2022 ᠣᠨ ᠤ ᠪᠥᠬᠦ ᠣᠷᠣᠨ ᠤ ᠠᠵᠢᠯ ᠣᠯᠭᠤᠵᠤ ᠦᠢᠯᠡᠰ ᠪᠤᠰᠬᠠᠬᠤ ᠶᠢ ᠠᠬᠢᠭᠤᠯᠬᠤ ᠬᠤᠷᠠᠯ ᠵᠢᠴᠢ ᠵᠣᠨ ᠤ ᠤᠯᠠᠷᠢᠯ ᠤᠨ ᠠᠵᠢᠯᠲᠠᠨ ᠡᠯᠰᠡᠬᠦ ᠴᠤᠭᠯᠠᠭᠠᠨ ᠤ ᠤᠯᠠᠭᠠᠨᠴᠠᠪ ᠬᠤᠲᠠ ᠶᠢᠨ ᠬᠤᠪᠢᠶᠠᠷᠢ ᠬᠤᠷᠠᠯ ᠤᠨ ᠲᠠᠯᠠᠪᠤᠷ ᠤᠨ ᠠᠵᠢᠯᠯᠠᠭ᠎ᠠ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2022/5/24
    5 ᠰᠠᠷ᠎ᠠ ᠶᠢᠨ 22 ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ 2022 ᠣᠨ ᠤ ᠪᠥᠬᠦ ᠣᠷᠣᠨ ᠤ ᠠᠵᠢᠯ ᠣᠯᠭᠤᠵᠤ ᠦᠢᠯᠡᠰ ᠪᠤᠰᠬᠠᠬᠤ ᠶᠢ ᠠᠬᠢᠭᠤᠯᠬᠤ ᠬᠤᠷᠠᠯ ᠵᠢᠴᠢ ᠵᠣᠨ ᠤ ᠤᠯᠠᠷᠢᠯ ᠤᠨ ᠠᠵᠢᠯᠲᠠᠨ ᠡᠯᠰᠡᠬᠦ ᠬᠤᠷᠠᠯ ᠬᠥᠬᠡᠬᠤᠲᠠ ᠶᠢᠨ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠭᠤᠣᠯ ᠬᠤᠷᠠᠯ ᠤᠨ ᠲᠠᠯᠠᠪᠠᠶ ᠳᠤ ᠵᠢᠩᠬᠢᠨᠢ ᠪᠠᠷ ᠡᠬᠢᠯᠡᠵᠤ᠂ ᠲᠤᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠶᠢᠨ ᠵᠣᠷᠢᠯᠭ᠎ᠠ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠪᠣᠯᠣᠨ ᠠᠵᠢᠯ ᠡᠷᠢᠭᠰᠡᠳ ᠢ ᠬᠠᠪᠰᠤᠷᠤᠨ ᠬᠠᠩᠭᠠᠯᠭ᠎ᠠ ᠬᠡᠷᠡᠭᠴᠡᠭᠡᠨ ᠤ ᠲᠠᠪᠴᠠᠩ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠬᠥᠮᠥᠰ ᠲᠤ ︽ᠪᠦᠬᠦ ᠲᠠᠯ᠎ᠠ ᠶᠢᠨ᠂ ᠪᠦᠬᠦ ᠦᠶᠡᠯᠡᠯ ᠤᠨ ᠬᠤᠭᠤᠴᠠᠭ᠎ᠠ ᠲᠠᠢ᠂ ᠵᠠᠢ ᠵᠠᠪᠰᠡᠷ ᠦᠬᠡᠢ︾ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠬᠥᠳᠡᠯᠮᠦᠷᠢᠴᠢᠳ ᠤᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ · ᠪᠠᠳᠤ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃   ᠤᠯᠠᠭᠠᠨᠴᠠᠪ ᠬᠤᠲᠠ ᠬᠤᠪᠢᠶᠠᠷᠢ ᠬᠤᠷᠠᠯ ᠤᠨ ᠲᠠᠯᠠᠪᠠᠶ ᠶᠢᠨ ᠡᠬᠢᠯᠡᠯᠲᠡ ᠶᠢᠨ ᠶᠣᠰᠣᠯᠠᠯ ᠢ ᠵᠡᠷᠭᠡᠪᠡᠷ ᠶᠠᠪᠤᠭᠳᠠᠭᠤᠯᠵᠤ᠂ ᠤᠯᠠᠭᠠᠨᠴᠠᠪ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠤᠯᠠᠭᠠᠨᠴᠠᠪ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠳᠠᠭᠠᠭᠠᠴᠢᠯᠠᠨ ᠡᠷᠬᠢᠯᠡᠵᠦ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠭᠡᠰᠢᠭᠦᠳ ᠤᠨ ᠵᠥᠪᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠵᠢᠨᠢᠩ ᠪᠠᠭᠰᠢ ᠶᠢᠨ ᠳᠡᠭᠡᠳᠦ ᠰᠤᠷᠭᠠᠭᠤᠯᠢ᠂ ᠤᠯᠠᠭᠠᠨᠴᠠᠪ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠢᠴᠢ ᠤᠯᠠᠭᠠᠨᠴᠠᠪ ᠤᠨ ᠠᠨᠠᠭᠠᠬᠤ ᠤᠬᠠᠭᠠᠨ ᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠬᠠᠮᠵᠢᠯᠴᠠᠨ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢ ᠶᠦᠩ ᠬᠤᠪᠢᠶᠠᠷᠢ ᠲᠠᠯᠠᠪᠠᠶ ᠶᠢᠨ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ                  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2