2022 ᠣᠨ ᠤ 1 — 3 ᠰᠠᠷ᠎ᠠ ᠳᠤ᠂ ᠳᠥᠷᠪᠡᠳ ᠬᠤᠰᠢᠭᠤᠨ ᠤ ᠬᠢᠨ ᠨᠡᠶᠢᠲᠡ 26 ᠵᠦᠢᠯ ᠤᠨ | ᠬᠤᠳᠠᠯᠳᠤᠨ ᠠᠪᠤᠯᠲᠠ ᠶᠢ ᠪᠡᠶᠡᠯᠡᠭᠦᠯᠵᠡᠶ᠃ ᠬᠤᠳᠠᠯᠳᠤᠨ ᠠᠪᠬᠤ ᠶᠡᠷᠦᠩᠬᠡᠶ ᠲᠥᠰᠦᠪ 1683.08 ᠲᠦᠮᠡᠨ | ᠲᠥᠭᠦᠷᠢᠭ ᠪᠠᠶᠢᠵᠤ᠂ ᠬᠤᠳᠠᠯᠳᠤᠨ ᠠᠪᠤᠭᠰᠠᠨ ᠶᠡᠷᠦᠩᠬᠡᠶ ᠵᠣᠭᠤᠰᠣᠨ ᠲᠤᠭ᠎ᠠ 1665.71 ᠲᠦᠮᠡᠨ | ᠲᠥᠭᠦᠷᠢᠭ ᠲᠤ ᠬᠦᠷᠴᠦ᠂ 17.37 ᠲᠦᠮᠡᠨ ᠲᠥᠭᠦᠷᠢᠭ ᠤᠨ ᠪᠠᠯᠠ ᠮᠥᠩᠭᠦ ᠠᠷᠪᠢᠯᠠᠵᠤ᠂ ᠪᠠᠯᠠ ᠮᠥᠩᠭᠦ ᠶᠢ | ᠠᠷᠪᠢᠯᠠᠭᠰᠠᠨ ᠨᠣᠷᠮ᠎ᠠ 1.03% ᠳᠤ ᠬᠥᠷᠪᠡ᠃ | ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠬᠤᠪᠢᠶᠠᠪᠡᠯ᠄ 2 ᠵᠦᠢᠯ ᠢ ᠢᠯᠡ ᠪᠠᠷ ᠳᠠᠭᠠᠭᠠᠴᠢᠯᠠᠯᠲᠠ ᠵᠠᠷᠯᠠᠵᠤ᠂ | ᠬᠤᠳᠠᠯᠳᠤᠨ ᠠᠪᠤᠭᠰᠠᠨ ᠦᠨ᠎ᠡ 1328.36 ᠲᠦᠮᠡᠨ ᠲᠥᠭᠦᠷᠢᠭ ᠲᠤ ᠬᠦᠷᠴᠦ᠂ ᠬᠤᠳᠠᠯᠳᠤᠨ ᠠᠪᠤᠭᠰᠠᠨ ᠪᠥᠬᠦ | ᠦᠨ᠎ᠡ ᠶᠢᠨ 79.74% ᠶᠢ ᠡᠵᠡᠯᠡᠨ᠎ᠡ︔ 3 ᠵᠦᠢᠯ ᠤᠨ ᠥᠷᠢᠰᠥᠯᠳᠦᠭᠡᠨ ᠤ ᠴᠢᠨᠠᠷᠲᠠᠶ ᠵᠥᠪᠳᠡᠯᠴᠡᠭᠡ ᠬᠢᠵᠦ᠂ | ᠬᠤᠳᠠᠯᠳᠤᠨ ᠠᠪᠤᠭᠰᠠᠨ ᠦᠨ᠎ᠡ ᠨᠢ 311.27 ᠲᠦᠮᠡᠨ ᠲᠥᠭᠦᠷᠢᠭ ᠲᠤ ᠬᠦᠷᠴᠦ᠂ ᠬᠤᠳᠠᠯᠳᠤᠨ ᠠᠪᠤᠭᠰᠠᠨ | ᠶᠡᠷᠦᠩᠬᠡᠶ ᠦᠨ᠎ᠡ ᠶᠢᠨ 18.69% ᠶᠢ ᠡᠵᠡᠯᠡᠪᠡ︔ ᠡᠯᠧᠺᠲᠷᠣᠨ ᠢᠶᠠᠷ ᠬᠤᠳᠠᠯᠳᠤᠨ ᠠᠪᠤᠭᠰᠠᠨ 21 ᠵᠦᠢᠯ | ᠪᠠᠶᠢᠵᠤ᠂ ᠬᠤᠳᠠᠯᠳᠤᠨ ᠠᠪᠤᠭᠰᠠᠨ ᠦᠨ᠎ᠡ ᠨᠢ 26.08 ᠲᠦᠮᠡᠨ ᠲᠥᠭᠦᠷᠢᠭ ᠲᠤ ᠬᠦᠷᠴᠦ᠂ ᠬᠤᠳᠠᠯᠳᠤᠨ | ᠠᠪᠤᠭᠰᠠᠨ ᠪᠥᠬᠦ ᠦᠨ᠎ᠡ ᠶᠢᠨ 1.57% ᠶᠢ ᠡᠵᠡᠯᠡᠪᠡ︔ | ᠬᠤᠳᠠᠯᠳᠤᠨ ᠠᠪᠤᠭᠰᠠᠨ ᠪᠦᠲᠦᠴᠡ ᠶᠢᠨ ᠲᠠᠯ᠎ᠠ ᠠᠴᠠ ᠦᠵᠡᠪᠡᠯ᠄ ᠪᠠᠷᠠᠭᠠᠨ ᠤ ᠲᠥᠷᠥᠯ ᠤᠨ ᠬᠤᠳᠠᠯᠳᠤᠨ | ᠠᠪᠤᠯᠲᠠ 1234.35 ᠲᠦᠮᠡᠨ ᠲᠥᠭᠦᠷᠢᠭ ᠢ ᠪᠡᠶᠡᠯᠡᠭᠦᠯᠵᠦ᠂ ᠬᠤᠳᠠᠯᠳᠤᠨ ᠠᠪᠤᠭᠰᠠᠨ ᠪᠥᠬᠦ ᠦᠨ᠎ᠡ ᠶᠢᠨ 74. | 1% ᠶᠢ ᠡᠵᠡᠯᠡᠪᠡ︔ ᠦᠢᠯᠡᠴᠢᠯᠡᠭᠡᠨ ᠤ ᠲᠥᠷᠥᠯ ᠤᠨ ᠬᠤᠳᠠᠯᠳᠤᠨ ᠠᠪᠤᠯᠲᠠ 431.36 ᠲᠦᠮᠡᠨ | ᠲᠥᠭᠦᠷᠢᠭ ᠲᠤ ᠬᠦᠷᠴᠦ᠂ ᠶᠡᠷᠦᠩᠬᠡᠶ ᠳᠠᠭᠠᠭᠠᠴᠢᠯᠠᠯᠲᠠ ᠵᠠᠷᠯᠠᠭᠰᠠᠨ ᠤ 25.9% ᠶᠢ ᠡᠵᠡᠯᠡᠪᠡ᠃ | | | ᠣᠷᠴᠢᠭᠤᠯᠤᠭᠴᠢ᠄ ᠬᠤᠩ ᠱᠦᠸᠧ | ᠬᠢᠨᠠᠭᠴᠢ᠄ ᠠᠷᠢᠭᠤᠨ |