ᠯᠢᠶᠠᠩᠴᠧᠩ ᠰᠢᠶᠠᠨ ᠤ ᠮᠦᠬᠤᠸᠠ ᠭᠤᠤᠯ ᠤᠨ ᠣᠯᠠᠨ ᠡᠬᠢᠳᠤ ᠪᠣᠬᠢᠷᠲᠤᠯ ᠢ ᠰᠡᠷᠭᠡᠶᠢᠯᠡᠨ ᠡᠵᠡᠮᠳᠡᠵᠦ ᠵᠠᠰᠠᠬᠤ ᠢᠨᠵᠧᠨᠧᠷᠢᠩ ᠤᠨ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2022/4/7
         4 ᠰᠠᠷ᠎ᠠ ᠶᠢᠨ 3 ᠤ ᠡᠳᠦᠷ᠂ ᠯᠢᠶᠠᠩᠴᠧᠩ ᠰᠢᠶᠠᠨ ᠤ ᠮᠦᠬᠤᠸᠠ ᠭᠤᠤᠯ ᠤᠨ ᠣᠯᠠᠨ ᠡᠬᠢᠳᠤ ᠪᠣᠬᠢᠷᠲᠤᠯ ᠢ ᠰᠡᠷᠭᠡᠶᠢᠯᠡᠨ ᠡᠵᠡᠮᠳᠡᠵᠦ ᠵᠠᠰᠠᠬᠤ ᠢᠨᠵᠧᠨᠧᠷᠢᠩ ᠤᠨ ᠠᠵᠢᠯ ᠢᠶᠠᠨ ᠪᠥᠬᠦ ᠲᠠᠯ᠎ᠠ ᠪᠠᠷ ᠰᠡᠷᠭᠦᠭᠡᠪᠡ᠃ ᠲᠣᠰ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ ᠨᠢ 3999.73 ᠲᠦᠮᠡᠨ ᠲᠥᠭᠦᠷᠢᠭ ᠪᠠᠶᠢᠵᠤ᠂    ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠳᠠᠭ᠎ᠠ ᠶᠢᠨ ᠨᠠᠭᠤᠷ ᠤᠨ ᠰᠠᠪᠠ ᠭᠠᠵᠠᠷ ᠢ ᠬᠠᠮᠠᠭᠠᠯᠠᠨ ᠵᠠᠰᠠᠬᠤ ᠶᠢᠨ ᠬᠡᠷᠡᠭᠵᠢᠭᠦᠯᠬᠦ ᠲᠥᠰᠦᠯ︾ ᠳᠤ ᠵᠢᠭᠰᠠᠭᠠᠭᠳᠠᠭᠰᠠᠨ ᠴᠢᠬᠤᠯᠠ ᠪᠠᠯᠠ ᠣᠷᠣᠭᠤᠯᠤᠯᠲᠠ ᠶᠢᠨ ᠵᠦᠢᠯᠡᠰ ᠤᠨ ᠨᠢᠭᠡ ᠪᠣᠯᠤᠨ᠎ᠠ᠂ ᠪᠥᠲᠥᠭᠡᠨ ᠪᠠᠶᠢᠭᠤᠯᠬᠤ ᠵᠦᠢᠯᠰ ᠨᠢ᠄ 281 ᠮᠥ ᠭᠤᠤᠯ ᠤᠨ ᠵᠠᠮ ᠤᠨ ᠬᠤᠩᠭᠢᠯ ᠤᠨ ᠴᠢᠭᠢᠭᠯᠢᠭ ᠭᠠᠵᠠᠷ᠂ 798 ᠮᠥ ᠠᠮᠢ ᠠᠬᠤᠶ ᠶᠢᠨ ᠬᠠᠮᠠᠭᠠᠯᠠᠯᠲᠠ ᠶᠢᠨ ᠪᠦᠰᠡ ᠶᠢ ᠰᠢᠨ᠎ᠡ ᠪᠠᠷ ᠪᠠᠶᠢᠭᠤᠯᠵᠤ᠂ ᠮᠦᠬᠤᠸᠠ ᠭᠤᠤᠯ ᠤᠨ ᠰᠠᠪᠠ ᠭᠠᠵᠠᠷ ᠤᠨ ᠣᠯᠠᠨ ᠡᠬᠢᠳᠤ ᠪᠣᠬᠢᠷᠲᠤᠯ ᠢ ᠵᠣᠭᠰᠣᠭᠠᠬᠤ ᠪᠠ  ᠴᠡᠪᠡᠷᠰᠢᠭᠦᠯᠬᠦ ᠪᠤᠯᠤᠨ᠎ᠠ᠃ ᠬᠡᠷᠡᠭᠵᠢᠭᠦᠯᠬᠦ ᠬᠤᠭᠤᠴᠠᠭ᠎ᠠ ᠨᠢ 2021 — 2023 ᠣᠨ ᠪᠣᠯᠤᠨ᠎ᠠ᠃ 2021 ᠣᠨ ᠳᠤ ᠰᠠᠭᠤᠷᠢ ᠴᠢᠨᠠᠷᠲᠠᠶ ᠰᠢᠷᠣᠶ ᠴᠢᠯᠠᠭᠤᠨ ᠤ ᠢᠨᠵᠧᠨᠧᠷᠢᠩ ᠢ ᠳᠠᠭᠤᠰᠬᠠᠪᠠ᠃ 2022 ᠣᠨ ᠳᠤ 1100 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠲᠠᠷᠢᠮᠠᠯ ᠤᠨ ᠢᠨᠵᠧᠨᠧᠷᠢᠩ ᠢ ᠪᠡᠶᠡᠯᠡᠭᠦᠯᠬᠦ ᠪᠠᠷ ᠲᠥᠯᠥᠪᠯᠡᠵᠦ ᠪᠣᠶ᠃                              ᠤᠷᠴᠢᠭᠤᠯᠤᠭᠴᠢ᠄ ᠬᠤᠩ ᠱᠦᠸᠧ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2