ᠸᠠᠩ ᠯᠢ ᠰᠢᠶᠠ ᠯᠢᠶᠠᠩᠴᠧᠩ ᠰᠢᠶᠠᠨ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/25
    5 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠯᠠᠭᠠᠨᠴᠠᠪ ᠬᠤᠳᠠ ᠶᠢᠨ ᠯᠢᠶᠠᠩᠴᠧᠩ ᠰᠢᠶᠠᠨ ᠳᠤ ᠬᠦᠷᠴᠦ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠨ ᠤᠰᠤ ᠨᠥᠬᠦᠪᠥᠷᠢᠯᠡᠬᠦ ᠢᠨᠵᠧᠨᠧᠷᠢᠩ ᠪᠣᠯᠤᠨ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠵᠡᠷᠭᠡ ᠪᠠᠶᠢᠳᠠᠯ ᠢ ᠪᠠᠶᠢᠴᠠᠭᠠᠨ ᠰᠤᠳᠤᠯᠪᠠ᠃     ᠸᠠᠩ ᠯᠢ ᠰᠢᠶᠠ ᠤᠷᠢᠳ ᠬᠤᠵᠢᠳ ᠭᠦᠩ ᠪᠠ ᠾᠧ ᠭᠤᠣᠯ ᠤᠨ ᠠᠮᠠ ᠳᠠᠬᠢ ᠤᠰᠤ ᠶᠢ ᠬᠠᠰᠢᠵᠤ ᠴᠡᠪᠡᠷᠰᠢᠭᠦᠯᠬᠦ ᠢᠨᠵᠧᠨᠧᠷᠢᠩ ᠪᠣᠯᠤᠨ 3 ᠳ᠋ᠤᠭᠠᠷ ᠤᠰᠤ ᠲᠠᠲᠠᠬᠤ ᠨᠦᠬᠡᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠲᠠᠭ᠎ᠠ ᠶᠢᠨ ᠨᠠᠭᠤᠷ ᠤᠨ ᠴᠠᠬᠢᠯᠭᠠᠨ ᠤ ᠦᠢᠯᠡᠳᠪᠦᠷᠢ ᠳᠤ ᠬᠦᠷᠴᠦ᠂ ᠲᠦᠷᠦᠯ ᠵᠦᠢᠯ ᠤᠨ ᠲᠥᠯᠥᠪᠵᠢᠭᠦᠯᠭᠡ ᠶᠢ ᠣᠶᠢᠯᠠᠭᠠᠵᠤ᠂ ᠪᠠᠷᠢᠯᠭ᠎ᠠ ᠶᠢᠨ ᠠᠬᠢᠴᠠ ᠶᠢ ᠪᠠᠶᠢᠴᠠᠭᠠᠨ ᠦᠵᠡᠵᠦ᠂ ᠮᠠᠰᠢᠨ ᠴᠣᠭᠴᠠᠯᠠᠪᠤᠷᠢ ᠶᠢ ᠶᠡᠷᠦᠩᠬᠡᠶᠢᠯᠡᠨ ᠲᠡᠰ ᠳᠡᠪᠰᠢᠭᠦᠯᠵᠦ ᠥᠭᠡᠷᠡᠴᠢᠯᠡᠨ ᠪᠠᠶᠢᠭᠤᠯᠬᠤ ᠵᠢᠴᠢ ᠤᠰᠤ ᠠᠷᠪᠢᠯᠠᠬᠤ ᠪᠠᠶᠢᠳᠠᠯ ᠢ ᠯᠠᠪᠯᠠᠨ ᠠᠰᠠᠭᠤᠪᠠ᠃ ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ︽ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ︾ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠲᠦᠢᠯ ᠢᠶᠠᠷ ᠬᠠᠯᠠᠮᠵᠢᠯᠠᠵᠤ ᠪᠠᠶᠢᠨ᠎ᠠ᠂ ᠤᠯᠠᠭᠠᠨᠴᠠᠪ ᠬᠤᠳᠠ᠂ ᠯᠢᠶᠠᠩᠴᠧᠩ ᠰᠢᠶᠠᠨ ᠤ ᠬᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠦ᠂ ᠠᠬᠢᠴᠠ ᠶᠢ ᠴᠢᠩᠭ᠎ᠠ ᠠᠳᠬᠤᠵᠤ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠨ ᠤᠰᠤ ᠨᠥᠬᠦᠪᠥᠷᠢᠯᠡᠬᠦ ᠢᠨᠵᠧᠨᠧᠷᠢᠩ ᠢ ᠴᠠᠭ ᠲᠤᠬᠠᠢ ᠳᠤᠨᠢ ᠪᠦᠬᠦ ᠱᠤᠭᠤᠮ ᠢᠶᠠᠷ ᠨᠡᠪᠲᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠠᠢ᠃     ᠵᠢᠷᠭᠤᠳᠤᠭᠠᠷ ᠰᠤᠮᠤ ᠪᠠᠯᠭᠠᠰᠤᠨ ᠤ ᠴᠠᠭᠠᠨ ᠰᠦᠮ᠎ᠡ ᠲᠣᠰᠬᠤᠨ ᠳᠤ ᠬᠦᠷᠴᠤ᠂ ᠸᠠᠩ ᠯᠢ ᠰᠢᠶᠠ ᠲᠣᠰᠬᠤᠨ ᠤ ᠠᠷᠠᠳ ᠨᠢᠦ ᠶᠢᠨ ᠯᠦᠸᠧ᠂ ᠨᠢᠦ ᠲᠠᠢ ᠫᠢᠩ ᠤᠨ ᠭᠡᠷ ᠢᠶᠠᠷ ᠤᠷᠤᠵᠤ᠂ ᠣᠷᠣᠨ ᠰᠠᠭᠤᠴᠠ᠂ ᠡᠷᠦᠬᠡ ᠶᠢᠨ ᠵᠣᠷᠯᠣᠩ ᠢ ᠨᠢ ᠦᠵᠡᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ ᠡᠷᠬᠡᠪᠰᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠦᠨᠡᠨ ᠠᠴᠠ ᠵᠥᠪ ᠢ ᠡᠷᠢᠵᠦ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠣᠯᠠᠨ ᠲᠦᠮᠡᠨ ᠢ ᠬᠠᠨᠤᠮᠵᠢᠲᠠᠶ ᠪᠠᠶᠢᠯᠭᠠᠬᠤ ᠬᠡᠷᠡᠭᠲᠡᠶ ᠭᠡᠪᠡ᠃     ᠸᠠᠩ ᠯᠢ ᠰᠢᠶᠠ ᠪᠠᠶᠢᠴᠠᠭᠠᠨ ᠰᠤᠳᠤᠯᠬᠤ ᠶᠠᠪᠤᠴᠠ ᠳᠠᠭᠠᠨ᠂ ᠬᠤᠲᠠ ᠰᠢᠶᠠᠨ ᠬᠤᠶᠠᠷ ᠱᠠᠲᠤᠨ ᠤ ᠬᠢᠨ ᠢ ᠲᠤᠯᠭᠠᠮ ᠰᠡᠳᠭᠢᠯᠭᠡ ᠬᠠᠷᠢᠭᠤᠴᠠᠯᠭᠠᠲᠤ ᠰᠡᠳᠭᠢᠯᠭᠡ ᠪᠠᠨ ᠴᠢᠩᠭᠠᠳᠬᠠᠵᠤ᠂ ᠲᠥᠷᠥᠯ ᠵᠦᠶᠯ ᠪᠣᠯᠤᠨ ᠠᠷᠠᠯᠵᠢᠶᠠᠴᠢᠨ ᠤᠷᠢᠬᠤ ᠠᠵᠢᠯ ᠢ ᠴᠢᠩᠭ᠎ᠠ ᠠᠳᠬᠤᠵᠤ᠂ ᠰᠢᠨ᠎ᠡ ᠶᠢ ᠡᠭᠦᠳᠬᠦ ᠰᠡᠳᠭᠢᠬᠦᠶ ᠪᠠᠷ ᠬᠥᠭᠵᠢᠯᠲᠡ ᠶᠢ ᠡᠷᠢᠯᠬᠢᠯᠡᠵᠦ᠂ ᠬᠤᠰᠢᠭᠤ ᠰᠢᠶᠠᠨ ᠤ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠠᠬᠤᠶ ᠶᠢᠨ ᠦᠨᠳᠦᠰᠦᠨ ᠪᠠᠶᠢᠳᠠᠯ ᠢ ᠪᠥᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠤᠯᠠᠭᠠᠨᠴᠠᠪ ᠬᠤᠳᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2