ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠤᠨ ᠬᠤᠷᠠᠯ ᠵᠢᠴᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2022 ᠣᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/7
    4 ᠰᠠᠷ᠎ᠠ ᠶᠢᠨ 6 ᠤ ᠡᠳᠦᠷ᠂ ᠪᠦᠬᠦ ᠬᠤᠲᠠ ᠶᠢᠨ ᠠᠶᠤᠯᠬᠦᠢ ᠦᠢᠯᠡᠳᠪᠦᠷᠢᠯᠡᠯ ᠤᠨ ᠪᠣᠯᠪᠠᠰᠤᠷᠠᠭᠤᠯᠤᠯ ᠤᠨ ᠬᠤᠷᠠᠯ ᠵᠢᠴᠢ ᠬᠤᠲᠠ ᠶᠢᠨ ᠠᠶᠤᠯᠬᠦᠢ ᠦᠢᠯᠡᠳᠪᠦᠷᠢᠯᠡᠯ ᠤᠨ ᠵᠥᠪᠯᠡᠯ ᠤᠨ 2022 ᠣᠨ ᠤ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠭᠤᠰᠢᠯᠠᠭᠤᠯᠵᠤ᠂ ᠪᠦᠬᠦ ᠬᠤᠳᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ ᠤᠨ ᠬᠢᠨ ᠢ ᠲᠠᠶᠢᠴᠢᠯᠠᠨ ᠣᠶᠢᠷ᠎ᠠ ᠶᠢᠨ ᠬᠤᠭᠤᠴᠠᠭᠠᠨ ᠤ ᠠᠶᠤᠯᠭᠦᠢ ᠶᠢᠨ ᠡ᠊ᠨᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠪᠠ᠃     ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ ᠴᠢ ᠹᠧᠢ ᠶᠦᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠰᠦᠨ ᠶᠦᠩ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃ ᠬᠤᠳᠠ ᠶᠢᠨ ᠤᠳᠤᠷᠢᠳᠤᠯᠭ᠎ᠠ ᠶᠦᠨ ᠫᠧᠩ ᠭᠠᠩ᠂ ᠼᠤᠤ ᡁᠢ᠂ ᠹᠠᠩ ᠽᠧ᠂ ᠯᠢ ᠵᠢᠶᠠᠨ ᠸᠧᠨ᠂ ᠭᠦᠩ ᠵᠢᠶᠠᠨ᠂ ᠨᠠᠰᠤᠨᠪᠠᠳᠤ ᠬᠤᠷᠠᠯ ᠳᠤ ᠣᠷᠣᠯᠴᠠᠵᠠᠢ᠃ ᠬᠤᠷᠠᠯ ᠢ ᠸᠢᠳᠢᠤ᠋ ᠶᠢᠨ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃     ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠰᠦᠨ ᠶᠦᠩ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠵᠤ᠂ ︽ᠠᠶᠤᠯᠭᠦᠢ ᠦᠢᠯᠡᠳᠪᠦᠷᠢᠯᠡᠯ ᠢ ᠬᠡᠷᠬᠢᠨ ᠠᠳᠬᠤᠬᠤ᠂ ᠶᠠᠭᠤ ᠶᠢ ᠠᠳᠬᠤᠬᠤ︾ ᠲᠣᠭᠤᠷᠢᠨ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠭᠤᠣᠯᠳᠠᠯᠭ᠎ᠠ ᠲᠠᠢ ᠠᠵᠢᠯ ᠲᠥᠷᠥᠯ᠂ ᠵᠠᠩᠭᠢᠯᠠᠭ᠎ᠠ ᠶᠢᠨ ᠭᠤᠭᠴᠤᠭ᠎ᠠ ᠵᠡᠷᠭᠡ ᠲᠠᠯ᠎ᠠ ᠪᠠᠷ ᠲᠤᠰᠬᠠᠢ ᠰᠡᠳᠦᠪᠲᠦ ᠲᠠᠶᠢᠯᠤᠮᠵᠢ ᠬᠢᠭᠰᠡᠨ ᠪᠥᠭᠡᠳ ᠤᠯᠠᠭᠠᠨᠴᠠᠪ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠠᠶᠤᠯᠭᠦᠢ ᠦᠢᠯᠡᠳᠪᠦᠷᠢᠯᠡᠯ ᠨᠢ ᠠᠷᠠᠳ ᠣᠯᠠᠨ ᠤ ᠠᠵᠠ ᠵᠢᠷᠭᠠᠯ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ  ᠲᠠᠢ ᠬᠤᠯᠪᠣᠭᠳᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠠᠮᠤᠷ ᠲᠦᠪᠰᠢᠨ ᠢᠶᠠᠷ ᠬᠥᠭᠵᠢᠭᠦᠯᠬᠦ ᠪᠠ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠯᠠᠭᠠᠨ ᠱᠤᠭᠤᠮ ᠤᠨ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠶᠢ ᠴᠢᠨᠠᠭᠰᠢᠳᠠ ᠴᠢᠩᠭᠠᠳᠬᠠᠵᠤ᠂ ᠴᠠᠭ ᠢᠮᠠᠭᠲᠠ ᠰᠡᠷᠭᠡᠭ ᠲᠠᠨᠢᠯᠲᠠ ᠪᠣᠯᠣᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠪᠠ ᠠᠮᠤᠷ ᠲᠦᠪᠰᠢᠨ ᠢ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃     ᠬᠤᠷᠠᠯ ᠠᠴᠠ ᠱᠠᠭᠠᠷᠳᠠᠭᠰᠠᠨ ᠨᠢ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠳᠠᠯᠳᠠ ᠬᠡᠮ ᠢ ᠠᠷᠢᠯᠭᠠᠬᠤ᠂ ᠠᠳᠡᠯ ᠢ ᠬᠤᠷᠢᠭᠯᠠᠬᠤ᠂ ᠠᠮᠤᠷ ᠲᠦᠪᠰᠢᠨ ᠢ ᠪᠠᠲᠤᠯᠠᠬᠤ︾ ᠪᠤᠭᠤᠮᠳᠠ ᠰᠢᠪᠳᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ᠂ ᠬᠠᠮᠤᠭ ᠤᠨ ᠶᠡᠭᠡ ᠡᠷᠴᠢᠮ ᠢᠶᠠᠷ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠰᠢᠰᠲ᠋ᠧᠮ ᠲᠠᠢ ᠪᠠᠷ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠢ ᠬᠢᠵᠠᠭᠠᠷᠯᠠᠵᠤ ᠪᠠᠶᠢᠭ᠎ᠠ ᠲᠣᠪᠣᠶᠢᠮ᠎ᠠ ᠵᠥᠷᠢᠴᠡᠯ ᠢ ᠲᠥᠪᠯᠡᠷᠡᠭᠦᠯᠦᠨ ᠰᠢᠢᠳᠪᠦᠷᠢᠯᠡᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠦᠨᠡᠨᠬᠦ ᠪᠠᠲᠤᠳᠬᠠᠵᠤ᠂ ᠠᠶᠤᠯᠭᠦᠢ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃     ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷ ᠤᠳᠤᠷᠢᠳᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠪᠠᠷ ᠢᠶᠠᠨ ᠣᠷᠣᠯᠴᠠᠵᠤ᠂ ᠠᠶᠤᠯᠭᠦᠢ ᠦᠢᠯᠡᠳᠪᠦᠷᠢᠯᠡᠯ ᠢ ᠦᠨᠡᠨᠬᠦ ᠪᠣᠳᠠᠲᠠᠢ ᠠᠳᠬᠤᠵᠤ ᠂ ᠯᠠᠪᠳᠠᠭᠤᠨ ᠪᠠᠲᠤᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠠᠵᠢᠯ ᠤᠨ ᠪᠠᠶᠢᠷᠢ ᠨᠢᠭᠡᠪᠦᠷᠢ᠂ ᠭᠤᠭᠴᠤᠭ᠎ᠠ ᠨᠢᠭᠡᠪᠦᠷᠢ᠂ ᠶᠠᠪᠤᠴᠠ ᠨᠢᠭᠡᠪᠦᠷᠢ ᠳᠤ ᠨᠠᠶᠢᠳᠠᠪᠤᠷᠢᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ᠬᠦᠨᠳᠦ ᠶᠡᠭᠡ ᠭᠡᠮ ᠰᠣᠭᠤᠭ ᠪᠣᠯᠣᠨ ᠲᠣᠪᠣᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠪᠣᠯᠣᠨ ᠳᠤᠲᠠᠭᠳᠠᠯ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ ᠭᠡᠵᠤ ᠴᠢᠬᠤᠯᠠᠴᠢᠯᠠᠪᠠ᠃                                        ᠵᠤᠬᠢᠶᠠᠭᠴᠢ᠄  ᠯᠢᠤ ᠶᠠᠩ                    ᠤᠷᠴᠢᠭᠤᠯᠤᠭᠴᠢ᠄ ᠬᠦᠰᠡᠯ                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2