ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠵᠢᠴᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/8
    4 ᠰᠠᠷ᠎ᠠ ᠶᠢᠨ 7  ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ  ᠬᠤᠷᠠᠯ ᠵᠢᠴᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ  ᠤ 3 ᠰᠠᠷ᠎ᠠ ᠶᠢᠨ 31  ᠤ ᠡᠳᠦᠷ ᠤᠨ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 4 ᠰᠠᠷ᠎ᠠ ᠶᠢᠨ 1  ᠤ ᠡᠳᠦᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠤᠭᠤᠰᠢᠯᠠᠭᠤᠯᠵᠤ ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠦᠨᠳᠦ ᠨᠣᠴᠢᠲᠠᠢ ᠴᠢᠨᠠᠷ ᠨᠠᠷᠢᠨ ᠪᠤᠳᠤᠯᠢᠶᠠᠨᠲᠠᠢ ᠴᠢᠨᠠᠷ ᠢ ᠰᠡᠷᠭᠡᠭ ᠢᠶᠠᠷ ᠲᠠᠨᠢᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠠᠳᠬᠤᠵᠤ᠂ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠤᠬᠠᠭᠤᠯᠭ᠎ᠠ ᠶᠢᠨ ᠰᠡᠷᠡᠮᠵᠢᠯᠡᠭᠦᠯᠬᠦ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠠᠶᠢᠷᠢ᠂ ᠵᠠᠩᠭᠢᠯᠠᠭ᠎ᠠ ᠶᠢᠨ ᠣᠷᠣᠨ ᠪᠦᠰᠡ ᠪᠣᠯᠣᠨ ᠴᠢᠬᠤᠯᠠ ᠴᠠᠭ ᠬᠤᠭᠤᠴᠠᠭ᠎ᠠ ᠶᠢ ᠴᠢᠩᠭ᠎ᠠ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠶᠢ ᠦᠷᠭᠦᠯᠵᠢᠯᠡᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠨ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠲᠦᠢᠮᠡᠷ ᠤᠨ ᠪᠠᠶᠢᠳᠠᠯ ᠢ ᠡᠷᠲᠡ ᠢᠯᠡᠷᠡᠭᠦᠯᠵᠦ ᠡᠷᠲᠡ ᠮᠡᠳᠡᠭᠦᠯᠵᠦ ᠡᠷᠲᠡ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠤᠯᠤᠰ ᠲᠦᠷᠦ ᠪᠠ ᠪᠦᠬᠦ ᠲᠠᠯ᠎ᠠ ᠶᠢᠨ ᠥᠨᠳᠥᠷᠴᠡ ᠠᠴᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠪᠠᠴᠢᠮ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠡᠮᠦᠷ ᠮᠡᠲᠦ ᠡᠷᠡᠰ ᠵᠣᠷᠢᠭ᠂ ᠬᠠᠲᠠᠭᠤ ᠠᠷᠭ᠎ᠠ ᠬᠡᠮᠵᠢᠶ᠎ᠡ᠂ ᠴᠢᠩᠭ᠎ᠠ ᠰᠠᠬᠢᠯᠭ᠎ᠠ ᠪᠠᠲᠤ ᠪᠠᠷ ᠨᠢᠭᠡ ᠪᠦᠯᠦᠭ ᠲᠣᠪᠣᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠨᠢᠭᠡ ᠪᠦᠯᠦᠭ ᠦᠨᠡᠨ ᠪᠣᠳᠠᠲᠠᠢ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠭᠡᠯ ᠢ ᠣᠯᠬᠤ ᠬᠡᠷᠡᠭᠲᠡᠢ᠃ ᠲᠡᠰ ᠳᠡᠪᠰᠢᠭᠦᠯᠵᠦ ᠱᠠᠯᠠᠪᠳᠠᠭᠤᠯᠤᠨ ᠰᠢᠢᠳᠪᠦᠷᠢᠯᠡᠭᠦᠯᠬᠦ᠂ ᠵᠣᠬᠢᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠵᠠᠰᠠᠵᠤ᠂ ᠲᠡᠷᠡ ᠳᠠᠷᠤᠢ ᠳᠤᠨᠢ ᠮᠡᠳᠡᠵᠦ ᠲᠡᠷᠡ ᠳᠠᠷᠤᠢ ᠳᠤᠨᠢ ᠵᠠᠰᠠᠵᠤ᠂ ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠵᠤ᠂  ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠭᠠᠵᠠᠷ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠶᠡᠭᠡ ᠪᠠᠶᠢᠴᠠᠭᠠᠯᠲᠠ᠂ ᠶᠡᠭᠡ ᠴᠡᠭᠴᠡᠯᠡᠨ ᠰᠠᠶᠢᠵᠢᠷᠠᠭᠤᠯᠤᠯᠲᠠ᠂ ᠶᠡᠭᠡ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠲᠦᠷᠭᠡᠨ ᠨᠥᠬᠦᠪᠦᠷᠢᠯᠡᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠱᠠᠭᠠᠷᠳᠠᠭᠰᠠᠨ ᠨᠢ᠂ ︽ᠭᠠᠳᠠᠭᠠᠳᠤ ᠠᠴᠠ ᠣᠷᠣᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠢᠮᠠᠭᠲᠠ ᠪᠠᠷᠢᠮᠲᠠᠯᠠᠵᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠮ ᠬᠠᠷᠢᠯᠴᠠᠭᠠᠨ ᠤ ᠪᠣᠭᠤᠮᠲᠠ᠂ ᠨᠡᠪᠲᠡᠷᠡᠬᠦ ᠵᠠᠮ ᠤᠨ ᠪᠠᠶᠢᠴᠠᠭᠠᠨ ᠰᠢᠯᠭᠠᠯᠲᠠ ᠶᠢ ᠴᠢᠩᠭ᠎ᠠ ᠡᠵᠡᠮᠳᠡᠵᠦ᠂ ᠠᠵᠢᠯᠲᠠᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠣᠯᠠᠨ ᠭᠠᠵᠠᠷ ᠲᠤ ᠬᠥᠨᠳᠡᠭᠳᠡᠭᠰᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠠᠷᠠᠭᠤᠯ ᠤᠨ ᠴᠡᠭ ᠢ ᠴᠢᠩᠭ᠎ᠠ ᠬᠠᠮᠢᠶᠠᠷᠴᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭ᠎ᠠ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭ᠎ᠠ ᠱᠠᠭᠠᠷᠳᠠᠵᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠪᠠᠨ ᠤᠷᠬᠢᠭᠳᠠᠭᠤᠯᠤᠭᠰᠠᠨ᠂ ᠬᠠᠷᠢᠭᠤᠴᠠᠯᠭ᠎ᠠ ᠪᠠᠨ ᠠᠯᠳᠠᠭᠰᠠᠨ ᠬᠥᠮᠥᠰ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠳᠡᠢ᠃     ᠬᠤᠷᠠᠯ ᠠᠴᠠ ︽ᠤᠯᠠᠭᠠᠨᠴᠠᠪ ᠬᠤᠳᠠ ᠶᠢᠨ 2022 ᠣᠨ ᠤ ᠠᠵᠤ ᠦᠢᠯᠡᠰ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢᠨ ᠠᠵᠢᠯ ᠤᠨ ᠬᠤᠪᠢᠶᠠᠷᠢᠯᠠᠯ︾  ᠢ ᠬᠢᠨᠠᠨ ᠵᠥᠪᠯᠡᠵᠦ᠂ ᠭᠤᠣᠯ ᠰᠢᠪᠲᠤᠯᠤᠯᠲᠠ ᠶᠢᠨ ᠴᠢᠭᠯᠡᠯ ᠢ ᠴᠢᠩᠭ᠎ᠠ ᠠᠩᠬᠠᠷᠴᠤ᠂ ᠭᠤᠣᠯ ᠤᠶᠤᠨ ᠴᠢᠳᠠᠯ ᠢᠶᠠᠨ ᠭᠠᠷᠭᠠᠵᠤ᠂ ᠡᠬᠢ ᠪᠠᠶᠠᠯᠢᠭ ᠤᠨ ᠬᠦᠴᠦᠨ ᠢ ᠪᠦᠬᠦ ᠲᠠᠯ᠎ᠠ ᠪᠠᠷ ᠨᠡᠶᠢᠳᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃                           ᠵᠤᠬᠢᠶᠠᠭᠴᠢ᠄ ᠲᠧᠩ ᠵᠢᠶᠠ                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2