ᠵᠢᠨᠢᠩ ᠲᠣᠭᠤᠷᠢᠭ ᠤᠨ ᠬᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠣ ᠪᠠᠶᠢᠨ᠎ᠠ
ᠨᠡᠶᠢᠲᠡᠯᠡᠭᠰᠡᠨ ᠴᠠᠭ᠄
2022/4/7
        2022 ᠣᠨ ᠳᠤ᠂ ᠵᠢᠨᠢᠩ ᠲᠣᠭᠤᠷᠢᠭ ᠤᠨ ᠵᠢᠱᠢᠯᠲᠡ ᠪᠠᠷ ᠬᠠᠪᠤᠷ ᠤᠨ ᠲᠠᠷᠢᠶᠠᠯᠠᠭ᠎ᠠ ᠶᠢᠨ ᠲᠠᠷᠢᠮᠠᠯ ᠤᠨ ᠲᠠᠯᠠᠪᠠᠶ 11.03 ᠲᠦᠮᠡᠨ ᠮᠥ ᠳᠤ ᠬᠦᠷᠴᠦ᠂ ᠡᠭᠦᠨ ᠤ ᠳᠣᠲᠤᠷ᠎ᠠ ᠠᠮᠤ ᠪᠤᠳᠠᠭᠠᠨ ᠤ ᠲᠠᠷᠢᠮᠠᠯ 7.4 ᠲᠦᠮᠡᠨ ᠮᠥ᠂ ᠠᠵᠤ ᠠᠬᠤᠶ ᠶᠢᠨ ᠲᠠᠷᠢᠮᠠᠯ 2.5 ᠲᠦᠮᠡᠨ ᠮᠥ᠂ ᠡᠪᠡᠰᠦ ᠪᠣᠷᠳᠣᠭᠠᠨ ᠤ ᠲᠠᠷᠢᠮᠠᠯ 1.13 ᠲᠦᠮᠡᠨ ᠮᠥ ᠪᠠᠶᠢᠨ᠎ᠠ᠃ ᠲᠥᠰᠦᠭᠡᠯᠡᠨ ᠪᠤᠳᠤᠭᠰᠠᠨ ᠢᠶᠠᠷ᠂ ᠰᠦᠯᠢᠶᠣᠣ ᠪᠦᠷᠬᠦᠪᠴᠢ ᠶᠢᠨ ᠬᠡᠷᠡᠭᠰᠡᠬᠦ ᠬᠡᠮᠵᠢᠶ᠎ᠡ 190 ᠲᠣᠨ᠂ ᠲᠠᠷᠢᠶᠠᠨ ᠡᠮ ᠤᠨ ᠬᠡᠷᠡᠭᠰᠡᠬᠦ ᠬᠡᠮᠵᠢᠶ᠎ᠡ 6.8 ᠲᠣᠨ᠂ ᠬᠢᠮᠢ ᠶᠢᠨ ᠪᠣᠷᠳᠣᠭᠤᠷ ᠶᠢᠨ ᠬᠡᠷᠡᠭᠰᠡᠬᠦ ᠬᠡᠮᠵᠢᠶ᠎ᠡ 1140 ᠲᠣᠨ᠂ ᠬᠤᠣᠷ ᠢ ᠨᠢ ᠠᠷᠢᠯᠭᠠᠭᠰᠠᠨ ᠲᠥᠮᠥᠰᠥ ᠶᠢᠨ ᠦᠷ᠎ᠡ ᠶᠢᠨ ᠬᠡᠷᠡᠭᠰᠡᠬᠦ ᠬᠡᠮᠵᠢᠶ᠎ᠡ 2286 ᠲᠣᠨ ᠪᠠᠶᠢᠵᠤ᠂ ᠪᠦᠭᠦ ᠲᠣᠭᠤᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠪᠠᠶᠢᠳᠠᠯ ᠢ ᠣᠶᠢᠯᠭᠠᠨ ᠪᠠᠶᠢᠴᠠᠭᠠᠬᠤ ᠪᠠᠷ ᠳᠠᠮᠵᠢᠭᠠᠳ᠂ ᠵᠢᠨᠢᠩ ᠲᠣᠭᠤᠷᠢᠭ ᠤᠨ ᠰᠦᠯᠢᠶᠣᠣ ᠪᠦᠷᠬᠦᠪᠴᠢ ᠶᠢᠨ ᠬᠠᠳᠠᠭᠠᠯᠠᠭᠳᠠᠴᠠ 200 ᠲᠣᠨ᠂ ᠲᠠᠷᠢᠶᠠᠨ ᠡᠮ 3 ᠲᠣᠨ᠂ ᠬᠢᠮᠢ ᠶᠢᠨ ᠪᠤᠷᠳᠤᠭᠤᠷ 2356 ᠲᠣᠨ᠂ ᠬᠤᠣᠷ ᠢ ᠨᠢ ᠠᠷᠢᠯᠭᠠᠭᠰᠠᠨ ᠲᠥᠮᠥᠰᠥ ᠶᠢᠨ ᠦᠷ᠎ᠡ 3000 ᠲᠣᠨ ᠪᠠᠶᠢᠵᠤ᠂ ᠲᠠᠷᠢᠶᠠᠨ ᠡᠮ ᠤᠨ ᠲᠦᠷᠦᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠬᠠᠳᠠᠭᠠᠯᠠᠬᠤ ᠳᠤ ᠳᠥᠭᠦᠮ ᠦᠭᠡᠢ ᠤᠴᠢᠷ ᠠᠴᠠ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ 4 — 5 ᠰᠠᠷ᠎ᠠ ᠳᠤ ᠲᠥᠪᠯᠡᠷᠡᠭᠦᠯᠦᠨ ᠪᠠᠷᠠᠭ᠎ᠠ ᠪᠡᠯᠡᠳᠬᠡᠬᠦ ᠪᠠᠷ ᠪᠠᠶᠢᠨ᠎ᠠ᠂ ᠪᠤᠰᠤᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠪᠡᠯᠡᠳᠬᠡᠯ ᠪᠠᠷᠠᠭ᠎ᠠ ᠭᠦᠢᠴᠡᠳ ᠪᠠᠶᠢᠵᠤ᠂ ᠦᠨ᠎ᠡ ᠬᠠᠩᠰᠢ ᠨᠢ ᠥᠩᠭᠡᠷᠡᠭᠰᠡᠨ ᠵᠢᠯ ᠤᠳ ᠤᠨ ᠬᠢ ᠠᠴᠠ ᠥᠰᠦᠭᠰᠡᠨ ᠪᠣᠯᠪᠠᠴᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠨᠥᠯᠥᠭᠡᠯᠡᠬᠦ ᠦᠭᠡᠢ᠃ ᠡᠭᠦᠨ ᠤ ᠬᠠᠮᠲᠤ᠂ ᠪᠥᠬᠦ ᠲᠣᠭᠤᠷᠢᠭ ᠤᠨ ᠲᠷᠠᠺᠲ᠋ᠣᠷ ᠤᠨ ᠬᠠᠳᠠᠭᠠᠯᠠᠯᠲᠠ ᠶᠢᠨ ᠬᠡᠮᠵᠢᠶ᠎ᠡ 632᠂ ᠲᠠᠷᠢᠶᠠᠯᠠᠵᠤ ᠲᠡᠭᠰᠢᠯᠡᠬᠦ ᠵᠢᠴᠢ ᠳᠠᠷᠢᠵᠤ ᠲᠥᠬᠦᠷᠵᠢᠭᠦᠯᠬᠦ ᠮᠠᠰᠢᠨ 1415 ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠤᠭᠤᠴᠠᠭᠠᠨ ᠳᠠᠬᠢ ᠲᠠᠷᠢᠶᠠᠯᠠᠩ ᠤᠨ ᠮᠠᠰᠢᠨ ᠤ ᠲᠠᠯ᠎ᠠ ᠶᠢᠨ ᠬᠡᠷᠡᠭᠴᠡᠭᠡ ᠶᠢ ᠪᠠᠲᠤᠯᠠᠵᠤ ᠴᠢᠳᠠᠨ᠎ᠠ᠃ ᠡᠭᠦᠨ ᠤ ᠵᠡᠷᠭᠡ ᠳᠤ ᠪᠦᠬᠦ ᠲᠣᠭᠤᠷᠢᠭ ᠤᠨ 22 ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠲᠤ ᠲᠤᠰᠬᠠᠶ ᠪᠠᠶᠢᠴᠠᠭᠠᠯᠲᠠ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠭᠴᠢ ᠶᠢᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠠᠷᠢᠶᠠᠴᠢᠳ ᠤᠨ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ ᠰᠣᠩᠭᠤᠵᠤ ᠬᠤᠳᠠᠯᠳᠤᠨ ᠠᠪᠬᠤ ᠳᠤ ᠶᠠᠰᠤ ᠴᠢᠨᠠᠷ ᠤᠨ ᠠᠮᠤᠷ ᠲᠦᠪᠰᠢᠨ ᠤ ᠪᠠᠲᠤᠯᠠᠭ᠎ᠠ ᠬᠠᠩᠭᠠᠪᠠ︔ ᠨᠢᠭᠡ ᠰᠢᠶᠠᠩ ᠨᠢᠭᠡ ᠪᠠᠯᠭᠠᠰᠤ ᠶᠢ ᠵᠣᠬᠢᠶᠠᠨ ᠪᠠᠶᠢᠭᠤᠯᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠪᠡᠷᠬᠡ  ᠶᠢ ᠲᠤᠭᠤᠯᠬᠤ ᠠᠵᠢᠯᠯᠠᠭ᠎ᠠ ᠶᠢ ᠥᠷᠨᠢᠭᠦᠯᠵᠦ᠂ ᠣᠲᠣ ᠨᠢᠭᠡᠨᠲᠡ 4 ᠲᠦᠮᠡᠨ ᠮᠥ᠂ 120 ᠲᠣᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ᠂ ᠦᠯᠡᠳᠡᠭᠰᠡᠨ ᠰᠦᠯᠢᠶᠣᠣ ᠪᠦᠷᠬᠦᠪᠴᠢ ᠶᠢ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠶᠠᠭ ᠰᠠᠶᠢᠬᠠᠨ ᠬᠤᠷᠢᠶᠠᠨ ᠠᠪᠬᠤ ᠠᠵᠢᠯ ᠢ ᠵᠣᠬᠢᠶᠠᠨ ᠪᠠᠶᠢᠭᠤᠯᠵᠤ ᠪᠠᠶᠢᠨ᠎ᠠ᠂ ᠵᠢᠱᠢᠯᠲᠡ ᠪᠠᠷ 4 ᠰᠠᠷ᠎ᠠ ᠶᠢᠨ ᠰᠢᠨᠡᠳ ᠠᠴᠠ ᠡᠮᠦᠨ᠎ᠡ ᠪᠦᠬᠦᠨ ᠢ ᠬᠤᠷᠢᠶᠠᠨ ᠠᠪᠴᠤ᠂ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃                              ᠤᠷᠴᠢᠭᠤᠯᠤᠭᠴᠢ᠄ ᠬᠤᠩ ᠱᠦᠸᠧ                              ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2