭᠡᠭᠡᠪᠦᠷᠢᠯᠡᠬᠦ︾ ᠶᠢ ᠰᠡᠷᠭᠡᠶᠢᠯᠡᠨ᠎ᠡ᠃ ︽ᠲᠡᠷᠭᠡᠨ ᠳᠤ ᠰᠠᠭᠤᠯᠭ᠎ᠠ ᠲᠡᠭᠡᠭᠡᠵᠦ᠂ ᠰᠠᠭᠤᠯᠠᠭ᠎ᠠ | ᠰᠣᠯᠢᠵᠤ ᠰᠢᠭᠤᠳ ᠲᠡᠭᠡᠭᠡᠪᠦᠷᠢᠯᠡᠬᠦ︾ ᠵᠡᠷᠭᠡ ᠨᠢᠭᠲᠠ ᠪᠢᠲᠡᠭᠦᠮᠵᠢᠯᠡᠭᠰᠡᠨ᠂ ᠥᠨᠳᠥᠷ ᠦᠷ᠎ᠡ ᠠᠰᠢᠭ ᠲᠠᠢ ᠬᠤᠭ | ᠨᠣᠪᠰᠢ ᠲᠡᠭᠡᠭᠡᠪᠦᠷᠢᠯᠡᠬᠦ ᠰᠢᠰᠲ᠋ᠧᠮ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠲᠡᠷᠭᠡᠨ ᠳᠤ ᠠᠴᠢᠵᠤ ᠲᠡᠭᠡᠭᠡᠪᠦᠷᠢᠯᠡᠬᠦ | ᠶᠠᠪᠤᠴᠠ ᠳᠠᠬᠢ ︽ᠠᠰᠬᠠᠵᠤ ᠭᠤᠭᠤᠵᠢᠭᠤᠯᠬᠤ︾ ᠶᠢ ᠪᠠᠭᠠᠰᠬᠠᠨ᠎ᠠ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ | 2.ᠲᠥᠷᠥᠯ ᠬᠤᠪᠢᠶᠠᠨ ᠰᠢᠯᠵᠢᠭᠦᠯᠦᠨ ᠲᠡᠭᠡᠭᠡᠪᠦᠷᠢᠯᠡᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠨ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ︵ᠴᠡᠭ︶ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠲᠣ ᠶᠢᠨ ᠪᠠᠶᠢᠭ᠎ᠠ ᠠᠮᠢᠳᠤᠷᠠᠯ ᠤᠨ ᠬᠤᠭ | ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ︵ᠴᠡᠭ︶ ᠶᠢ ᠲᠠᠰ ᠳᠡᠪᠰᠢᠭᠦᠯᠦᠨ ᠥᠭᠡᠷᠡᠴᠢᠯᠡᠵᠦ᠂ | ᠨᠥᠬᠦᠴᠡᠯ ᠲᠠᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠨᠢ ᠥᠷᠲᠡᠭᠡ ᠶᠢᠨ ᠳᠣᠲᠣᠷ᠎ᠠ ᠬᠥᠨᠥᠭᠡᠯᠲᠡᠶ ᠬᠤᠭ | ᠨᠣᠪᠰᠢ ᠶᠢ ᠲᠦᠷ ᠬᠠᠳᠠᠭᠠᠯᠠᠬᠤ ᠴᠡᠭ ᠪᠠ ᠡᠭᠡᠭᠦᠯᠦᠨ ᠬᠤᠷᠢᠶᠠᠵᠤ ᠪᠣᠯᠬᠤ ᠪᠣᠳᠠᠰ ᠢ ᠢᠯᠭᠠᠬᠤ ᠲᠠᠪᠴᠠᠩ ᠨᠡᠮᠡᠨ | ᠲᠣᠬᠢᠷᠠᠭᠤᠯᠵᠤ᠂ ᠡᠭᠡᠭᠦᠯᠦᠨ ᠬᠤᠷᠢᠶᠠᠵᠤ ᠪᠣᠯᠬᠤ ᠪᠣᠳᠠᠰ ᠪᠠ ᠡᠯ᠎ᠡ ᠲᠥᠷᠥᠯ ᠤᠨ ᠪᠤᠰᠤᠳ ᠬᠤᠭ ᠨᠣᠪᠰᠢ ᠶᠢ | ᠲᠥᠷᠥᠯ ᠬᠤᠪᠢᠶᠠᠨ ᠬᠡᠮᠵᠢᠬᠦ᠂ ᠲᠥᠷᠥᠯ ᠬᠤᠪᠢᠶᠠᠨ ᠳᠠᠮᠵᠢᠭᠤᠯᠬᠤ ᠵᠡᠷᠭᠡ ᠴᠢᠳᠠᠮᠵᠢ ᠶᠢ ᠪᠡᠶᠡᠯᠡᠭᠦᠯᠦᠨ᠎ᠡ᠃ ᠵᠢᠱᠢᠶ᠎ᠡ | ᠦᠵᠡᠭᠦᠯᠬᠦ ᠬᠡᠰᠡᠭ ᠤᠨ ᠣᠷᠣᠨ ᠪᠦᠰᠡ ᠳᠤ ᠡᠭᠡᠭᠦᠯᠦᠨ ᠬᠤᠷᠢᠶᠠᠵᠤ ᠪᠣᠯᠬᠤ ᠪᠣᠳᠠᠰ ᠢ ᠲᠦᠷ ᠴᠠᠭ ᠬᠠᠳᠠᠭᠠᠯᠠᠬᠤ | ᠴᠡᠭ ᠢ ᠪᠠᠶᠢᠷᠢᠯᠠᠭᠤᠯᠵᠤ᠂ ᠲᠣᠭᠤᠭᠠᠨ ᠬᠡᠷ ᠤᠨ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠲᠤᠰᠬᠠᠶ | ᠲᠥᠬᠦᠭᠡᠷᠦᠮᠵᠢ ᠶᠢ ᠳᠣᠭᠢᠷᠠᠭᠤᠯᠤᠨ᠂ ᠬᠥᠨᠥᠭᠡᠯᠲᠡᠶ ᠬᠤᠭ ᠨᠣᠪᠰᠢ ᠶᠢ ᠬᠤᠷᠢᠶᠠᠨ ᠴᠤᠭᠯᠠᠭᠤᠯᠵᠤ ᠲᠦᠷ ᠬᠠᠳᠠᠭᠠᠯᠠᠬᠤ | ᠴᠡᠭ ᠢ ᠳᠣᠭᠢᠷᠠᠭᠤᠯᠬᠤ ᠶᠢᠨ ᠬᠠᠮᠲᠤ ᠬᠥᠨᠥᠭᠡᠯᠲᠡᠶ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠶᠠᠪᠤᠴᠠ ᠳᠠᠬᠢ | ᠪᠣᠬᠢᠷᠲᠤᠯ ᠢ ᠬᠢᠵᠠᠭᠠᠷᠯᠠᠬᠤ ᠶᠢ ᠴᠢᠩᠭᠠᠳᠬᠠᠨ᠎ᠠ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ | 3. ᠲᠥᠷᠥᠯ ᠬᠤᠪᠢᠶᠠᠨ ᠲᠡᠭᠡᠭᠡᠪᠦᠷᠢᠯᠡᠵᠦ ᠰᠢᠶᠳᠪᠦᠷᠢᠯᠡᠬᠦ ᠶᠢ ᠵᠢᠷᠤᠮᠵᠢᠭᠤᠯᠤᠨ᠎ᠠ᠃ ᠲᠦᠷᠦᠯ ᠬᠤᠪᠢᠶᠠᠭᠰᠠᠨ ᠤ | ᠳᠠᠷᠠᠭᠠᠬᠢ ᠡᠯ᠎ᠡ ᠲᠦᠷᠦᠯ ᠤᠨ ᠠᠮᠢᠳᠤᠷᠠᠯ ᠤᠨ ᠬᠤᠭ ᠨᠣᠪᠰᠢ ᠶᠢ ᠡᠷᠬᠡᠪᠰᠢ ᠲᠦᠷᠦᠯ ᠬᠤᠪᠢᠶᠠᠨ ᠲᠡᠭᠡᠭᠡᠪᠦᠷᠢᠯᠡᠬᠦ ᠶᠢ | ᠬᠡᠷᠡᠭᠵᠢᠭᠦᠯᠦᠨ᠎ᠡ᠃ | ︵1︶ ᠡᠭᠡᠭᠦᠯᠦᠨ ᠬᠤᠷᠢᠶᠠᠵᠤ ᠪᠣᠯᠬᠤ ᠪᠣᠳᠠᠰ᠃ ᠰᠠᠭᠤᠭᠠᠯᠢ ᠠᠷᠠᠳ ᠤᠨ ᠵᠢᠵᠢᠭ ᠲᠣᠭᠤᠷᠢᠭ᠂ ᠨᠢᠭᠡᠴᠢ ᠶᠢᠨ | ᠡᠭᠡᠭᠦᠯᠦᠨ ᠬᠤᠷᠢᠶᠠᠵᠤ ᠪᠣᠯᠬᠤ ᠪᠣᠳᠠᠰ ᠤᠨ ᠪᠣᠶ ᠪᠣᠯᠤᠭᠰᠠᠨ ᠪᠠᠶᠢᠳᠠᠯ ᠢ ᠦᠨᠳᠦᠰᠦᠯᠡᠨ᠂ ᠤᠷᠢᠳᠴᠢᠯᠠᠨ ᠪᠣᠯᠵᠣᠬᠤ | ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠠᠷᠭ᠎ᠠ ᠮᠠᠶ᠋ᠢᠭ ᠢ ᠠᠪᠴᠤ᠂ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠦᠶᠯᠡᠴᠢᠯᠡᠬᠦ ᠠᠵᠤ ᠠᠬᠤᠶᠢᠯᠠᠯ ᠪᠤᠶᠤ ᠣᠷᠴᠢᠨ ᠲᠣᠭᠤᠷᠢᠨ ᠤ ᠠᠷᠢᠭᠤᠨ | ᠴᠡᠪᠡᠷ ᠤᠨ ᠰᠠᠯᠠᠭ᠎ᠠ ᠮᠥᠴᠢᠷ ︵ᠠᠵᠤ ᠠᠬᠤᠶᠢᠯᠠᠯ︶ ᠨᠢ ᠬᠤᠷᠢᠶᠠᠨ ᠲᠡᠭᠡᠭᠡᠪᠦᠷᠢᠯᠡᠭᠰᠡᠨ ᠤ ᠳᠠᠷᠠᠭ᠎ᠠ᠂ ᠳᠠᠬᠢᠯᠲᠠ | ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠤ ᠠᠬᠤᠶᠢᠯᠠᠯ ᠳᠤ ᠲᠤᠰᠢᠶᠠᠵᠤ ᠳᠠᠬᠢᠨ ᠡᠷᠭᠢᠯᠳᠦᠭᠦᠯᠦᠨ | ᠠᠰᠢᠭᠯᠠᠭᠤᠯᠵᠤ ᠪᠣᠯᠤᠨ᠎ᠠ᠃ | ︵2︶ ᠲᠣᠭᠤᠭᠠᠨ ᠭᠡᠷ ᠤᠨ ᠬᠤᠭ ᠨᠣᠪᠰᠢ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ | ︵ᠠᠵᠤ ᠠᠬᠤᠶᠢᠯᠠᠯ︶ ᠠᠴᠠ ᠬᠠᠷᠢᠭᠤᠴᠠᠵᠤ᠂ ᠲᠣᠭᠤᠭᠠᠨ ᠬᠡᠷ ᠤᠨ ᠬᠤᠭ ᠨᠣᠪᠰᠢ ᠶᠢᠨ ᠭᠠᠷᠬᠤ ᠬᠡᠮᠵᠢᠶ᠎ᠡ ᠶᠢᠨ | ᠶᠣᠰᠣᠭᠠᠷ ᠪᠢᠲᠡᠭᠦᠮᠵᠢᠯᠡᠭᠰᠡᠨ ᠲᠤᠰᠬᠠᠶ ᠲᠡᠭᠡᠭᠡᠪᠦᠷᠢ ᠶᠢᠨ ᠲᠡᠷᠭᠡ ᠬᠥᠰᠬᠡ ᠶᠢ ᠭᠦᠶᠴᠡᠳ ᠳᠣᠭᠢᠷᠠᠭᠤᠯᠤᠨ᠂ | ᠬᠤᠷᠢᠶᠠᠵᠤ ᠲᠡᠭᠡᠭᠡᠪᠦᠷᠢᠯᠡᠬᠦ ᠵᠠᠮ ᠱᠤᠭᠤᠮ ᠢ ᠳᠣᠭᠢᠷᠠᠭᠤᠯᠵᠤ᠂ ᠠᠵᠢᠯ ᠤᠨ ᠵᠢᠷᠤᠮᠵᠢᠯ ᠢ ᠴᠢᠩᠭ᠎ᠠ | ᠨᠠᠶᠢᠳᠠᠪᠤᠷᠢᠵᠢᠭᠤᠯᠤᠨ᠂ ᠬᠤᠷᠢᠶᠠᠨ ᠴᠤᠭᠯᠠᠭᠤᠯᠬᠤ ᠴᠡᠭ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠳᠤ | ᠦᠵᠡᠭᠦᠯᠬᠦ ᠨᠥᠯᠥᠭᠡ ᠠᠴᠠ ᠵᠠᠶᠢᠯᠠᠰᠬᠢᠵᠦ᠂ ᠲᠡᠭᠡᠭᠡᠪᠦᠷᠢᠯᠡᠬᠦ ᠶᠠᠪᠤᠴᠠ ᠳᠤ ᠭᠤᠭᠤᠵᠢᠬᠤ᠂ ᠠᠰᠬᠠᠬᠤ ᠪᠠ ᠦᠮᠡᠬᠡᠶ | ᠦᠨᠦᠷ ᠭᠠᠷᠬᠤ ᠠᠴᠠ ᠵᠠᠶᠢᠯᠠᠰᠭᠢᠨ᠎ᠠ᠃ ᠲᠣᠭᠤᠭᠠᠨ ᠭᠡᠷ ᠤᠨ ᠬᠤᠭ ᠨᠣᠪᠰᠢ ᠤᠨ ︽ᠡᠳᠦᠷ ᠤᠨ ᠨᠣᠪᠰᠢ ᠶᠢ | ᠡᠳᠦᠷ ᠲᠤ ᠨᠢ ᠴᠡᠪᠡᠷᠯᠡᠬᠦ︾ ᠶᠢ ᠪᠡᠶᠡᠯᠡᠭᠦᠯᠬᠦ ᠶᠣᠰᠣᠲᠠᠢ᠃ | ︵3︶ ᠬᠤᠣᠷᠲᠠᠢ ᠬᠤᠭ ᠨᠣᠪᠰᠢ᠃ ᠨᠢᠭᠡᠴᠢ᠂ ᠰᠠᠭᠤᠭᠠᠯᠢ ᠠᠷᠠᠳ ᠤᠨ ᠲᠣᠭᠤᠷᠢᠭ ᠠᠴᠠ ᠪᠣᠶ ᠪᠣᠯᠤᠭᠰᠠᠨ | ᠬᠥᠨᠥᠭᠡᠯᠲᠡᠶ ᠬᠤᠭ ᠨᠣᠪᠰᠢ ᠶᠢ ᠨᠡᠶᠢᠭᠡᠮ ᠲᠣᠭᠤᠷᠢᠭ ᠪᠤᠶᠤ ᠨᠢᠭᠡᠴᠢ ᠠᠴᠠ ᠠᠮᠢ ᠠᠬᠤᠶ ᠣᠷᠴᠢᠨ ᠲᠣᠭᠤᠷᠢᠨ ᠤ | ᠰᠠᠯᠠᠭ᠎ᠠ ᠮᠥᠴᠢᠷ ᠤᠨ ᠵᠥᠪᠰᠢᠶᠡᠷᠡᠭᠰᠡᠨ ᠠᠶᠤᠯᠲᠠᠶ ᠬᠠᠶᠠᠭᠳᠠᠮᠠᠯ ᠪᠣᠳᠠᠰ ᠢ ᠬᠤᠷᠢᠶᠠᠨ ᠲᠡᠭᠡᠭᠡᠪᠦᠷᠢᠯᠡᠬᠦ ᠠᠵᠤ | ᠠᠬᠤᠶᠢᠯᠠᠯ ᠯᠤᠭ᠎ᠠ ᠬᠤᠷᠢᠶᠠᠨ ᠲᠡᠭᠡᠭᠡᠪᠦᠷᠢᠯᠡᠬᠦ᠂ ᠰᠢᠶᠳᠪᠦᠷᠢᠯᠡᠬᠦ ᠵᠥᠪᠯᠡᠯᠴᠡᠭᠡᠷ ᠲᠣᠭᠲᠠᠵᠤ᠂ ᠬᠥᠨᠥᠭᠡᠯᠲᠡᠶ ᠬᠤᠭ | ᠨᠣᠪᠰᠢ ᠶᠢᠨ ᠪᠣᠶ ᠪᠣᠯᠤᠭᠰᠠᠨ ᠪᠠᠶᠢᠳᠠᠯ ᠢ ᠦᠨᠳᠦᠰᠦᠯᠡᠨ᠂ ᠠᠵᠤ ᠠᠬᠤᠶᠢᠯᠠᠯ ᠠᠴᠠ ᠲᠤᠰᠬᠠᠶ ᠬᠡᠷᠡᠭᠯᠡᠬᠦ ᠲᠡᠷᠭᠡ | ᠬᠥᠰᠬᠡ ᠶᠢ ᠤᠷᠢᠳᠴᠢᠯᠠᠨ ᠪᠣᠯᠵᠣᠬᠤ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠠᠰᠢᠭᠯᠠᠵᠤ ᠪᠠᠶᠢᠭᠠᠳ ᠲᠥᠷᠥᠯ | ᠬᠤᠪᠢᠶᠠᠨ ᠬᠤᠷᠢᠶᠠᠨ ᠲᠡᠭᠡᠭᠡᠪᠦᠷᠢᠯᠡᠨ᠎ᠡ᠃ | ︵4︶ ᠪᠤᠰᠤᠳ ᠬᠤᠭ ᠨᠣᠪᠰᠢ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠯᠠᠭ᠎ᠠ ᠮᠥᠴᠢᠷ ︵ᠠᠵᠤ | ᠠᠬᠤᠶᠢᠯᠠᠯ︶ ᠠᠴᠠ ᠲᠤᠰᠬᠠᠶ ᠬᠡᠷᠡᠭᠯᠡᠬᠦ ᠲᠡᠷᠭᠡ ᠬᠥᠰᠬᠡ ᠶᠢ ᠬᠡᠷᠡᠭᠯᠡᠨ ᠬᠤᠷᠢᠶᠠᠨ ᠲᠡᠭᠡᠭᠡᠪᠦᠷᠢᠯᠡᠵᠦ᠂ ︽ᠡᠳᠦᠷ ᠤᠨ | ᠨᠣᠪᠰᠢ ᠶᠢ ᠡᠳᠦᠷ ᠲᠤ ᠨᠢ ᠴᠡᠪᠡᠷᠯᠡᠬᠦ︾ ᠶᠢ ᠪᠡᠶᠡᠯᠡᠭᠦᠯᠦᠨ᠎ᠡ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ | ᠦᠶᠯᠡᠴᠢᠯᠡᠭᠡᠨ ᠤ ᠲᠥᠪ᠂ ᠬᠠᠩᠭᠠᠨ ᠪᠣᠷᠣᠯᠠᠭᠤᠯᠬᠤ ᠬᠤᠷᠰᠢᠶ᠎ᠠ | 4. ᠲᠥᠷᠥᠯ ᠬᠤᠪᠢᠶᠠᠨ ᠲᠡᠭᠡᠭᠡᠪᠦᠷᠢᠯᠡᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠨ ᠲᠡᠭᠡᠭᠡᠪᠦᠷᠢᠯᠡᠬᠦ ᠵᠥᠪᠰᠢᠶᠡᠷᠡᠯ ᠢ ᠵᠢᠷᠤᠮᠵᠢᠭᠤᠯᠵᠤ᠂ ᠵᠠᠬ᠎ᠠ ᠳᠡᠯᠭᠡᠭᠦᠷᠴᠢᠯᠡᠭᠰᠡᠨ | ᠲᠥᠷᠥᠯ ᠬᠤᠪᠢᠶᠠᠨ ᠲᠡᠭᠡᠭᠡᠪᠦᠷᠢᠯᠡᠬᠦ ᠦᠶᠯᠡᠴᠢᠯᠡᠭᠡ ᠶᠢ ᠬᠡᠷᠡᠭᠵᠢᠭᠦᠯᠦᠨ᠂ ᠨᠡᠶᠢᠭᠡᠮᠴᠢᠯᠡᠭᠰᠡᠨ᠂ ᠲᠤᠰᠬᠠᠶᠢᠵᠢᠭᠰᠠᠨ | ᠲᠥᠷᠥᠯ ᠬᠤᠪᠢᠶᠠᠨ ᠲᠡᠭᠡᠭᠡᠪᠦᠷᠢᠯᠡᠬᠦ ᠦᠶᠯᠡᠴᠢᠯᠡᠭᠡᠨ ᠤ ᠡᠩᠨᠡᠭᠡ ᠶᠢ ᠠᠯᠬᠤᠮ ᠠᠯᠬᠤᠮ ᠢᠶᠠᠷ ᠪᠤᠵᠠᠭᠠᠶᠢᠷᠠᠭᠤᠯᠵᠤ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠡᠭᠡᠭᠡᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠨᠢᠭᠡᠴᠢ ᠨᠢ ᠲᠥᠷᠥᠯ ᠬᠤᠪᠢᠶᠠᠨ | ᠬᠤᠷᠢᠶᠠᠨ ᠲᠡᠭᠡᠭᠡᠪᠦᠷᠢᠯᠡᠬᠦ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠡᠯ᠎ᠡ ᠲᠥᠷᠥᠯ ᠤᠨ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠶᠢ ᠬᠡᠷᠡᠭᠵᠢᠭᠦᠯᠦᠨ᠂ ᠬᠤᠯᠢᠯᠳᠤᠭᠤᠯᠤᠨ ᠰᠠᠪᠠᠯᠠᠵᠤ | ᠬᠤᠯᠢᠯᠳᠤᠭᠤᠯᠤᠨ ᠲᠡᠭᠡᠭᠡᠪᠦᠷᠢᠯᠡᠬᠦ ᠶᠢ ᠬᠤᠷᠢᠭᠯᠠᠬᠤ ᠶᠢᠨ ᠬᠠᠮᠲᠤ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠱᠠᠭᠠᠷᠳᠠᠯᠭ᠎ᠠ ᠶᠣᠰᠣᠭᠠᠷ᠂ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠦᠭᠰᠡᠨ ᠥᠬᠡᠶ ᠪᠤᠶᠤ ᠲᠥᠷᠥᠯ | ᠬᠤᠪᠢᠶᠠᠬᠤ ᠨᠢ ᠱᠠᠭᠠᠷᠳᠠᠯᠭ᠎ᠠ ᠳᠤ ᠨᠡᠶᠢᠴᠡᠬᠦ ᠥᠬᠡᠶ ᠨᠢᠭᠡᠴᠢ ᠳᠤ ︽ᠲᠥᠷᠥᠯ ᠬᠤᠪᠢᠶᠠᠬᠤ ᠥᠬᠡᠶ᠂ ᠬᠤᠷᠢᠶᠠᠨ | ᠲᠡᠭᠡᠭᠡᠪᠦᠷᠢᠯᠡᠬᠦ ᠥᠬᠡᠶ︾ ᠭᠡᠳᠡᠷᠭᠦ ᠰᠢᠬᠠᠬᠤ ᠲᠣᠭᠲᠠᠴᠠ ᠶᠢ ᠪᠠᠶᠢᠭᠤᠯᠤᠨ᠎ᠠ᠃ ᠬᠢᠨᠠᠯᠲᠠ ᠲᠠᠯᠪᠢᠵᠤ ᠰᠢᠯᠭᠠᠨ | ᠬᠢᠨᠠᠬᠤ ᠶᠢ ᠴᠢᠩᠭᠠᠳᠬᠠᠨ᠂ ᠡᠯ᠎ᠡ ᠲᠥᠷᠥᠯ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ | ᠲᠡᠭᠡᠭᠡᠪᠦᠷᠢᠯᠡᠬᠦ ᠶᠢ ᠵᠢᠷᠤᠮᠵᠢᠭᠤᠯᠤᠨ ᠬᠡᠷᠡᠭᠵᠢᠭᠦᠯᠦᠭᠰᠡᠨ ᠪᠠᠶᠢᠳᠠᠯ ᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ | ᠬᠤᠯᠢᠯᠳᠤᠭᠤᠯᠤᠨ ᠲᠡᠭᠡᠭᠡᠵᠦ ᠬᠤᠯᠢᠯᠳᠤᠭᠤᠯᠤᠨ ᠲᠡᠭᠡᠭᠡᠪᠦᠷᠢᠯᠡᠬᠦ ᠶᠠᠪᠤᠳᠠᠯ ᠭᠠᠷᠭᠠᠭᠰᠠᠨ ᠨᠢᠭᠡᠴᠢ ᠶᠢ ᠪᠠᠶᠢᠴᠠᠭᠠᠨ | ᠰᠢᠢᠳᠪᠦᠷᠢᠯᠡᠨ᠎ᠡ᠃ ᠡᠬᠢ ᠡᠭᠦᠰᠦᠯ ᠠᠴᠠ ᠨᠢ ᠲᠥᠷᠥᠯ ᠬᠤᠪᠢᠶᠠᠭᠰᠠᠨ ᠨᠢ ᠵᠢᠷᠤᠮᠵᠢᠯ ᠥᠬᠡᠶ᠂ ᠭᠥᠯᠢᠶᠡᠨ ᠠᠪᠴᠤ | ᠲᠡᠭᠡᠭᠡᠪᠦᠷᠢᠯᠡᠬᠦ ᠶᠠᠪᠤᠴᠠ ᠳᠤ ᠬᠤᠯᠢᠯᠳᠤᠭᠤᠯᠤᠨ ᠰᠠᠪᠠᠯᠠᠵᠤ ᠬᠤᠯᠢᠯᠳᠤᠭᠤᠯᠤᠨ ᠲᠡᠭᠡᠭᠡᠪᠦᠷᠢᠯᠡᠬᠦ ᠵᠡᠷᠭᠡ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠣᠯᠠᠨ ᠲᠦᠮᠡᠨ ᠢ ᠳᠠᠶᠢᠴᠢᠯᠠᠨ ᠢᠳᠡᠪᠬᠢᠲᠡᠶ ᠪᠠᠷ | ᠢᠯᠡᠴᠢᠯᠡᠨ ᠮᠡᠳᠡᠭᠦᠯᠵᠦ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠴᠢᠩᠭᠠᠳᠬᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠬᠡᠷᠡᠭᠵᠢᠭᠦᠯᠬᠦ ᠨᠢᠭᠡᠴᠢ ᠪᠤᠶᠤ ᠬᠤᠪᠢ ᠬᠥᠮᠦᠨ ᠤ ᠦᠶᠯᠡ ᠠᠵᠢᠯᠯᠠᠭ᠎ᠠ ᠶᠢ | ᠵᠢᠷᠤᠮᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠥᠬᠡᠶ ᠪᠤᠶᠤ ᠣᠯᠠᠨ ᠤᠳᠠᠭ᠎ᠠ | ᠢᠳᠬᠠᠭᠠᠳ ᠥᠯᠥ ᠳᠠᠭᠠᠬᠤ ᠨᠢᠭᠡᠴᠢ ᠪᠠ ᠬᠤᠪᠢ ᠬᠥᠮᠦᠨ ᠳᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠨ᠎ᠠ | ᠃ ᠲᠤᠷᠰᠢᠯᠲᠠ ᠶᠢᠨ ᠭᠠᠵᠠᠷ ᠣᠷᠣᠨ ᠨᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ GPS | ᠤᠭᠰᠠᠷᠠᠬᠤ᠂ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ᠂ ᠮᠠᠰᠢᠨ ᠲᠡᠷᠭᠡᠨ ᠤ ᠰᠦᠯᠵᠢᠶ᠎ᠡ ᠶᠢ ᠳᠡᠯᠭᠡᠷᠡᠭᠦᠯᠬᠦ | ᠵᠡᠷᠭᠡ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠲᠡᠭᠡᠭᠡᠪᠦᠷᠢᠯᠡᠬᠦ ᠲᠡᠷᠭᠡ ᠬᠥᠰᠬᠡ ᠶᠢᠨ ᠠᠵᠢᠯ ᠤᠨ ᠮᠡᠳᠡᠭᠡ ᠵᠠᠩᠭᠢ᠂ ᠠᠶᠠᠯᠠᠨ | ᠶᠠᠪᠤᠬᠤ ᠵᠠᠮ ᠮᠥᠷ ᠢ ᠴᠠᠭ ᠲᠤᠬᠠᠶ ᠳᠤ ᠨᠢ ᠬᠢᠨᠠᠨ ᠡᠵᠡᠮᠳᠡᠵᠦ ᠪᠣᠯᠤᠨ᠎ᠠ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠮᠢ ᠠᠬᠤᠶ | ᠣᠷᠴᠢᠨ ᠲᠣᠭᠤᠷᠢᠨ ᠤ ᠲᠣᠪᠴᠢᠶ᠎ᠠ | ︵ᠵᠢᠷᠭᠤᠭ᠎ᠠ︶ ᠰᠢᠶᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ | 1. ᠲᠥᠷᠥᠯ ᠬᠤᠪᠢᠶᠠᠨ ᠰᠢᠶᠳᠪᠦᠷᠢᠯᠡᠬᠦ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ᠃ | ᠬᠠᠷᠢᠶᠠᠲᠤ ᠣᠷᠣᠨ ᠤ ᠬᠥᠮᠦᠨ ᠠᠮᠠ ᠶᠢᠨ ᠲᠤᠭ᠎ᠠ᠂ ᠬᠤᠭ ᠨᠣᠪᠰᠢ ᠶᠢᠨ ᠭᠠᠷᠤᠯᠲᠠ᠂ ᠭᠠᠵᠠᠷ ᠰᠢᠷᠣᠶ ᠶᠢᠨ | ᠲᠥᠯᠥᠪᠵᠢᠭᠦᠯᠭᠡ᠂ ᠴᠢᠳᠠᠮᠵᠢ ᠪᠠ ᠠᠵᠤ ᠦᠶᠯᠡᠰ ᠤᠨ ᠪᠠᠶᠢᠷᠢᠰᠢᠭᠤᠯᠤᠯᠲᠠ ᠵᠡᠷᠭᠡ ᠬᠦᠴᠦᠨ ᠵᠦᠶᠯ ᠢ ᠨᠢᠭᠡᠳᠦᠯᠲᠡᠶ | ᠲᠥᠯᠥᠪᠯᠡᠨ ᠪᠣᠳᠣᠯᠬᠢᠯᠠᠵᠤ᠂ ᠬᠤᠭ ᠨᠣᠪᠰᠢ ᠶᠢ ᠰᠢᠶᠳᠪᠦᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠲᠤᠰᠬᠠᠶ ᠵᠦᠶᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠥᠯᠥᠪᠵᠢᠭᠦᠯᠭᠡ ᠶᠢᠨ | ᠪᠠᠶᠢᠷᠢᠰᠢᠭᠤᠯᠤᠯᠲᠠ ᠨᠢ ᠵᠦᠶ ᠵᠣᠬᠢᠰᠲᠠᠶ ᠪᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠱᠠᠭᠠᠷᠳᠠᠯᠭ᠎ᠠ ᠶᠢ ᠬᠠᠩᠭᠠᠭᠰᠠᠨ ᠲᠡᠭᠦᠰᠬᠡᠯ ᠦᠵᠦᠭᠦᠷ ᠤᠨ ᠰᠢᠶᠳᠪᠦᠷᠢᠯᠡᠬᠦ ᠪᠡᠯᠡᠳᠬᠡᠮᠵᠢ ᠶᠢᠨ ᠰᠢᠰᠲ᠋ᠧᠮᠵᠢ ᠶᠢ | ᠲᠦᠷᠭᠡᠳᠬᠡᠨ᠎ᠡ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ | 2. ᠲᠥᠷᠥᠯ ᠬᠤᠪᠢᠶᠠᠨ ᠰᠢᠶᠳᠪᠦᠷᠢᠯᠡᠬᠦ ᠪᠡᠯᠡᠳᠬᠡᠮᠵᠢ ᠶᠢ ᠲᠦᠷᠭᠡᠳᠬᠡᠨ ᠪᠠᠶᠢᠭᠤᠯᠤᠨ᠎ᠠ᠃ ᠠᠮᠢᠳᠤᠷᠠᠯ ᠤᠨ ᠬᠤᠭ | ᠨᠣᠪᠰᠢ ᠶᠢ ᠰᠢᠲᠠᠭᠠᠬᠤ ᠦᠢᠯᠡᠳᠪᠦᠷᠢ᠂ ᠲᠣᠭᠤᠭᠠᠨ ᠭᠡᠷ ᠤᠨ ᠬᠤᠭ ᠨᠣᠪᠰᠢ ᠶᠢ ᠰᠢᠶᠳᠪᠦᠷᠢᠯᠡᠬᠦ ᠦᠢᠯᠡᠳᠪᠦᠷᠢ ᠵᠡᠷᠭᠡ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠬᠥᠨᠥᠭᠡᠯᠲᠡᠶ ᠬᠤᠭ ᠨᠣᠪᠰᠢ ᠶᠢ | ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠷᠢᠮᠵᠢᠶ᠎ᠠ ᠳᠤ ᠥᠯᠥ ᠬᠥᠷᠬᠦ ᠰᠢᠶᠳᠪᠦᠷᠢᠯᠡᠬᠦ ᠪᠡᠯᠡᠳᠬᠡᠮᠵᠢ ᠳᠤ | ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠯᠲᠡ ᠬᠢᠵᠦ᠂ ᠰᠢᠶᠳᠪᠦᠷᠢᠯᠡᠬᠦ ᠪᠡᠯᠡᠳᠬᠡᠮᠵᠢ ᠶᠢᠨ ᠴᠢᠳᠠᠪᠤᠷᠢ ᠶᠢᠨ | ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ᠲᠡᠭᠦᠰᠬᠡᠯ ᠦᠵᠦᠭᠦᠷ ᠤᠨ ᠰᠢᠶᠳᠪᠦᠷᠢᠯᠡᠬᠦ ᠴᠢᠳᠠᠪᠤᠷᠢ ᠶᠢ ᠦᠨᠡᠨᠬᠦ | ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠲᠣᠭᠤᠭᠠᠨ ᠬᠡᠷ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ | ᠠᠰᠢᠭᠯᠠᠬᠤ ᠮᠡᠷᠭᠡᠵᠢᠯ ᠢ ᠰᠤᠳᠤᠯᠤᠨ ᠬᠡᠷᠡᠭᠯᠡᠬᠦ ᠶᠢ ᠲᠦᠷᠭᠡᠳᠬᠡᠵᠦ᠂ ᠰᠠᠭᠤᠭᠠᠯᠢ ᠠᠷᠠᠳ ᠤᠨ ᠨᠡᠶᠢᠭᠡᠮ | ᠲᠣᠭᠤᠷᠢᠭ ᠲᠤ ᠲᠣᠭᠤᠭᠠᠨ ᠬᠡᠷ ᠤᠨ ᠬᠤᠭ ᠨᠣᠪᠰᠢ ᠶᠢ ᠲᠤᠬᠠᠶ ᠶᠢᠨ ᠭᠠᠵᠠᠷ ᠲᠤ ᠨᠢ ᠰᠢᠶᠳᠪᠦᠷᠢᠯᠡᠬᠦ ᠪᠡᠯᠡᠳᠬᠡᠮᠵᠢ | ᠳᠣᠭᠢᠷᠠᠭᠤᠯᠬᠤ ᠶᠢ ᠰᠦᠪᠡᠭᠴᠢᠯᠡᠨ᠎ᠡ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 3. ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠎ᠠ᠃ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ | ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ | ᠠᠰᠢᠭᠯᠠᠬᠤ ᠲᠣᠣᠷ ᠰᠦᠯᠵᠢᠶ᠎ᠡ ᠶᠢ ᠪᠦᠷᠢᠨᠰᠢᠬᠦᠯᠦᠨ᠂ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ ᠶᠢ | ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ ᠲᠣᠭᠤᠭᠠᠨ ᠬᠡᠷ ᠤᠨ ᠬᠤᠭ | ᠨᠣᠪᠰᠢ ᠶᠢ ᠰᠢᠶᠳᠪᠦᠷᠢᠯᠡᠬᠦ ᠤᠷ᠎ᠠ ᠮᠡᠷᠭᠡᠵᠢᠯ ᠢ ᠰᠣᠩᠭᠤᠨ ᠬᠡᠷᠡᠭᠯᠡᠵᠦ᠂ ᠲᠣᠭᠤᠭᠠᠨ ᠬᠡᠷ ᠤᠨ ᠬᠤᠭ ᠨᠣᠪᠰᠢ ᠶᠢ ᠡᠬᠢ | ᠪᠠᠶᠠᠯᠢᠭᠵᠢᠭᠤᠯᠤᠨ ᠠᠰᠢᠭᠯᠠᠬᠤ ᠳᠠᠭᠠᠯᠲᠠ ᠪᠦᠲᠦᠭᠡᠭᠳᠡᠬᠦᠨ ᠤ ᠬᠠᠮᠢᠶ᠎ᠠ ᠪᠥᠬᠦᠶ ᠠᠵᠤ ᠦᠶᠯᠡᠰ ᠲᠠᠬᠢ | ᠬᠡᠷᠡᠭᠯᠡᠯᠲᠡ ᠶᠢᠨ ︽ᠲᠦᠭᠵᠢᠷᠡᠯ︾ ᠤᠨ ᠠᠰᠠᠭᠤᠳᠠᠯ ᠢ ᠰᠢᠶᠳᠪᠦᠷᠢᠯᠡᠬᠦ ᠶᠢ ᠴᠢᠬᠤᠯᠠᠴᠢᠯᠠᠨ᠎ᠠ᠃ ᠳᠠᠬᠢᠯᠲᠠ ᠡᠬᠢ | ᠪᠠᠶᠠᠯᠢᠭ ᠢ ᠡᠭᠡᠭᠦᠯᠦᠨ ᠬᠤᠷᠢᠶᠠᠵᠤ ᠠᠰᠢᠭᠯᠠᠬᠤ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠣᠤᠷ ᠴᠡᠭ ᠬᠢᠭᠡᠳ ᠳᠠᠬᠢᠯᠲᠠ | ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠣᠤᠷ ᠴᠡᠭ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ | ᠠᠮᠢᠳᠤᠷᠠᠯ ᠤᠨ ᠬᠤᠭ ᠨᠣᠪᠰᠢ ᠶᠢ ᠢᠯᠭᠠᠬᠤ ᠲᠥᠪ ᠪᠠ ᠲᠥᠪᠯᠡᠷᠡᠭᠦᠯᠵᠦ ᠲᠠᠷᠬᠠᠭᠠᠬᠤ ᠲᠠᠯᠠᠪᠤᠷ ᠭᠠᠵᠠᠷ ᠢ | ᠪᠥᠲᠥᠭᠡᠨ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠡᠭᠡᠭᠦᠯᠦᠨ ᠬᠤᠷᠢᠶᠠᠵᠤ ᠪᠣᠯᠬᠤ ᠪᠣᠳᠠᠰ ᠢ ᠡᠭᠡᠭᠦᠯᠦᠨ | ᠬᠤᠷᠢᠶᠠᠬᠤ ᠪᠠ ᠳᠠᠬᠢᠨ ᠠᠰᠢᠭᠯᠠᠬᠤ ᠶᠢ ᠠᠬᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ | ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ | ︵ᠲᠤᠯᠤᠭ᠎ᠠ︶ ᠵᠣᠬᠢᠶᠠᠨ ᠪᠠᠶᠢᠭᠤᠯᠤᠨ ᠳᠠᠶᠢᠴᠢᠯᠠᠨ᠎ᠠ | 1. ᠣᠯᠠᠨ ᠨᠡᠶᠢᠲᠡ ᠶᠢᠨ ᠪᠠᠶᠢᠭᠤᠯᠤᠮᠵᠢ ᠨᠤᠭᠤᠳ ᠤᠷᠢᠳᠠᠪᠠᠷ ᠵᠢᠱᠢᠶ᠎ᠡ ᠦᠵᠡᠭᠦᠯᠦᠨ᠎ᠡ᠃ ᠬᠤᠲᠠ ᠶᠢᠨ | ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠦᠶᠯᠡᠴᠢᠯᠡᠭᠡᠨ ᠤ ᠲᠥᠪ ᠨᠢ ᠣᠯᠠᠨ ᠨᠡᠶᠢᠲᠡ ᠶᠢᠨ ᠪᠠᠶᠢᠭᠤᠯᠤᠮᠵᠢ ᠶᠢᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠥᠰᠦᠯ ᠢ ᠲᠣᠭᠲᠠᠭᠠᠨ ᠲᠡᠭᠦᠯᠳᠡᠷᠵᠢᠭᠦᠯᠬᠦ ᠶᠢ | ᠬᠠᠷᠢᠭᠤᠴᠠᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠠᠯᠪᠠᠳᠠᠯᠭ᠎ᠠ ᠪᠠᠷ | ᠲᠥᠷᠥᠯ ᠬᠤᠪᠢᠶᠠᠬᠤ ᠶᠢ ᠬᠡᠷᠡᠭᠵᠢᠭᠦᠯᠦᠨ᠂ ᠡᠯ᠎ᠡ ᠬᠤᠲᠠ ᠶᠢᠨ ᠰᠢᠭᠤᠳ ᠬᠠᠷᠢᠶ᠎ᠠ ᠨᠢᠭᠡᠴᠢ ᠨᠢ ᠠᠵᠢᠯ ᠤᠨ | ᠱᠠᠭᠠᠷᠳᠠᠯᠭ᠎ᠠ ᠶᠣᠰᠣᠭᠠᠷ ᠲᠣᠰ ᠨᠢᠭᠡᠴᠢ ᠶᠢᠨ ᠢᠶᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠬᠠᠮᠢᠶᠠᠷᠬᠤ ᠲᠦᠷᠢᠮ ᠢ ᠪᠠᠶᠢᠭᠤᠯᠵᠤ᠂ ᠲᠤᠷᠰᠢᠯᠲᠠ ᠶᠢᠨ ᠭᠠᠵᠠᠷ ᠣᠷᠣᠨ ᠨᠢ ᠬᠠᠷᠢᠴᠠᠭᠤᠯᠤᠨ ᠬᠡᠷᠡᠭᠵᠢᠭᠦᠯᠦᠨ᠎ᠡ᠃ | ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠵᠢᠱᠢᠶ᠎ᠡ ᠦᠵᠡᠭᠦᠯᠵᠦ᠂ ᠪᠦᠬᠦ ᠨᠡᠶᠢᠭᠡᠮ ᠢᠶᠠᠷ ᠢᠶᠠᠨ ᠨᠡᠶᠢᠳᠡᠮ | ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ | ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ᠂ | ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | 2᠂ ᠵᠠᠯᠠᠭᠤᠴᠤᠳ ᠤᠨ ᠰᠠᠶᠢᠨ ᠳᠤᠷ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠵᠠᠯᠠᠭᠤᠴᠤᠳ ᠪᠠᠭᠠᠴᠤᠳ ᠢ | ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠳᠤ | ᠢᠳᠡᠪᠬᠢᠲᠡᠶ ᠣᠷᠣᠯᠴᠠᠭᠤᠯᠵᠤ᠂ ᠪᠣᠬᠢᠷᠲᠤᠯ ᠦᠭᠡᠢ ᠠᠮᠢᠳᠤᠷᠠᠯ ᠢ ᠦᠢᠯᠡᠳᠦᠯᠭᠡᠵᠢᠭᠦᠯᠵᠦ᠂ ᠠᠮᠢ ᠠᠬᠤᠶ ᠶᠢᠨ | ᠪᠣᠯᠪᠠᠰᠤᠨ ᠤ ᠦᠷᠳᠡᠭ ᠤᠨ ᠦᠵᠡᠯᠲᠡ ᠶᠢ ᠪᠤᠢ ᠪᠣᠯᠭᠠᠨ᠎ᠠ᠃ ᠪᠣᠬᠢᠷᠲᠤᠯ ᠦᠭᠡᠢ ᠣᠶᠢᠯᠠᠭᠠᠭᠳᠠᠬᠤᠨ ᠢ ᠤᠯᠠᠮᠵᠢᠯᠠᠵᠤ | ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠠᠪᠤᠳᠠᠯ ᠢ ᠥᠷᠭᠡᠨ ᠤᠯᠠᠨ ᠵᠠᠯᠠᠭᠤᠴᠤᠳ | ᠪᠠᠭᠠᠴᠤᠳ ᠤᠨ ᠴᠠᠭ ᠤᠨ ᠦᠡᠭᠭᠡ ᠶᠢᠨ ᠬᠥᠭᠡᠭᠡᠴᠡᠯᠳᠦᠯ ᠪᠤᠯᠭᠠᠨ᠎ᠠ᠃ ᠵᠠᠯᠠᠭᠤᠴᠤᠳ ᠪᠠᠭᠠᠴᠤᠳ ᠤᠨ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠲᠤᠰᠬᠠᠶᠢᠵᠢᠭᠰᠠᠨ ᠪᠦᠯᠬᠦᠮ ᠨᠡᠶᠢᠲᠡ ᠶᠢ ᠬᠥᠮᠦᠵᠢᠭᠦᠯᠵᠦ᠂ | ᠰᠠᠶᠢᠨ ᠳᠤᠷ᠎ᠠ ᠶᠢᠨ ᠠᠵᠢᠯᠯᠠᠭ᠎ᠠ ᠶᠢᠨ ᠲᠤᠰᠬᠠᠶᠢᠵᠢᠭᠰᠠᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠪᠣᠬᠢᠷᠲᠤᠯ ᠥᠬᠡᠶ ᠦᠶᠯᠡᠳᠦᠯᠭᠡ ᠳᠤ ᠣᠷᠣᠯᠴᠠᠵᠤ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠲᠤ | ᠭᠦᠨᠵᠡᠭᠡᠶᠢᠷᠡᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠤᠬᠠᠭᠤᠯᠬᠤ ᠂ ᠬᠥᠲᠥᠯᠦᠨ | ᠵᠢᠯᠣᠭᠤᠳᠬᠤ ᠪᠠ ᠦᠶᠯᠡᠴᠢᠯᠡᠬᠦ ᠵᠡᠷᠭᠡ ᠠᠵᠢᠯᠯᠠᠭ᠎ᠠ ᠳᠤ ᠣᠷᠣᠯᠴᠠᠵᠤ᠂ ᠥᠷᠭᠡᠨ ᠣᠯᠠᠨ ᠵᠠᠯᠠᠭᠤᠴᠤᠳ | ᠪᠠᠭᠠᠴᠤᠳ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠳᠤᠮᠳᠠ ᠪᠡᠯᠡᠳᠬᠡᠯ ᠬᠦᠴᠦᠨ | ᠪᠠ ᠭᠠᠪᠰᠢᠭᠠᠶ ᠠᠩᠭᠢ ᠶᠢᠨ ᠦᠶᠯᠡᠳᠦᠯ ᠢ ᠪᠠᠳᠠᠷᠠᠭᠤᠯᠤᠨ᠎ᠠ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠡᠪᠯᠡᠯ ᠤᠨ | ᠬᠤᠲᠠ ᠶᠢᠨ ᠨᠠᠮ ᠤᠨ ᠬᠤᠷᠢᠶ᠎ᠠ | 3. ᠬᠡᠷ ᠪᠦᠯᠢ ᠶᠢ ᠳᠠᠶᠢᠴᠢᠯᠠᠨ ᠢᠳᠡᠪᠬᠢᠲᠡᠶ ᠣᠷᠣᠯᠴᠠᠭᠤᠯᠤᠨ᠎ᠠ᠃ ᠤᠯᠠᠨ ᠶᠠᠩᠵᠤ ᠶᠢᠨ ᠬᠡᠯᠪᠡᠷᠢ ᠶᠢᠨ ᠨᠡᠶᠢᠭᠡᠮ ᠤᠨ | ᠤᠬᠠᠭᠤᠯᠭ᠎ᠠ᠂ ᠭᠤᠣᠯ ᠰᠡᠳᠦᠪᠲᠦ ᠦᠢᠯᠡᠳᠦᠯᠭᠡ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ | ᠤᠯᠠᠨ ᠭᠡᠷ ᠪᠦᠯᠢ ᠳᠤ ᠬᠠᠨᠳᠤᠭᠤᠯᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠ ᠤᠶᠢᠯᠠᠭᠠᠭᠳᠠᠬᠤᠨ ᠢ | ᠶᠡᠬᠡᠪᠡᠷ ᠤᠯᠠᠮᠵᠢᠯᠠᠵᠤ᠂ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠠᠮᠢᠳᠤᠷᠠᠯ ᠤᠨ | ᠬᠤᠭ ᠨᠣᠪᠰᠢ ᠶᠢ ᠲᠦᠷᠦᠯ ᠬᠤᠪᠢᠶᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠭᠡᠷ ᠪᠦᠯᠢ ᠶᠢᠨ | ᠪᠦᠷᠢᠯᠳᠦᠬᠦᠨ ᠢ ᠬᠦᠳᠦᠯᠦᠨ ᠵᠢᠯᠣᠭᠤᠳᠴᠤ ᠪᠠᠶᠢᠭᠠᠳ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠵᠢᠵᠢᠭ | ᠰᠠᠵᠢᠭ ᠵᠦᠢᠯ ᠠᠴᠠ ᠡᠬᠢᠯᠡᠨ ᠬᠢᠵᠦ᠂ ᠤᠬᠠᠮᠰᠠᠷ ᠠᠴᠠ ᠪᠠᠨ ᠠᠮᠢᠳᠤᠷᠠᠯ ᠤᠨ ᠬᠤᠭ ᠨᠣᠪᠰᠢ ᠶᠢ ᠲᠦᠷᠦᠯ | ᠬᠤᠪᠢᠶᠠᠬᠤ ᠳᠤ ᠣᠷᠣᠯᠴᠠᠭᠴᠢ᠂ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠭᠠᠨ᠎ᠠ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠳᠠ ᠶᠢᠨ ᠡᠪᠯᠡᠯ ᠤᠨ ᠬᠤᠷᠢᠶ᠎ᠠ | 4. ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ | ᠪᠣᠯᠪᠠᠰᠤᠷᠠᠭᠤᠯᠤᠯ ᠢ ᠭᠦᠨᠵᠡᠭᠡᠶ ᠥᠷᠨᠢᠭᠦᠯᠵᠦ᠂ ᠨᠠᠮ ᠵᠠᠰᠠᠭ ᠤᠨ ᠪᠠᠶᠢᠭᠤᠯᠭ᠎ᠠ᠂ ᠨᠢᠭᠡᠴᠢ ᠨᠦᠭᠦᠳ ᠲᠣᠭᠲᠠᠮᠠᠯ | ᠬᠤᠭᠤᠴᠠᠭ᠎ᠠ ᠲᠠᠢ ᠪᠠᠷ ᠪᠣᠯᠪᠠᠰᠤᠷᠠᠭᠤᠯᠤᠯ ᠡᠷᠭᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠦᠨᠳᠦᠰᠦᠨ ᠱᠠᠲᠤᠨ ᠳᠤ | ᠬᠦᠷᠴᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠨ᠎ᠡ᠃ ᠲᠤᠷᠰᠢᠯᠲᠠ ᠶᠢᠨ ᠭᠠᠵᠠᠷ ᠣᠷᠣᠨ ᠨᠤᠭᠤᠳ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠰᠤᠷᠭᠠᠨ ᠬᠥᠮᠦᠵᠢᠯ ᠤᠨ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠪᠣᠯᠪᠠᠰᠤᠷᠠᠭᠤᠯᠬᠤ ᠲᠥᠯᠥᠪᠯᠡᠭᠡ ᠶᠢ ᠲᠣᠭᠲᠠᠭᠠᠨ᠂ ᠬᠤᠭ ᠨᠣᠪᠰᠢ ᠶᠢ ᠲᠥᠷᠥᠯ ᠬᠤᠪᠢᠶᠠᠬᠤ ᠲᠤᠰᠬᠠᠶ ᠮᠡᠷᠭᠡᠵᠢᠯ ᠤᠨ | ᠮᠡᠳᠡᠯᠭᠡ ᠶᠢᠨ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠪᠠᠷ ᠦᠨᠡᠨᠬᠦ ᠠᠴᠢᠶᠠᠯᠠᠪᠤᠷᠢ ᠪᠣᠯᠭᠠᠨ᠂ ᠣᠯᠠᠨ ᠲᠦᠮᠡᠨ ᠤ ᠪᠣᠯᠪᠠᠰᠤᠨ ᠵᠠᠩ | ᠳᠠᠳᠬᠠᠯ᠂ ᠣᠯᠠᠨ ᠨᠡᠶᠢᠲᠡ ᠶᠢᠨ ᠦᠵᠡᠯ ᠤᠬᠠᠮᠰᠠᠷ ᠪᠠ ᠠᠷᠠᠳ ᠢᠷᠭᠡᠨ ᠤ ᠦᠵᠡᠯ ᠤᠬᠠᠮᠰᠠᠷ ᠢ ᠬᠥᠮᠦᠵᠢᠭᠦᠯᠵᠦ᠂ | ᠬᠤᠭ ᠨᠣᠪᠰᠢ ᠶᠢ ᠲᠥᠷᠥᠯ ᠬᠤᠪᠢᠶᠠᠬᠤ ᠶᠢᠨ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ᠂ ᠣᠨᠣᠪᠴᠢ ᠶᠢᠨ | ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠦᠨᠡᠶ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ | ︵ᠨᠠᠢᠮᠠ︶ ᠰᠤᠷᠭᠠᠨ ᠬᠥᠮᠦᠵᠢᠯ ᠤᠨ ᠠᠵᠢᠯ | ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠬᠥᠮᠦᠵᠢᠯ ᠢ ᠦᠨᠡᠨᠬᠦ ᠴᠢᠩᠭᠠᠳᠬᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ ᠵᠡᠷᠭᠡ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ ᠶᠢᠨ ᠬᠡᠪ ᠤᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢᠨ ᠤᠩᠰᠢᠬᠤ ᠪᠢᠴᠢᠭ ᠢ ᠨᠠᠶᠢᠷᠠᠭᠤᠯᠤᠨ | ᠵᠣᠬᠢᠶᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠤᠬᠠᠶ ᠶᠢᠨ ᠭᠠᠵᠠᠷ ᠤᠨ | ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠨ | ᠬᠥᠮᠦᠵᠢᠯ ᠳᠤ ᠣᠷᠣᠭᠤᠯᠤᠨ᠎ᠠ᠃ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠰᠤᠷᠭᠠᠭᠤᠯᠢ ᠶᠢᠨ ᠬᠦᠷᠢᠶᠡᠨ ᠤ | ᠰᠣᠶᠣᠯ᠂ ᠨᠡᠶᠢᠭᠡᠮ ᠤᠨ ᠦᠶᠯᠡᠳᠦᠯᠭᠡ ᠵᠡᠷᠭᠡ ᠲᠠᠪᠴᠠᠩ ᠳᠤ ᠲᠦᠰᠢᠭᠯᠡᠨ᠂ ︽ᠪᠢᠴᠢᠬᠠᠨ ᠭᠠᠷ ᠲᠣᠮᠣᠴᠤᠤᠯ ᠢ | ᠬᠥᠲᠥᠯᠬᠦ︾ ᠰᠤᠷᠭᠠᠭᠤᠯᠢ ᠬᠡᠷ ᠪᠦᠯᠢ ᠨᠡᠶᠢᠭᠡᠮ ᠲᠣᠭᠤᠷᠢᠭ ᠤᠨ ᠬᠠᠷᠢᠯᠴᠠᠨ ᠬᠦᠳᠡᠯᠦᠯᠴᠡᠨ ᠦᠶᠯᠡᠳᠦᠯᠭᠡᠵᠢᠭᠦᠯᠬᠦ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠢᠭᠡ ᠬᠡᠤᠬᠡᠳ ᠢ ᠬᠥᠮᠦᠵᠢᠭᠦᠯᠬᠦ ᠪᠠᠷ ᠳᠠᠮᠵᠢᠭᠤᠯᠤᠨ᠂ ᠨᠢᠭᠡ ᠬᠡᠷ | ᠪᠦᠯᠢ ᠶᠢ ᠨᠥᠯᠥᠭᠡᠯᠡᠵᠦ᠂ ᠨᠢᠭᠡ ᠨᠡᠶᠢᠭᠡᠮ ᠲᠣᠭᠤᠷᠢᠭ ᠢ ᠳᠠᠶᠢᠴᠢᠯᠠᠨ᠎ᠠ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ | ︵ᠶᠢᠰᠦ︶ ᠤᠬᠠᠭᠤᠯᠭ᠎ᠠ ᠶᠢᠨ ᠠᠵᠢᠯ | 1. ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠲᠤᠬᠠᠶ ᠤᠬᠠᠭᠤᠯᠭ᠎ᠠ ᠶᠢ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ | ᠲᠦᠭᠡᠮᠡᠯᠵᠢᠭᠦᠯᠦᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠣᠯᠠᠨ ᠲᠦᠮᠡᠨ ᠤ | ᠲᠠᠨᠢᠯᠲᠠ ᠶᠢ ᠳᠡᠭᠡᠭᠰᠢᠯᠡᠭᠦᠯᠦᠨ᠎ᠡ᠃ ︽ᠬᠤᠭ ᠨᠣᠪᠰᠢ ᠶᠢ ᠲᠥᠷᠥᠯ ᠬᠤᠪᠢᠶᠠᠬᠤ ᠳᠤ ᠬᠥᠮᠦᠨ ᠪᠦᠬᠦᠨ | ᠬᠠᠷᠢᠭᠤᠴᠠᠯᠭ᠎ᠠ ᠲᠠᠢ︾ ︽ᠬᠤᠭ ᠨᠣᠪᠰᠢ ᠶᠢ ᠲᠥᠷᠥᠯ ᠬᠤᠪᠢᠶᠠᠬᠤ ᠶᠢ ᠥᠪᠡᠷ ᠤᠨ ᠪᠡᠶ᠎ᠡ ᠠᠴᠠ ᠪᠠᠨ ᠡᠬᠢᠯᠡᠭᠦᠯᠦᠶ᠎ᠡ | ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠨᠡᠶᠢᠲᠡ ᠶᠢᠨ ᠠᠰᠠᠷᠠᠮᠵᠢ ᠶᠢᠨ | ᠤᠬᠠᠭᠤᠯᠭ᠎ᠠ ᠶᠢᠨ ᠡᠪᠬᠡᠮᠡᠯ ᠬᠠᠭᠤᠳᠠᠰᠤ᠂ ᠤᠬᠠᠭᠤᠯᠭ᠎ᠠ ᠶᠢᠨ ᠳᠡᠪᠲᠡᠷ ᠢ ᠲᠠᠷᠬᠠᠭᠠᠵᠤ᠂ ᠬᠤᠭ ᠨᠣᠪᠰᠢ ᠶᠢ ᠲᠥᠷᠥᠯ | ᠬᠤᠪᠢᠶᠠᠬᠤ ᠤᠬᠠᠭᠤᠯᠭ᠎ᠠ ᠶᠢ ᠨᠡᠶᠢᠭᠡᠮ ᠲᠣᠭᠤᠷᠢᠭ ᠲᠤ᠂ ᠬᠡᠷ ᠪᠦᠯᠢ ᠳᠤ᠂ ᠰᠤᠷᠭᠠᠭᠤᠯᠢ ᠳᠤ᠂ ᠡᠮᠨᠡᠯᠭᠡ ᠶᠢᠨ | ᠬᠤᠷᠢᠶ᠎ᠠ ᠳᠤ᠂ ᠪᠠᠶᠢᠭᠤᠯᠭ᠎ᠠ ᠳᠤ᠂ ᠠᠵᠤ ᠠᠬᠤᠶᠢᠯᠠᠯ ᠳᠤ᠂ ᠴᠡᠴᠡᠷᠯᠢᠭ ᠲᠤ᠂ ᠬᠤᠳᠠᠯᠳᠤᠭᠠᠨ ᠤ ᠲᠠᠯᠠᠪᠤᠷ᠂ ᠲᠡᠷᠭᠡᠨ | ᠥᠷᠲᠡᠭᠡ ᠳᠤ ᠣᠷᠣᠭᠤᠯᠵᠤ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ᠂ ᠨᠢᠭᠲᠠᠷᠠᠭᠰᠠᠨ ᠬᠡᠯᠪᠡᠷᠢ ᠶᠢᠨ | ᠤᠬᠠᠭᠤᠯᠭ᠎ᠠ ᠶᠢᠨ ᠲᠣᠤᠷ ᠰᠦᠯᠵᠢᠶ᠎ᠡ ᠶᠢ ᠪᠣᠶ ᠪᠣᠯᠭᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ | ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠵᠢᠵᠢᠭ ᠰᠠᠵᠢᠭ ᠵᠦᠶᠯ ᠠᠴᠠ ᠡᠬᠢᠯᠡᠨ ᠬᠢᠵᠦ᠂ ᠤᠬᠠᠮᠰᠠᠷ ᠠᠴᠠ ᠪᠠᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠣᠷᠣᠯᠴᠠᠭᠴᠢ᠂ ᠦᠶᠯᠡᠳᠦᠯᠭᠡᠵᠢᠭᠦᠯᠦᠭᠴᠢ᠂ | ᠠᠬᠢᠭᠤᠯᠤᠭᠴᠢ ᠪᠤᠯᠭᠠᠨ᠎ᠠ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ | 2. ᠵᠠᠭᠤᠴᠢᠯᠠᠭᠤᠷ ᠤᠨ ᠦᠶᠯᠡᠳᠦᠯ ᠢ ᠪᠠᠳᠠᠷᠠᠭᠤᠯᠤᠨ᠎ᠠ᠃ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠢ | ᠰᠠᠶᠢᠲᠤᠷ ᠠᠰᠢᠭᠯᠠᠵᠤ᠂ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡᠨ ᠤ LED ᠳᠡᠯᠭᠡᠴᠡ ᠶᠢ | ᠭᠦᠢᠴᠡᠳ ᠠᠰᠢᠭᠯᠠᠵᠤ᠂ ᠮᠠᠰᠢᠨ ᠲᠡᠷᠭᠡᠨ ᠤ ᠥᠷᠲᠡᠭᠡ᠂ ᠭᠠᠯᠲᠤ ᠲᠡᠷᠭᠡᠨ ᠤ ᠥᠷᠲᠡᠭᠡ᠂ ᠨᠢᠰᠬᠡᠯ ᠤᠨ ᠪᠠᠭᠤᠳᠠᠯ᠂ | ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠠᠵᠤ ᠠᠬᠤᠶᠢᠯᠠᠯ᠂ ᠪᠠᠷᠢᠯᠭ᠎ᠠ ᠶᠢᠨ ᠪᠠᠷᠢᠯᠭ᠎ᠠ ᠶᠢᠨ ᠭᠠᠵᠠᠷ ᠵᠡᠷᠭᠡ | ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠪᠤᠯᠤᠩ᠂ ︽ᠪᠢᠴᠢᠯ ᠪᠦᠷᠭᠡ᠂ ᠸᠢᠴᠠᠲ᠂ ᠬᠡᠷᠡᠭᠯᠡᠭᠴᠢ ᠶᠢᠨ | ᠦᠵᠦᠭᠦᠷ︾ ᠵᠡᠷᠭᠡ ᠰᠢᠨ᠎ᠡ ᠵᠠᠭᠤᠴᠢᠯᠠᠭᠤᠷ᠂ ᠲᠧᠯᠸᠢᠰ᠂ ᠷᠠᠳᠢᠣ᠋᠂ ᠰᠣᠨᠢᠨ ᠵᠡᠷᠭᠡ ᠤᠯᠠᠮᠵᠢᠯᠠᠯᠲᠤ | ᠵᠠᠭᠤᠴᠢᠯᠠᠭᠤᠷ ᠤᠳ ᠢᠶᠠᠷ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠶᠡᠬᠡᠪᠡᠷ | ᠤᠬᠠᠭᠤᠯᠵᠤ᠂ ᠪᠥᠬᠦ ᠨᠡᠶᠢᠭᠡᠮ ᠢᠶᠠᠷ ᠢᠶᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ | ᠠᠩᠬᠠᠷᠤᠨ ᠬᠠᠯᠠᠮᠵᠢᠯᠠᠬᠤ ᠪᠠ ᠳᠡᠮᠵᠢᠬᠦ ᠶᠢ ᠬᠥᠲᠥᠯᠦᠨ ᠵᠢᠯᠣᠭᠤᠳᠴᠤ᠂ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠲᠤᠬᠠᠶ ᠣᠯᠠᠨ ᠲᠦᠮᠡᠨ ᠤ ᠣᠶᠢᠯᠠᠭᠠᠬᠤ ᠨᠣᠷᠮ᠎ᠠ ᠪᠠ ᠳᠡᠮᠵᠢᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠦᠯᠵᠢᠶᠡᠨ ᠤ | ᠠᠮᠤᠷ ᠲᠦᠪᠰᠢᠨ ᠪᠠ ᠵᠠᠩᠬᠢᠵᠢᠯᠲᠠ ᠶᠢᠨ ᠠᠯᠪᠠᠨ ᠬᠡᠷ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ | ︵ᠠᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠥᠯᠬᠢᠨ ᠠᠬᠢᠭᠤᠯᠤᠨ᠎ᠠ | ᠣᠷᠴᠢᠨ ᠲᠣᠭᠤᠷᠢᠨ ᠤ ᠠᠷᠢᠭᠤᠨ ᠴᠡᠪᠡᠷ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠳᠠᠬᠢ ᠲᠣᠮᠣ ᠳ᠋ᠠᠶᠢᠲ᠋ᠠ ᠪᠠ ᠮᠡᠳᠡᠭᠡ ᠵᠠᠩᠭᠢ ᠶᠢᠨ | ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ︽ᠢᠨᠲ᠋ᠤᠷ ᠰᠦᠯᠵᠢᠶ᠎ᠡ +︾ ᠵᠡᠷᠭᠡ ᠵᠠᠭᠪᠤᠷ ᠢᠶᠠᠷ | ᠳᠠᠮᠵᠢᠭᠤᠯᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠠᠪᠬᠤ ᠰᠢᠰᠲ᠋ᠧᠮ ᠤᠨ ᠰᠦᠯᠵᠢᠶᠡᠨ ᠳᠡᠭᠡᠷᠡᠬᠢ | ᠲᠠᠪᠴᠠᠩ ᠪᠠ ᠰᠦᠯᠵᠢᠶᠡᠨ ᠭᠠᠳᠠᠨᠠᠬᠢ ᠪᠠᠷᠠᠭᠠᠨ ᠤ ᠭᠦᠶᠯᠭᠡᠭᠡ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ | ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠢᠰᠲ᠋ᠧᠮ ᠪᠠ ᠳᠠᠬᠢᠯᠲᠠ ᠡᠬᠢ ᠪᠠᠶᠠᠯᠢᠭ ᠢ ᠬᠤᠷᠢᠶᠠᠨ | ᠠᠪᠴᠤ ᠠᠰᠢᠭᠯᠠᠬᠤ ᠰᠢᠰᠲ᠋ᠧᠮ ᠤᠨ ︽ᠬᠤᠶᠠᠷ ᠰᠦᠯᠵᠢᠶ᠎ᠡ ᠶᠢ ᠨᠡᠶᠢᠯᠡᠭᠦᠯᠬᠦ︾ ᠶᠢ ᠠᠬᠢᠭᠤᠯᠵᠤ᠂ ᠠᠮᠢᠳᠤᠷᠠᠯ ᠤᠨ | ᠬᠤᠭ ᠨᠣᠪᠰᠢ ᠶᠢ ᠰᠢᠶᠳᠪᠦᠷᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠂ ᠬᠤᠭ ᠨᠣᠪᠰᠢ ᠶᠢ ᠲᠥᠷᠥᠯ | ᠬᠤᠪᠢᠶᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠢ᠄ ᠲᠤᠷᠰᠢᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ | ᠵᠢᠯᠣᠭᠤᠳᠬᠤ ᠰᠠᠯᠠᠭ᠎ᠠ ᠮᠥᠴᠢᠷ᠄ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ | ᠵᠠᠩᠬᠢᠵᠢᠯᠲᠠ ᠶᠢᠨ ᠠᠯᠪᠠᠨ ᠬᠡᠷ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ | ᠬᠤᠷᠰᠢᠶ᠎ᠠ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠲᠠ ᠶᠢᠨ ᠵᠠᠰᠠᠭ ᠤᠨ | ᠣᠷᠳᠣᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠥᠬᠦᠶ | ᠬᠤᠲᠠ ᠶᠢᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ ᠬᠤᠲᠠ ᠶᠢᠨ ᠱᠠᠲᠤᠨ ᠤ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ | ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠲᠠ ᠶᠢᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠳᠣᠭᠢᠷᠠᠭᠤᠯᠤᠨ᠎ᠠ᠃ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠵᠣᠬᠢᠴᠠᠭᠤᠯᠤᠨ ᠠᠬᠢᠭᠤᠯᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ | ᠬᠤᠲᠠ ᠶᠢᠨ ᠨᠢᠭᠡᠳᠦᠯᠲᠡᠶ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠᠷᠢᠮᠵᠢᠶ᠎ᠠ ᠪᠠ ᠬᠢᠨᠠᠨ ᠰᠢᠯᠭᠠᠬᠤ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠢᠵᠢ ᠪᠥᠷᠢᠳᠦᠭᠦᠯᠦᠨ ᠳᠡᠮᠵᠢᠬᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠬᠤᠲᠠ᠂ ᠬᠤᠰᠢᠭᠤ ᠰᠢᠶᠠᠨ ᠬᠤᠲᠠ ᠲᠣᠭᠤᠷᠢᠭ᠂ ᠵᠡᠭᠡᠯᠢ ᠭᠤᠳᠤᠮᠵᠢ᠂ | ᠨᠡᠶᠢᠭᠡᠮ ᠲᠣᠭᠤᠷᠢᠭ ᠳᠥᠷᠪᠡᠨ ᠱᠠᠲᠤᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠤᠶ ᠪᠣᠯᠭᠠᠵᠤ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠢ ᠲᠣᠰ ᠬᠠᠷᠢᠶ᠎ᠠ | ᠣᠷᠣᠨ ᠤ ᠪᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠳᠥᠯᠭᠢᠨ ᠠᠬᠢᠭᠤᠯᠬᠤ ᠨᠢᠭᠡᠳᠦᠭᠡᠷ | ᠬᠠᠷᠢᠭᠤᠴᠠᠯᠭᠠᠲᠠᠨ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠱᠦᠵᠢ ᠨᠢ ᠬᠠᠷᠢᠶ᠎ᠠ ᠭᠠᠵᠠᠷ ᠤᠨ ᠢᠶᠠᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ | ᠲᠣᠳᠣᠷᠬᠠᠶᠢᠯᠠᠵᠤ᠂ ᠲᠤᠷᠰᠢᠯᠲᠠ ᠶᠢᠨ ᠭᠠᠵᠠᠷ ᠣᠷᠣᠨ ᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ | ᠰᠢᠮᠳᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠳᠥᠯᠭᠢᠨ ᠠᠬᠢᠭᠤᠯᠬᠤ ᠠᠵᠢᠯ ᠤᠨ | ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠨ᠎ᠡ᠃ ᠡᠯ᠎ᠡ | ᠲᠤᠷᠰᠢᠯᠲᠠ ᠶᠢᠨ ᠭᠠᠵᠠᠷ ᠣᠷᠣᠨ ᠨᠢ ᠪᠣᠳᠠᠲᠠᠶ ᠲᠠᠢ ᠪᠠᠨ ᠤᠶᠠᠯᠳᠤᠭᠤᠯᠤᠨ᠂ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠠᠵᠢᠯ ᠤᠨ ᠤᠳᠤᠷᠢᠳᠬᠤ ᠪᠠᠶᠢᠭᠤᠯᠤᠮᠵᠢ ᠶᠢ ᠬᠠᠷᠢᠴᠠᠭᠤᠯᠤᠨ ᠪᠠᠶᠢᠭᠤᠯᠵᠤ᠂ ᠬᠡᠷᠡᠭ ᠵᠥᠪᠯᠡᠵᠦ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠨ᠂ | ᠬᠠᠷᠠᠯᠲᠠ ᠶᠢᠨ ᠡᠭᠦᠷᠭᠡ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠷᠢᠯᠢᠭᠵᠢᠭᠤᠯᠤᠨ᠎ᠠ︔ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠤᠷᠮᠠᠰᠢᠭᠤᠯᠬᠤ᠂ ᠱᠠᠩᠨᠠᠵᠤ ᠲᠣᠷᠭᠠᠬᠤ | ᠲᠣᠭᠲᠠᠴᠠ ᠶᠢ ᠪᠠᠶᠢᠭᠤᠯᠵᠤ᠂ ᠲᠣᠰ ᠭᠠᠵᠠᠷ ᠣᠷᠣᠨ᠂ ᠠᠵᠢᠯ ᠲᠥᠷᠥᠯ ᠤᠨ ᠳᠣᠲᠣᠷᠠᠬᠢ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ | ᠬᠤᠷᠢᠶᠠᠩᠭᠤᠶᠢᠯᠠᠬᠤ ᠶᠢᠨ ᠬᠠᠮᠲᠤ᠂ ᠲᠤᠰᠬᠠᠶ ᠬᠥᠮᠦᠨ ᠲᠣᠭᠲᠠᠭᠠᠵᠤ ᠲᠣᠭᠲᠠᠮᠠᠯ ᠬᠤᠭᠤᠴᠠᠭ᠎ᠠ ᠲᠠᠢ ᠪᠠᠷ | ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠠᠵᠢᠯ ᠤᠨ ᠳ᠋ᠦᠩᠨᠡᠯᠲᠡ ᠪᠠᠨ ᠮᠡᠳᠡᠭᠦᠯᠦᠨ | ᠬᠦᠷᠭᠡᠨ᠎ᠡ᠃ | ︵ᠬᠤᠶᠠᠷ︶ ᠲᠦᠷᠢᠮ ᠤᠨ ᠪᠠᠲᠤᠯᠠᠭ᠎ᠠ ᠶᠢ ᠴᠢᠩᠭᠠᠳᠬᠠᠨ᠎ᠠ᠃ ︽ᠤᠯᠠᠭᠠᠨᠴᠠᠪ ᠬᠤᠲᠠ ᠶᠢᠨ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠷᠭ᠎ᠠ︾ ᠶᠢ ᠨᠡᠶᠢᠲᠡᠯᠡᠬᠦ ᠶᠢ ᠠᠬᠢᠭᠤᠯᠵᠤ᠂ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠲᠦᠷᠢᠮ ᠢ ᠪᠦᠷᠢᠨᠰᠢᠬᠦᠯᠦᠨ᠂ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠵᠢᠯᠣᠭᠤᠳᠣᠯᠭ᠎ᠠ ᠶᠢᠨ ᠭᠠᠷᠴᠠᠭ ᠢ ᠨᠡᠶᠢᠲᠡᠯᠡᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠣᠳᠠᠲᠤ | ᠦᠷ᠎ᠡ ᠪᠦᠲᠦᠮᠵᠢ ᠯᠦᠭᠡ ᠬᠤᠯᠪᠣᠭᠳᠠᠭᠤᠯᠤᠭᠰᠠᠨ ᠤᠷᠮᠠᠰᠢᠭᠤᠯᠬᠤ ᠲᠣᠭᠲᠠᠴᠠ ᠶᠢ ᠰᠤᠳᠤᠯᠤᠨ ᠲᠣᠭᠲᠠᠭᠠᠵᠤ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠶᠢ ᠠᠬᠢᠭᠤᠯᠤᠨ᠎ᠠ᠃ | | ︵ᠭᠤᠷᠪᠠ︶ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠡᠭᠦᠯᠳᠡᠷᠵᠢᠭᠦᠯᠦᠨ᠎ᠡ ᠃ ᠪᠠᠯᠠ ᠮᠥᠩᠭᠦ | ᠴᠤᠭᠯᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠵᠠᠷᠤᠳᠠᠯ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠪᠦᠷᠢᠨᠰᠢᠬᠦᠯᠦᠨ᠎ᠡ᠃ ᠲᠥᠷᠥᠯ ᠬᠤᠪᠢᠶᠠᠨ | ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ | ᠰᠢᠶᠳᠪᠦᠷᠢᠯᠡᠬᠦ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠲᠠᠢ ᠬᠠᠷᠢᠴᠠᠭᠤᠯᠵᠤ᠂ ᠬᠤᠲᠠ᠂ ᠬᠤᠰᠢᠭᠤ ᠰᠢᠶᠠᠨ | ᠬᠤᠲᠠ ᠲᠣᠭᠤᠷᠢᠭ ᠬᠤᠶᠠᠷ ᠱᠠᠲᠤᠨ ᠤ ᠲᠥᠷᠥᠯ ᠵᠦᠶᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠳᠡᠭᠡᠳᠦ ᠱᠠᠲᠤᠨ ᠠᠴᠠ ᠲᠤᠰᠬᠠᠶ ᠪᠠᠯᠠ ᠮᠥᠩᠭᠦ ᠶᠢ ᠣᠯᠬᠤ ᠪᠠᠷ ᠴᠢᠷᠮᠠᠶᠢᠨ᠎ᠠ᠃ ᠬᠤᠲᠠ ᠰᠢᠶᠠᠨ ᠤ ᠬᠤᠶᠠᠷ | ᠱᠠᠲᠤ ᠨᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠩᠭᠤᠶ ᠪᠡᠯᠡ ᠮᠥᠩᠭᠦ ᠲᠣᠬᠢᠷᠠᠭᠤᠯᠤᠨ᠎ᠠ᠃ | ᠡᠭᠦᠨ ᠤ ᠬᠠᠮᠲᠤ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ | ᠥᠭᠡᠷᠡᠴᠢᠯᠡᠯᠲᠡ ᠪᠠ ᠡᠵᠡᠩᠨᠡᠯᠲᠡ ᠳᠤ ᠣᠷᠣᠯᠴᠠᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠢᠵᠢ ᠪᠥᠷᠢᠳᠦᠭᠦᠯᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠶᠢ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠳᠣᠤᠷ᠎ᠠ ᠥᠷᠲᠡᠭᠲᠦ ᠡᠭᠡᠭᠦᠯᠦᠨ | ᠬᠤᠷᠢᠶᠠᠵᠤ ᠪᠣᠯᠬᠤ ᠪᠣᠳᠠᠰ ᠢ ᠡᠭᠡᠭᠦᠯᠦᠨ ᠬᠤᠷᠢᠶᠠᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ | ᠲᠣᠭᠲᠠᠭᠠᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠳᠣᠤᠷ᠎ᠠ ᠥᠷᠲᠡᠭᠲᠦ ᠡᠭᠡᠭᠦᠯᠦᠨ | ᠬᠤᠷᠢᠶᠠᠵᠤ ᠪᠣᠯᠬᠤ ᠪᠣᠳᠠᠰ ᠢ ᠡᠭᠡᠭᠦᠯᠦᠨ ᠬᠤᠷᠢᠶᠠᠵᠤ ᠠᠰᠢᠭᠯᠠᠭᠤᠯᠵᠤ᠂ ᠡᠭᠡᠭᠦᠯᠦᠨ ᠬᠤᠷᠢᠶᠠᠵᠤ ᠠᠰᠢᠭᠯᠠᠬᠤ | ᠨᠣᠷᠮ᠎ᠠ ᠶᠢ ᠳᠡᠭᠡᠭᠰᠢᠯᠡᠭᠦᠯᠦᠨ᠎ᠡ︔ ᠠᠮᠢᠳᠤᠷᠠᠯ ᠤᠨ ᠬᠤᠭ ᠨᠣᠪᠰᠢ ᠶᠢᠨ ᠦᠵᠦᠭᠦᠷ ᠢ ᠰᠢᠶᠳᠪᠦᠷᠢᠯᠡᠬᠦ ᠪᠠᠯᠠ | ᠣᠷᠣᠭᠤᠯᠤᠯᠲᠠ ᠶᠢᠨ ᠲᠥᠷᠥᠯ ᠵᠦᠢᠯ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠡᠳᠦᠪ ᠲᠣᠭᠲᠠᠭᠠᠬᠤ | ᠂ ᠬᠢᠨᠠᠨ ᠵᠥᠪᠰᠢᠶᠡᠷᠡᠬᠦ᠂ ᠭᠠᠵᠠᠷ ᠰᠢᠷᠣᠶ᠂ ᠲᠥᠯᠥᠪᠵᠢᠭᠦᠯᠭᠡ᠂ ᠦᠨᠡᠯᠡᠨ ᠵᠢᠱᠢᠯᠲᠡ ᠵᠡᠷᠭᠡ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠪᠠᠯᠠ ᠣᠷᠣᠭᠤᠯᠤᠯᠲᠠ ᠶᠢ ᠵᠣᠷᠢᠭᠵᠢᠭᠤᠯᠤᠨ᠎ᠠ︔ ᠲᠦᠷᠭᠡᠨ | ᠬᠦᠷᠭᠡᠬᠦ᠂ ᠪᠣᠷᠣᠯᠠᠭᠤᠯᠬᠤ ᠠᠵᠢᠯ ᠲᠥᠷᠥᠯ ᠤᠨ ᠪᠣᠭᠤᠳᠠᠯᠯᠠᠬᠤ ᠶᠢ ᠳᠥᠭᠦᠮᠴᠢᠯᠡᠬᠦ᠂ ᠬᠤᠷᠢᠶᠠᠨ ᠠᠪᠴᠤ | ᠠᠰᠢᠭᠯᠠᠬᠤ ᠶᠢ ᠵᠣᠷᠢᠭᠵᠢᠭᠤᠯᠤᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ︔ ᠪᠤᠢ ᠪᠣᠯᠭᠠᠭᠰᠠᠨ ᠬᠥᠮᠦᠨ | ᠰᠦᠶᠳᠬᠡᠯ ᠲᠤᠰᠢᠶᠠᠬᠤ ᠵᠠᠷᠴᠢᠮ ᠶᠣᠰᠣᠭᠠᠷ᠂ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ ᠳᠤ ᠰᠦᠶᠳᠬᠡᠯ | ᠬᠤᠷᠢᠶᠠᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠪᠣᠳᠠᠲᠠᠶ ᠪᠠᠶᠢᠳᠠᠯ ᠢ ᠦᠨᠳᠦᠰᠦᠯᠡᠨ᠂ ᠲᠥᠷᠥᠯ ᠬᠤᠪᠢᠶᠠᠨ | ᠦᠨ᠎ᠡ ᠪᠤᠳᠤᠬᠤ᠂ ᠬᠡᠮᠵᠢᠯᠲᠡ ᠪᠠᠷ ᠰᠦᠶᠳᠬᠡᠯ ᠬᠤᠷᠢᠶᠠᠬᠤ ᠵᠡᠷᠭᠡ ᠵᠦᠷᠢᠶᠡᠴᠢᠯᠡᠭᠰᠡᠨ ᠬᠠᠮᠢᠶᠠᠷᠤᠯᠲᠠ ᠶᠢ | ᠬᠡᠷᠡᠭᠵᠢᠭᠦᠯᠦᠨ᠎ᠡ᠃ | ︵ᠳᠥᠷᠪᠡ︶ ᠰᠢᠯᠭᠠᠨ ᠬᠢᠨᠠᠵᠤ ᠦᠨᠡᠯᠡᠬᠦ ᠶᠢ ᠴᠢᠩᠭᠠᠳᠬᠠᠨ᠎ᠠ᠃ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠦᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠲᠤᠷᠰᠢᠯᠲᠠ ᠶᠢᠨ ᠭᠠᠵᠠᠷ ᠣᠷᠣᠨ | ᠪᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ | ᠭᠦᠶᠴᠡᠳᠬᠡᠯ ᠲᠤᠭ᠎ᠠ ᠳᠤ ᠵᠢᠭᠰᠠᠭᠠᠨ ᠣᠷᠣᠭᠤᠯᠵᠤ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠰᠢᠯᠭᠠᠨ ᠬᠢᠨᠠᠵᠤ ᠦᠨᠡᠯᠡᠨ᠎ᠡ᠃ ᠱᠠᠲᠤ ᠬᠤᠪᠢᠶᠠᠨ | ᠱᠠᠯᠠᠪᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠳᠦᠷᠢᠮ ᠢ ᠨᠠᠶᠢᠳᠠᠪᠤᠷᠢᠵᠢᠭᠤᠯᠵᠤ᠂ ᠬᠤᠲᠠ ᠶᠢᠨ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠲᠤᠰᠬᠠᠶ ᠮᠡᠷᠭᠡᠵᠢᠯ ᠤᠨ ᠬᠢᠨᠠᠨ | ᠵᠢᠯᠣᠭᠤᠳᠴᠤ ᠪᠠᠶᠢᠴᠠᠭᠠᠨ ᠰᠤᠳᠤᠯᠬᠤ᠂ ᠭᠤᠷᠪᠠᠳᠠᠬᠢ ᠡᠲᠡᠭᠡᠳ ᠠᠴᠠ ᠬᠢᠨᠠᠨ ᠬᠠᠮᠢᠶᠠᠷᠬᠤ᠂ ᠨᠡᠶᠢᠭᠡᠮ ᠤᠨ ᠬᠢᠨᠠᠯᠲᠠ | ᠲᠠᠯᠪᠢᠬᠤ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠲᠤᠷᠰᠢᠯᠲᠠ ᠶᠢᠨ ᠭᠠᠵᠠᠷ ᠣᠷᠣᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠤᠨ ᠬᠠᠷᠠᠯᠲᠠᠲᠤ ᠡᠭᠦᠷᠭᠡ ᠶᠢ | ᠪᠡᠶᠡᠯᠡᠭᠦᠯᠬᠦ᠂ ᠲᠥᠷᠥᠯ ᠬᠤᠪᠢᠶᠠᠬᠤ ᠰᠢᠰᠲ᠋ᠧᠮᠵᠢ ᠶᠢ ᠪᠠᠶᠢᠭᠤᠯᠤᠨ ᠠᠵᠢᠯᠯᠠᠭᠤᠯᠬᠤ᠂ ᠪᠠᠯᠠ ᠮᠥᠩᠭᠦ ᠶᠢ ᠣᠷᠣᠭᠤᠯᠤᠨ | ᠬᠡᠷᠡᠭᠯᠡᠬᠦ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠬᠢᠨᠠᠵᠤ ᠦᠨᠡᠯᠡᠨ ᠵᠢᠱᠢᠬᠦ᠂ ᠨᠡᠷᠡᠰ ᠤᠨ | ᠵᠢᠭᠰᠠᠭᠠᠯᠲᠠ ᠳᠤ ᠵᠠᠷᠯᠠᠨ ᠮᠡᠳᠡᠭᠳᠡᠨ᠎ᠡ᠃ ᠡᠯ᠎ᠡ ᠲᠤᠷᠰᠢᠯᠲᠠ ᠶᠢᠨ ᠭᠠᠵᠠᠷ ᠣᠷᠣᠨ ᠤ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠤᠳᠤᠷᠢᠳᠬᠤ ᠪᠠᠶᠢᠭᠤᠯᠤᠮᠵᠢ ᠠᠴᠠ ᠬᠠᠷᠢᠶ᠎ᠠ ᠣᠷᠣᠨ ᠤ ᠨᠢᠭᠡᠴᠢ᠂ ᠵᠡᠭᠡᠯᠢ | ᠭᠤᠳᠤᠮᠵᠢ ᠶᠢ ᠰᠢᠯᠭᠠᠨ ᠬᠢᠨᠠᠵᠤ᠂ ᠨᠡᠷᠡᠰ ᠤᠨ ᠵᠢᠭᠰᠠᠭᠠᠯᠲᠠ ᠬᠢᠨ᠎ᠠ᠃ ᠡᠯ᠎ᠡ ᠪᠦᠷᠢᠯᠳᠦᠬᠦᠨ ᠨᠢᠭᠡᠴᠢ ᠨᠦᠭᠦᠳ ᠠᠵᠢᠯ | ᠲᠥᠷᠥᠯ ᠤᠨ ᠬᠠᠮᠢᠶᠠᠷᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ | ᠬᠢᠨᠠᠨ ᠰᠢᠯᠭᠠᠵᠤ ᠬᠠᠮᠢᠶᠠᠷᠬᠤ ᠠᠵᠢᠯ ᠢ ᠬᠢᠨ᠎ᠠ᠃ | ︵ᠲᠠᠪᠤ︶ ᠲᠣᠭᠲᠠᠴᠠ ᠶᠢᠨ ᠪᠠᠶᠢᠭᠤᠯᠤᠯ ᠤᠨ ᠰᠢᠨ᠎ᠡ ᠶᠢ ᠡᠭᠦᠳᠦᠨ᠎ᠡ᠃ ᠨᠡᠶᠢᠭᠡᠮ ᠤᠨ ᠬᠥᠷᠥᠩᠭᠡ ᠶᠢᠨ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠶᠳᠪᠦᠷᠢᠯᠡᠬᠦ ᠳᠤ | ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠤᠨ᠎ᠠ᠃ ᠣᠨᠴᠠ ᠵᠥᠪᠰᠢᠶᠡᠷᠡᠯ ᠢᠶᠠᠷ ᠡᠵᠡᠩᠨᠡᠬᠦ᠂ | ᠳᠠᠭᠠᠭᠠᠴᠢᠯᠠᠨ ᠡᠵᠡᠩᠨᠡᠬᠦ᠂ ᠲᠦᠷᠢᠶᠡᠰᠦᠯᠡᠨ ᠡᠵᠡᠩᠨᠡᠬᠦ ᠵᠡᠷᠭᠡ ᠠᠷᠭ᠎ᠠ ᠮᠠᠶ᠋ᠢᠭ ᠢ ᠢᠳᠡᠪᠬᠢᠲᠡᠶ ᠪᠠᠷ ᠬᠠᠶᠢᠨ | ᠰᠦᠪᠡᠭᠴᠢᠯᠡᠵᠦ᠂ ᠢᠯᠡ ᠪᠠᠷ ᠳᠠᠭᠠᠭᠠᠴᠢᠯᠠᠯᠲᠠ ᠵᠠᠷᠯᠠᠬᠤ ᠪᠠᠷ ᠳᠠᠮᠵᠢᠭᠤᠯᠤᠨ ᠲᠤᠰᠬᠠᠶᠢᠵᠢᠭᠰᠠᠨ ᠦᠶᠯᠡᠴᠢᠯᠡᠭᠡᠨ ᠤ | ᠺᠣᠮᠫᠠᠨᠢ ᠶᠢ ᠣᠷᠣᠭᠤᠯᠤᠨ ᠠᠪᠴᠢᠷᠠᠨ᠎ᠠ᠃ ︽ᠨᠡᠶᠢᠭᠡᠮ ᠤᠨ ᠠᠵᠢᠯᠲᠠᠨ + ᠰᠠᠶᠢᠨ ᠳᠤᠷ᠎ᠠ ᠶᠢᠨ ᠠᠵᠢᠯᠯᠠᠭᠴᠢ︾ | ᠵᠡᠷᠭᠡ ᠵᠠᠭᠪᠤᠷ ᠢ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠬᠤᠭ ᠨᠣᠪᠰᠢ ᠶᠢ ᠲᠥᠷᠥᠯ ᠬᠤᠪᠢᠶᠠᠬᠤ ᠦᠶᠯᠡᠴᠢᠯᠡᠭᠡ ᠥᠷᠨᠢᠭᠦᠯᠬᠦ ᠶᠢ ᠠᠬᠢᠭᠤᠯᠬᠤ ᠶᠢᠨ ᠬᠠᠮᠲᠤ᠂ ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠬᠤ ᠭᠤᠤᠯ ᠴᠣᠭᠴᠠ ᠶᠢ ᠠᠯᠬᠤᠮ ᠠᠯᠬᠤᠮ ᠢᠶᠠᠷ ᠦᠨᠡᠨᠴᠢ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠳᠤ ᠣᠷᠣᠭᠤᠯᠤᠨ᠎ᠠ᠃ ᠮᠡᠳᠡᠭᠡ ᠵᠠᠩᠭᠢᠵᠢᠯᠲᠠ ᠵᠡᠷᠭᠡ ᠠᠷᠭ᠎ᠠ ᠪᠠᠷᠢᠯ ᠢ ᠬᠡᠷᠡᠭᠯᠡᠨ᠂ | ︽ᠢᠨᠲ᠋ᠧᠷ ᠰᠦᠯᠵᠢᠶ᠎ᠡ +︾ ᠲᠠᠪᠴᠠᠩ ᠢ ᠬᠥᠭᠵᠢᠭᠦᠯᠵᠦ᠂ ᠬᠤᠭ ᠨᠣᠪᠰᠢ ᠶᠢ ᠲᠦᠷᠦᠯ ᠬᠤᠪᠢᠶᠠᠬᠤ ᠪᠦᠬᠦ | ᠶᠠᠪᠤᠴᠠ ᠶᠢᠨ ᠰᠢᠰᠲ᠋ᠧᠮ ᠳᠠᠬᠢ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠲᠦᠷᠦᠯ | ᠬᠤᠪᠢᠶᠠᠬᠤ ᠪᠦᠬᠦ ᠶᠠᠪᠤᠴᠠ ᠶᠢᠨ ᠡᠯ᠎ᠡ ᠵᠠᠩᠭᠢᠯᠠᠭ᠎ᠠ ᠶᠢ ᠪᠦᠲᠦᠮᠵᠢᠲᠡᠶ ᠪᠠᠷ ᠵᠣᠯᠭᠠᠭᠤᠯᠬᠤ ᠶᠢ ᠴᠢᠩᠭᠠᠳᠬᠠᠨ᠎ᠠ᠃ | ᠨᠠᠮ ᠤᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠵᠡᠷᠭᠡ ᠬᠠᠮᠢᠶᠠᠷᠤᠯᠲᠠ ᠶᠢᠨ ᠲᠣᠤᠷ ᠢ ᠭᠦᠶᠴᠡᠳ ᠠᠰᠢᠭᠯᠠᠨ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠵᠤ | ᠂ ᠣᠯᠠᠨ ᠲᠦᠮᠡᠨ ᠤ ᠳᠤᠮᠳᠠ ᠭᠦᠨᠵᠡᠭᠡᠶᠢᠷᠡᠬᠦ ᠶᠢ ᠳᠥᠯᠭᠢᠨ ᠠᠬᠢᠭᠤᠯᠵᠤ᠂ ︽ᠭᠤᠯᠳᠤ ᠪᠠᠷ ᠡᠴᠦᠰ ᠲᠤᠨᠢ ᠲᠤᠯᠲᠠᠯ᠎ᠠ | ᠂ ᠬᠥᠨᠳᠡᠯᠡᠨ ᠢᠶᠠᠷ ᠵᠠᠬ᠎ᠠ ᠬᠢᠵᠠᠭᠠᠷ ᠬᠦᠷᠲᠡᠯ᠎ᠡ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ︾ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | | ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2022 ᠣᠨ ᠤ 2 ᠰᠠᠷ᠎ᠠ ᠶᠢᠨ 18 ᠤ ᠡᠳᠦᠷ ᠳᠠᠷᠤᠮᠠᠯᠯᠠᠨ ᠲᠠᠷᠬᠠᠭᠠᠪᠠ | |