︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠦᠶᠯᠡᠴᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/5/26
ᠤᠯᠠᠭᠠᠨᠴᠠᠪ ᠵᠠᠰᠠᠭ ᠲᠠᠷᠬᠠᠭᠠᠭᠰᠠᠨ ﹇2022﹈ 31 ᠳ᠋ᠦ᠋ᠭᠡᠷ ᠲᠣᠭᠠᠲᠤ      ︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠦᠶᠯᠡᠴᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ      ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠶᠯᠡᠰ ᠤᠨ ᠨᠢᠭᠡᠴᠢ ᠳᠤ᠄      ︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠦᠶᠯᠡᠴᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ 4 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                                             2022 ᠣᠨ ᠤ 3 ᠰᠠᠷ᠎ᠠ ᠶᠢᠨ 17 ᠤ ᠡᠳᠦᠷ                                             ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶            ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠦᠶᠯᠡᠴᠢᠯᠡᠬᠦ ᠠᠵᠢᠯ ᠤᠨ ᠬᠡᠷᠡᠭᠵᠢᠭᠦᠯᠬᠦ ᠲᠥᠰᠦᠯ      ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠶᠯᠡᠴᠢᠯᠡᠬᠦ ᠠᠵᠢᠯᠯᠠᠭ᠎ᠠ ᠶᠢᠨ ᠲᠥᠰᠦᠯ︾ ᠤᠨ ᠡᠯ᠎ᠡ ᠵᠦᠶᠯ ᠤᠨ ᠡᠭᠦᠷᠭᠡ ᠱᠠᠭᠠᠷᠳᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠠᠵᠢᠯ ᠤᠨ ᠬᠠᠷᠠᠯᠲᠠ      ᠥᠪᠡᠷᠲᠡᠭᠡᠨ ᠵᠠᠰᠠᠬᠤ ᠣᠷᠣᠨ ᠤ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ︽ᠲᠣᠭᠠᠴᠢᠯᠠᠵᠤ ᠣᠶᠤᠨᠴᠢᠯᠠᠭᠰᠠᠨ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦ ᠶᠢᠨ ᠪᠤᠳᠤᠯᠭ᠎ᠠ ᠶᠢᠨ ᠡᠷᠴᠢᠮ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠲᠠᠢ ᠪᠦᠬᠦ ᠲᠠᠯ᠎ᠠ ᠪᠠᠷ ᠬᠠᠷᠭᠤᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠲᠤᠯᠠᠪᠤᠷᠢ ᠶᠢᠨ ᠲᠣᠭᠲᠠᠴᠠ ᠶᠢ ᠪᠦᠬᠦ ᠲᠠᠯ᠎ᠠ ᠪᠠᠷ ᠴᠢᠩᠭᠠᠳᠬᠠᠬᠤ ᠪᠠᠷ ᠬᠠᠷᠠᠯᠲᠠ ᠪᠣᠯᠭᠠᠵᠤ᠂ ᠪᠥᠬᠦ ᠬᠤᠲᠠ ᠶᠢᠨ ᠡᠯ᠎ᠡ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ 2022 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠦᠨᠡᠯᠡᠨ ᠵᠢᠱᠢᠯᠲᠡ ᠳᠤ ᠮᠠᠨ ᠤ ᠬᠤᠲᠠ ᠶᠢᠨ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠶᠢ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃      ᠬᠤᠶᠠᠷ᠂ ᠠᠵᠢᠯ  ᠤᠨ ᠠᠷᠭ᠎ᠠ ᠬᠡᠮᠵᠢᠶ᠎ᠡ      ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠶᠯᠡᠴᠢᠯᠡᠬᠦ ᠠᠵᠢᠯᠯᠠᠭᠠᠨ ᠤ ᠲᠥᠰᠦᠯ︾ ᠤᠨ ᠡᠯ᠎ᠡ ᠵᠦᠶᠯ ᠤᠨ ᠡᠭᠦᠷᠭᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠶᠯᠡᠴᠢᠯᠡᠬᠦ ᠠᠵᠢᠯᠯᠠᠭᠠᠨ ᠤ ᠲᠥᠰᠦᠯ︾ ᠤᠨ ᠡᠯ᠎ᠡ ᠵᠦᠶᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠪᠠᠷ ᠭᠤᠤᠯᠳᠠᠯᠭ᠎ᠠ ᠪᠣᠯᠭᠠᠵᠤ᠂ ᠡᠯ᠎ᠡ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠬᠡᠮᠵᠢᠶ᠎ᠡ ᠲᠠᠢ ᠪᠥᠬᠦ ᠲᠠᠯ᠎ᠠ ᠪᠠᠷ ᠬᠠᠷᠭᠤᠭᠤᠯᠬᠤ ᠶᠢ ᠲᠦᠯᠬᠢᠨ ᠠᠬᠢᠭᠤᠯᠤᠨ᠎ᠠ᠃      1. ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠶᠯᠡᠴᠢᠯᠡᠬᠦ ᠠᠵᠢᠯᠯᠠᠭᠠᠨ ᠤ ᠲᠥᠰᠦᠯ︾ ᠤᠨ 181 ᠵᠦᠢᠯ ᠤᠨ ᠡᠭᠦᠷᠭᠡ ᠪᠠᠷ ᠭᠤᠣᠯ ᠪᠣᠯᠭᠠᠵᠤ᠂ ︽ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠰᠢᠨ᠎ᠡ ᠶᠢ ᠡᠭᠦᠳᠬᠦ ᠲᠤᠷᠰᠢᠯᠲᠠ ᠶᠢᠨ  ᠴᠡᠭ ᠤᠨ ᠠᠵᠢᠯ ᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠮᠠᠨ ᠤ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ︽ᠤᠯᠠᠭᠠᠨᠴᠠᠪ ᠬᠤᠲᠠ ᠶᠢᠨ ᠨᠠᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠶᠯᠡᠴᠢᠯᠡᠬᠦ ᠡᠭᠦᠷᠭᠡ ᠶᠢᠨ ᠨᠠᠷᠢᠨ ᠬᠠᠭᠤᠳᠠᠰᠤ︾ ᠶᠢ ᠲᠣᠭᠲᠠᠭᠠᠵᠤ᠂ ᠮᠠᠨ ᠤ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ᠂ ᠰᠢᠰᠲ᠋ᠧᠮ ᠲᠠᠢ ᠠᠬᠢᠭᠤᠯᠤᠨ ᠰᠢᠯᠢᠳᠡᠭᠵᠢᠭᠦᠯᠦᠨ᠎ᠡ᠃ ᠡᠭᠦᠷᠭᠡ ᠨᠢᠭᠡᠪᠦᠷᠢ ᠶᠢ ᠨᠢᠭᠡ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠬᠤ ᠵᠠᠷᠴᠢᠮ ᠶᠣᠰᠣᠭᠠᠷ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠵᠦᠶᠯ ᠳᠠᠷᠠᠭᠠᠯᠠᠨ ᠲᠣᠳᠣᠷᠬᠠᠶᠢᠯᠠᠵᠤ᠂ ᠡᠭᠦᠷᠭᠡ ᠶᠢ ᠨᠠᠶᠢᠳᠠᠪᠤᠷᠢᠵᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠡᠯ᠎ᠡ ᠵᠦᠶᠯ ᠤᠨ ᠡᠭᠦᠷᠭᠡ ᠲᠥᠯᠥᠪᠯᠡᠭᠡ ᠶᠢᠨ ᠠᠵᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠰᠤᠳᠤᠯᠵᠤ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠨ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠭᠡᠯ ᠲᠠᠢ ᠪᠣᠯᠬᠤ᠂ ᠪᠣᠳᠠᠲᠤ ᠦᠷ᠎ᠡ ᠪᠦᠲᠦᠮᠵᠢ ᠲᠠᠢ ᠪᠣᠯᠬᠤ ᠶᠢ ᠪᠠᠲᠤᠯᠠᠨ᠎ᠠ᠃ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ ᠡᠭᠦᠷᠭᠡ ᠶᠢᠨ ᠨᠠᠷᠢᠨ ᠬᠠᠭᠤᠳᠠᠰᠤ ᠶᠢ ᠡᠯ᠎ᠡ ᠲᠦᠷᠦᠭᠦᠯᠡᠨ ᠭᠦᠶᠴᠡᠳᠬᠡᠬᠦ ᠰᠠᠯᠠᠭ᠎ᠠ ᠮᠥᠴᠢᠷ ᠤᠳ ᠡᠭᠦᠷᠭᠡ ᠶᠢ ᠨᠠᠶᠢᠳᠠᠪᠤᠷᠢᠵᠢᠭᠤᠯᠤᠭᠰᠠᠨ ᠠᠬᠢᠴᠠ ᠶᠢᠨ ᠪᠠᠶᠢᠳᠠᠯ ᠢᠶᠠᠨ ᠬᠤᠲᠠ ᠶᠢᠨ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠳᠤ ᠮᠡᠳᠡᠭᠦᠯᠦᠨ ᠬᠢᠨᠠᠨ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ᠂ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ  ᠨᠥᠬᠦᠴᠡᠯ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ ᠳᠤ ᠬᠠᠷᠢᠭᠤ ᠲᠤᠰᠬᠠᠵᠤ᠂ ᠬᠤᠷᠢᠶᠠᠩᠭᠤᠶᠢᠯᠠᠭᠰᠠᠨ ᠤ ᠳᠠᠷᠠᠭ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠮᠡᠳᠡᠭᠦᠯᠦᠨ᠎ᠡ᠃ ᠡᠭᠦᠷᠭᠡ ᠲᠣᠬᠢᠷᠠᠭᠤᠯᠬᠤ ᠠᠵᠢᠯ 2022 ᠣᠨ ᠤ 3 ᠰᠠᠷ᠎ᠠ ᠠᠴᠠ ᠡᠬᠢᠯᠡᠵᠦ᠂ ᠪᠥᠬᠦ ᠡᠭᠦᠷᠭᠡ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠳᠠᠭᠤᠰᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠭᠦᠷᠭᠡ ᠶᠢᠨ ᠨᠠᠷᠢᠨ ᠬᠠᠭᠤᠳᠠᠰᠤ ᠲᠣᠭᠲᠠᠭᠠᠬᠤ ᠵᠢᠴᠢ ᠳᠣᠭᠢᠷᠠᠭᠤᠯᠬᠤ ᠠᠵᠢᠯ ᠢ ᠬᠠᠷᠢᠭᠤᠴᠠᠵᠤ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠨᠠᠶᠢᠳᠠᠪᠤᠷᠢᠵᠢᠭᠤᠯᠤᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 3 ᠰᠠᠷ᠎ᠠ ᠳᠤ ᠪᠡᠶᠡᠯᠡᠭᠦᠯᠬᠦ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠪᠥᠬᠦ ᠵᠢᠯ ᠳᠤ ᠦᠷᠭᠦᠯᠵᠢᠯᠡᠨ ᠠᠬᠢᠭᠤᠯᠤᠨ ᠨᠠᠶᠢᠳᠠᠪᠤᠷᠢᠵᠢᠭᠤᠯᠤᠨ᠎ᠠ︶      2. ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠢᠯᠡ ᠨᠡᠶᠢᠲᠡᠯᠡᠨ᠎ᠡ᠃ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠳᠤ ᠲᠤᠰᠬᠠᠶ ᠪᠤᠯᠤᠩ ᠪᠠ ᠬᠠᠷᠢᠯᠴᠠᠬᠤ ᠤᠲᠠᠰᠤ ᠳᠣᠭᠢᠷᠠᠭᠤᠯᠵᠤ᠂ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠢᠴᠢ ︽ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠬᠦ︾ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠡᠭᠦᠷᠭᠡ ᠶᠢᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠤᠭᠰᠠᠨ ᠠᠬᠢᠴᠠ ᠶᠢ ᠤᠯᠠᠷᠢᠯ ᠢᠶᠠᠷ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠡᠭᠦᠷᠭᠡ ᠶᠢᠨ ᠨᠠᠷᠢᠨ ᠬᠠᠭᠤᠳᠠᠰᠤ ᠶᠢᠨ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ ᠰᠦᠯᠵᠢᠶᠡᠨ ᠳᠤ ᠲᠤᠰᠬᠠᠶ ᠪᠤᠯᠤᠩ ᠪᠠ ᠬᠠᠷᠢᠯᠴᠠᠬᠤ ᠤᠲᠠᠰᠤ ᠳᠣᠭᠢᠷᠠᠭᠤᠯᠵᠤ᠂ ᠲᠣᠰ ᠰᠠᠯᠠᠭ᠎ᠠ ᠮᠥᠴᠢᠷ ᠤᠨ ᠢᠶᠠᠨ ᠡᠭᠦᠷᠭᠡᠯᠡᠵᠦ ᠪᠥᠬᠦᠶ ᠡᠭᠦᠷᠭᠡ ᠶᠢ ᠨᠠᠶᠢᠳᠠᠪᠤᠷᠢᠵᠢᠭᠤᠯᠤᠭᠰᠠᠨ ᠠᠬᠢᠴᠠ ᠶᠢ ᠤᠯᠠᠷᠢᠯ ᠪᠦᠷᠢ ᠢᠯᠡ ᠨᠡᠶᠢᠲᠡᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠵᠢᠴᠢ ᠸᠢᠴᠠᠲ ᠤᠨ ᠨᠡᠶᠢᠲᠡ ᠶᠢᠨ ᠳ᠋ᠤᠭᠠᠷ ᠲᠤ ᠢᠯᠡ ᠨᠡᠶᠢᠲᠡᠯᠡᠬᠦ ᠠᠵᠢᠯ ᠢ ᠬᠠᠷᠢᠭᠤᠴᠠᠵᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ︽ ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠬᠦ︾ ᠲᠠᠪᠴᠠᠩ ᠳᠤ ᠢᠯᠡ ᠨᠡᠶᠢᠲᠡᠯᠡᠬᠦ ᠠᠵᠢᠯ ᠢ ᠬᠠᠷᠢᠭᠤᠴᠠᠵᠤ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ ᠢᠯᠡ ᠨᠡᠶᠢᠲᠡᠯᠡᠬᠦ ᠠᠵᠢᠯ ᠢ ᠬᠠᠷᠢᠭᠤᠴᠠᠨ᠎ᠠ ︔ ᠪᠡᠶᠡᠯᠡᠭᠦᠯᠬᠦ ᠴᠠᠭ ᠤᠨ ᠬᠢᠵᠠᠭᠠᠷ᠄ ᠪᠥᠬᠦ ᠵᠢᠯ ᠳᠤ ᠦᠷᠭᠦᠯᠵᠢᠯᠡᠨ ᠠᠬᠢᠭᠤᠯᠤᠨ᠎ᠠ︶      3. ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠬᠤ᠂ ᠲᠣᠭᠲᠠᠭᠰᠠᠨ ᠬᠤᠭᠤᠴᠠᠭᠠᠨ ᠳᠤ ᠳ᠋ᠤᠭᠠᠷᠯᠠᠯ ᠢ ᠬᠦᠴᠦᠨ ᠥᠬᠡᠶ ᠪᠣᠯᠭᠠᠬᠤ ᠠᠵᠢᠯ ᠤᠨ ᠲᠦᠷᠢᠮ ᠢ ᠪᠠᠶᠢᠭᠤᠯᠤᠨ᠎ᠠ᠃ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠠᠷᠭ᠎ᠠ ᠬᠡᠮᠵᠢᠶ᠎ᠡ ᠨᠢ ᠦᠨᠡᠨ ᠪᠣᠳᠠᠲᠠᠶ ᠪᠢᠰᠢ᠂ ᠠᠬᠢᠴᠠ ᠨᠢ ᠤᠳᠠᠭᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠪᠠᠷ ᠳᠣᠤᠷ᠎ᠠ ᠵᠢᠴᠢ ᠵᠠᠭᠠᠯᠳᠤᠯᠭ᠎ᠠ ᠨᠡᠯᠢᠶᠡᠳ ᠣᠯᠠᠨ ᠪᠠᠶᠢᠭ᠎ᠠ ᠰᠠᠯᠠᠭ᠎ᠠ ᠮᠥᠴᠢᠷ ᠢ ᠤᠯᠠᠷᠢᠯ ᠢᠶᠠᠷ ᠵᠠᠷᠯᠠᠨ᠎ᠠ᠃ ᠡᠯ᠎ᠡ ᠰᠠᠯᠠᠭ᠎ᠠ ᠮᠥᠴᠢᠷ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠬᠤᠪᠢᠳᠠᠨ ᠬᠠᠮᠢᠶᠠᠷᠴᠤ ᠪᠥᠬᠦᠶ ᠬᠤᠲᠠ ᠶᠢᠨ ᠤᠳᠤᠷᠢᠳᠤᠯᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠳ᠋ᠤᠭᠠᠷ ᠬᠠᠰᠤᠬᠤ ᠭᠤᠶᠤᠴᠢᠯᠠᠯ ᠢᠶᠠᠨ ᠳᠤᠷᠠᠳᠴᠤ᠂ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠵᠦ ᠳ᠋ᠤᠭᠠᠷ ᠬᠠᠰᠤᠨ᠎ᠠ᠃ ᠡᠭᠦᠷᠭᠡ ᠶᠢᠨ ᠲᠣᠳᠣᠷᠬᠠᠶ ᠬᠠᠭᠤᠳᠠᠰᠤᠨ ᠳᠠᠬᠢ ᠲᠠᠩ ᠭᠠᠭᠴᠠ ᠵᠦᠶᠯᠡᠰ ᠢ ᠬᠠᠮᠤᠭ ᠤᠳᠠᠭᠠᠨ ᠳᠠᠭᠠᠨ 2022 ᠣᠨ ᠤ ᠳᠡᠭᠡᠷ᠎ᠡ ᠬᠠᠭᠠᠰ ᠵᠢᠯ ᠳᠤ ᠬᠠᠰᠤᠵᠤ ᠳᠠᠭᠤᠰᠬᠠᠨ᠎ᠠ︔ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠰᠢᠰᠲ᠋ᠧᠮ ᠤᠨ ᠲᠠᠪᠴᠠᠩ ᠢ ᠰᠢᠯᠢᠳᠡᠭᠵᠢᠭᠦᠯᠬᠦ ᠳᠤ ᠬᠤᠯᠪᠣᠭᠳᠠᠭᠰᠠᠨ ᠪᠠᠶᠢᠪᠠᠯ᠂ ᠬᠠᠮᠤᠭ ᠤᠳᠠᠭᠠᠨ ᠳᠠᠭᠠᠨ 2022 ᠣᠨ ᠤ ᠵᠢᠯ ᠤᠨ ᠡᠴᠦᠰ ᠠᠴᠠ ᠡᠮᠦᠨ᠎ᠡ ᠳ᠋ᠤᠭᠠᠷ ᠢ ᠨᠢ ᠬᠠᠰᠤᠨ᠎ᠠ︔ ᠤᠯᠠᠨ ᠠᠵᠢᠯ ᠲᠦᠷᠦᠯ ᠤᠨ ᠬᠦᠷᠢᠶᠡᠨ ᠳᠤ ᠬᠤᠯᠪᠣᠭᠳᠠᠭᠰᠠᠨ ᠨᠠᠷᠢᠨ ᠪᠤᠳᠤᠯᠢᠶᠠᠨᠲᠠᠢ ᠵᠦᠢᠯᠡᠰ ᠢ ᠬᠠᠮᠤᠭ ᠤᠷᠤᠢ ᠳᠠᠭᠠᠨ 2023 ᠣᠨ ᠳᠤ ᠬᠠᠰᠤᠵᠤ ᠳᠠᠭᠤᠰᠬᠠᠨ᠎ᠠ᠃ ᠴᠠᠭ ᠲᠠᠭᠠᠨ ᠳ᠋ᠤᠭᠠᠷ ᠢ ᠨᠢ ᠬᠠᠰᠤᠵᠤ ᠳᠡᠶᠢᠯᠬᠦ ᠥᠬᠡᠶ ᠬᠠᠷᠢᠭᠤᠴᠠᠯᠭᠠᠲᠤ ᠰᠠᠯᠠᠭ᠎ᠠ ᠮᠥᠴᠢᠷ ᠢ ᠲᠠᠰ ᠳᠠᠷᠠᠭᠠᠯᠠᠯ ᠶᠣᠰᠣᠭᠠᠷ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠮᠡᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ ᠪᠥᠬᠦ ᠵᠢᠯ ᠳᠤ ᠦᠷᠭᠦᠯᠵᠢᠯᠡᠨ ᠠᠬᠢᠭᠤᠯᠤᠨ᠎ᠠ︶      ︵ᠬᠤᠶᠠᠷ︶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠡᠯ᠎ᠡ ᠲᠦᠷᠦᠯ ᠤᠨ ᠲᠣᠭᠤᠷᠢᠨ ᠰᠢᠯᠭᠠᠬᠤ᠂ ᠲᠣᠭᠤᠷᠢᠨ ᠪᠠᠶᠢᠴᠠᠭᠠᠬᠤ᠂ ᠦᠨᠡᠯᠡᠨ ᠵᠢᠱᠢᠬᠦ᠂ ᠱᠠᠯᠠᠪᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢᠶᠠᠷ ᠭᠤᠣᠯᠳᠠᠯᠭ᠎ᠠ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ  ᠨᠥᠬᠦᠴᠡᠯ ᠢ ᠰᠢᠯᠢᠳᠡᠭᠵᠢᠭᠦᠯᠬᠦ ︽ᠪᠤᠷᠤᠭᠤ ᠰᠡᠳᠦᠪ ᠤᠨ ᠳᠡᠪᠲᠡᠷ︾ ᠢ ᠲᠦᠷᠭᠡᠨ ᠪᠠᠶᠢᠭᠤᠯᠵᠤ᠂ ︽ᠵᠠᠰᠠᠬᠤ︾ ᠳᠡᠭᠡᠷ᠎ᠡ ᠬᠦᠴᠦ ᠲᠠᠯᠪᠢᠬᠤ ᠶᠢ ᠠᠬᠢᠭᠤᠯᠵᠤ᠂ ᠪᠦᠬᠦ ᠬᠤᠲᠠ ᠶᠢᠨ ᠬᠤᠳᠠᠯᠳᠤᠭ᠎ᠠ ᠡᠷᠬᠢᠯᠡᠬᠦ ᠶᠢ ᠰᠢᠯᠢᠳᠡᠭᠵᠢᠭᠦᠯᠬᠦ ᠠᠵᠢᠯ ᠤᠨ ᠦᠨᠡᠨ ᠪᠣᠳᠠᠲᠠᠢ ᠬᠢᠬᠦ᠂ ᠪᠣᠳᠠᠲᠠᠢ ᠠᠷᠭ᠎ᠠ ᠭᠠᠷᠭᠠᠬᠤ᠂ ᠦᠨᠡᠨ ᠪᠣᠳᠠᠲᠠᠢ ᠳᠦᠷᠢᠮ ᠲᠣᠭᠲᠠᠭᠠᠯ ᠭᠠᠷᠭᠠᠬᠤ ᠶᠢ ᠠᠬᠢᠭᠤᠯᠤᠨ᠎ᠠ᠃      4. ᠠᠰᠠᠭᠤᠳᠠᠯ ᠤᠨ ᠡᠬᠡ ᠲᠠᠩᠰᠠ ᠶᠢ ᠪᠠᠶᠢᠭᠤᠯᠤᠨ᠎ᠠ᠃ 2021 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ  ᠨᠥᠬᠦᠴᠡᠯ ᠢ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠳᠤ ᠭᠤᠤᠯᠳᠠᠯᠭ᠎ᠠ ᠲᠠᠢ ᠴᠢᠭᠯᠡᠭᠦᠯᠦᠨ᠂ ︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠡᠷᠦᠩᠬᠡᠶ ᠲᠠᠩᠰᠠ︾ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠪᠡᠶᠡᠯᠡᠭᠦᠯᠬᠦ ᠴᠠᠭ ᠤᠨ ᠬᠢᠵᠠᠭᠠᠷ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠵᠢᠴᠢ ᠬᠠᠷᠢᠭᠤᠴᠠᠯᠭᠠᠲᠠᠨ ᠵᠡᠷᠭᠡ ᠶᠢ ᠵᠦᠶᠯ ᠳᠠᠷᠠᠭᠠᠯᠠᠨ ᠲᠣᠳᠣᠷᠬᠠᠶᠢᠯᠠᠵᠤ᠂ ᠪᠥᠬᠦ ᠬᠤᠲᠠ ᠶᠢᠨ ᠡᠯ᠎ᠡ ᠬᠦᠷᠢᠶᠡᠨ ᠤ ︽ᠦᠨᠡᠯᠡᠬᠦ ᠪᠠᠷ ᠥᠭᠡᠷᠡᠴᠢᠯᠡᠬᠦ ᠶᠢ ᠠᠬᠢᠭᠤᠯᠬᠤ᠂ ᠥᠭᠡᠷᠡᠴᠢᠯᠡᠬᠦ ᠪᠠᠷ ᠰᠢᠯᠢᠳᠡᠭ ᠢ ᠠᠬᠢᠭᠤᠯᠬᠤ︾ ᠶᠢ ᠦᠨᠡᠨᠬᠦ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 4 ᠰᠠᠷ᠎ᠠ ᠶᠢᠨ ᠰᠡᠭᠦᠯᠴᠢ ᠠᠴᠠ ᠡᠮᠦᠨ᠎ᠡ︶      5. ᠠᠰᠠᠭᠤᠳᠠᠯ ᠢ ᠦᠷᠭᠦᠯᠵᠢᠯᠡᠨ ᠢᠯᠡᠷᠡᠭᠦᠯᠦᠨ᠎ᠡ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠬᠡᠷ᠂ ᠰᠢᠮᠳᠠᠭᠤᠯᠤᠨ ᠪᠠᠶᠢᠴᠠᠭᠠᠬᠤ ᠲᠠᠰᠤᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠵᠦᠶᠯ ᠤᠨ ᠴᠠᠭᠳᠠᠨ ᠪᠠᠶᠢᠴᠠᠭᠠᠯᠲᠠ ᠥᠷᠨᠢᠭᠦᠯᠵᠦ᠂ ᠰᠢᠮᠳᠠᠭᠤᠯᠤᠨ ᠪᠠᠶᠢᠴᠠᠭᠠᠭᠰᠠᠨ ᠤ ᠳᠠᠷᠠᠭ᠎ᠠ᠂ ᠢᠯᠡᠷᠡᠭᠦᠯᠦᠭᠰᠡᠨ ᠠᠰᠠᠭᠤᠳᠠᠯ ︵ᠨᠢᠭᠤᠴᠠ ᠳᠤ ᠬᠤᠯᠪᠣᠭᠳᠠᠬᠤ ᠠᠰᠠᠭᠤᠳᠠᠯ ᠠᠴᠠ ᠪᠣᠰᠣᠳ︶ ᠢ ᠬᠠᠮᠲᠤ ᠳᠤᠨᠢ ︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠡᠷᠦᠩᠬᠡᠶ ᠲᠠᠩᠰᠠ︾ ᠳᠤ ᠣᠷᠣᠭᠤᠯᠵᠤ᠂ ᠨᠢᠭᠡ ᠢᠵᠢ ᠡᠬᠡ ᠲᠠᠩᠰᠠ ᠪᠦᠬᠦᠨ ᠢ ᠬᠠᠮᠤᠷᠬᠤ᠂ ᠡᠴᠦᠰ ᠲᠤᠨᠢ ᠲᠤᠯᠲᠠᠯ᠎ᠠ ᠬᠠᠮᠢᠶᠠᠷᠬᠤ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ᠂ ᠬᠤᠲᠠ ᠶᠢᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠬᠡᠷ︔ ᠪᠡᠶᠡᠯᠡᠭᠦᠯᠬᠦ ᠴᠠᠭ ᠤᠨ ᠬᠢᠵᠠᠭᠠᠷ᠄ ᠪᠥᠬᠦ ᠵᠢᠯ ᠳᠤ ᠦᠷᠭᠦᠯᠵᠢᠯᠡᠨ ᠠᠬᠢᠭᠤᠯᠤᠨ᠎ᠠ︶      6. ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠬᠠᠮᠢᠶ᠎ᠠ ᠪᠥᠬᠦᠶ ᠨᠢᠭᠡᠴᠢ ᠨᠦᠭᠦᠳ ︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠡᠷᠦᠩᠬᠡᠶ ᠲᠠᠩᠰᠠ︾ ᠳᠤ ᠲᠣᠭᠲᠠᠭᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠲᠠᠢ ᠵᠦᠶᠯ ᠳᠠᠷᠠᠭᠠᠯᠠᠨ ᠬᠠᠷᠢᠴᠠᠭᠤᠯᠤᠨ᠂ ᠦᠨᠡᠨᠬᠦ ᠬᠦᠴᠦᠲᠡᠶ ᠠᠷᠭ᠎ᠠ ᠬᠡᠮᠵᠢᠶ᠎ᠡ ᠠᠪᠴᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠡᠷᠬᠡᠪᠰᠢ ᠬᠡᠷᠡᠭ ᠡᠷᠬᠢᠯᠡᠬᠦ ᠴᠠᠭ ᠤᠨ ᠬᠢᠵᠠᠭᠠᠷ ᠢ ᠪᠠᠭᠠᠰᠬᠠᠬᠤ᠂ ᠬᠡᠷᠡᠭ ᠡᠷᠬᠢᠯᠡᠬᠦ ᠭᠤᠭᠴᠤᠭ᠎ᠠ ᠶᠢ ᠪᠠᠭᠠᠰᠬᠠᠬᠤ᠂ ᠬᠡᠷᠡᠭ ᠡᠷᠬᠢᠯᠡᠬᠦ ᠥᠪᠡᠷ ᠤᠨ ᠦᠷᠳᠡᠭ ᠢ ᠪᠠᠭᠤᠷᠠᠭᠤᠯᠬᠤ ᠵᠡᠷᠭᠡ ᠬᠡᠮᠵᠢᠶᠡᠵᠢᠭᠦᠯᠦᠭᠰᠡᠨ ᠭᠦᠢᠴᠡᠳᠬᠡᠬᠦ ᠲᠤᠭ᠎ᠠ᠂ ᠡᠰᠡᠬᠦᠯ᠎ᠡ ᠲᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠵᠡᠷᠭᠡ ᠪᠠᠷ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠵᠤ᠂ ᠨᠠᠷᠢᠯᠢᠭ ᠬᠢᠬᠦ ᠶᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ ᠪᠥᠬᠦ ᠵᠢᠯ ᠳᠤ ᠦᠷᠭᠦᠯᠵᠢᠯᠡᠨ ᠠᠬᠢᠭᠤᠯᠤᠨ᠎ᠠ︶      7. ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ᠃ ᠡᠭᠦᠷᠭᠡ ᠶᠢᠨ ᠨᠠᠷᠢᠨ ᠬᠠᠭᠤᠳᠠᠰᠤ ᠶᠢ ᠢᠯᠡ ᠨᠡᠶᠢᠲᠡᠯᠡᠬᠦ ᠠᠷᠭ᠎ᠠ ᠮᠠᠶ᠋ᠢᠭ ᠢᠶᠠᠷ ᠯᠠᠪᠯᠠᠯᠲᠠ ᠪᠣᠯᠭᠠᠵᠤ᠂ ᠨᠢᠭᠤᠴᠠ ᠳᠤ ᠬᠤᠯᠪᠣᠭᠳᠠᠬᠤ ᠠᠰᠠᠭᠤᠳᠠᠯ ᠠᠴᠠ ᠭᠠᠳᠠᠨ᠎ᠠ᠂ ︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠡᠷᠦᠩᠬᠡᠶ ᠲᠠᠩᠰᠠ︾ ᠶᠢ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠵᠢᠴᠢ ︽ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠬᠦ︾ ᠠᠷᠠᠳ ᠤᠨ ᠠᠴᠠ ᠡᠵᠡᠩᠨᠡᠭᠰᠡᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠪᠴᠠᠩ ᠵᠡᠷᠭᠡ ᠪᠠᠷ ᠳᠠᠮᠵᠢᠭᠤᠯᠤᠨ ᠨᠡᠶᠢᠭᠡᠮ ᠳᠠᠶᠠᠭᠠᠷ ᠲᠤ ᠢᠯᠡ ᠨᠡᠶᠢᠲᠡᠯᠡᠨ᠎ᠡ ᠃ ᠡᠯ᠎ᠡ ᠰᠠᠯᠠᠭ᠎ᠠ ᠮᠥᠴᠢᠷ ᠤᠨ ᠠᠰᠠᠭᠤᠳᠠᠯ ᠳᠤ ᠴᠢᠭᠯᠡᠭᠦᠯᠦᠨ ᠠᠪᠤᠭᠰᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠬᠦ ᠶᠢᠨ ᠬᠠᠮᠲᠤ ᠡᠯ᠎ᠡ ᠵᠦᠶᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢᠨ ᠪᠠᠶᠢᠳᠠᠯ ᠢᠶᠠᠨ ᠤᠯᠠᠷᠢᠯ ᠢᠶᠠᠷ ᠰᠢᠨᠡᠳᠬᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠨᠠᠯᠲᠠ ᠶᠢ ᠬᠦᠯᠢᠶᠡᠵᠦ᠂ ︽ᠢᠯᠡ ᠵᠠᠰᠠᠭ ᠤᠨ ᠣᠷᠳᠣᠨ︾ ᠢ ᠤᠯᠠᠮ ᠨᠢᠭᠡ ᠠᠯᠬᠤᠮ ᠪᠠᠶᠢᠭᠤᠯᠤᠨ᠎ᠠ ᠃ ᠡᠯ᠎ᠡ ᠵᠦᠶᠯ ᠤᠨ ᠠᠰᠠᠭᠤᠳᠠᠯ ᠢ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ ᠰᠦᠯᠵᠢᠶᠡᠨ ᠳᠤ ᠲᠤᠰᠬᠠᠶ ᠪᠤᠯᠤᠩ ᠪᠠ ᠬᠠᠷᠢᠯᠴᠠᠬᠤ ᠤᠲᠠᠰᠤ ᠳᠣᠭᠢᠷᠠᠭᠤᠯᠵᠤ᠂ ᠤᠯᠠᠷᠢᠯ ᠪᠦᠷᠢ ᠲᠣᠰ ᠰᠠᠯᠠᠭ᠎ᠠ ᠮᠥᠴᠢᠷ ᠤᠨ ᠢᠶᠠᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢ ᠢᠯᠡ ᠨᠡᠶᠢᠲᠡᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠵᠢᠴᠢ ᠸᠢᠴᠠᠲ ᠤᠨ ᠨᠡᠶᠢᠲᠡ ᠶᠢᠨ ᠳ᠋ᠤᠭᠠᠷ ᠳᠤ ᠢᠯᠡ ᠨᠡᠶᠢᠲᠡᠯᠡᠬᠦ ᠠᠵᠢᠯ ᠢ ᠬᠠᠷᠢᠭᠤᠴᠠᠵᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠶᠡᠷᠦᠩᠬᠡᠢ ᠲᠠᠩᠰᠠ ᠶᠢ ᠬᠤᠷᠢᠶᠠᠩᠭᠤᠶᠢᠯᠠᠬᠤ᠂ ᠰᠢᠨᠡᠳᠬᠡᠬᠦ ᠵᠢᠴᠢ ︽ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠬᠦ︾ ᠲᠠᠪᠴᠠᠩ ᠳᠤ ᠢᠯᠡ ᠨᠡᠶᠢᠲᠡᠯᠡᠬᠦ ᠠᠵᠢᠯ ᠢ ᠬᠠᠷᠢᠭᠤᠴᠠᠵᠤ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ ᠢᠯᠡ ᠨᠡᠶᠢᠲᠡᠯᠡᠬᠦ ᠠᠵᠢᠯ ᠢ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ ᠪᠥᠬᠦ ᠵᠢᠯ ᠳᠤ ᠦᠷᠭᠦᠯᠵᠢᠯᠡᠨ ᠠᠬᠢᠭᠤᠯᠤᠨ᠎ᠠ︶      8. ᠲᠣᠬᠢᠷᠠᠭᠤᠯᠬᠤ᠂ ᠵᠠᠷᠯᠠᠬᠤ᠂ ᠳ᠋ᠤᠭᠠᠷ ᠬᠠᠰᠤᠬᠤ ᠠᠵᠢᠯ ᠤᠨ ᠲᠥᠷᠢᠮ ᠢ ᠪᠠᠶᠢᠭᠤᠯᠬᠤ ᠬᠡᠷᠡᠭᠲᠡᠶ᠃ ᠰᠠᠷ᠎ᠠ ᠶᠢᠨ ᠲᠣᠬᠢᠷᠠᠭᠤᠯᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠭᠤᠤᠯᠳᠠᠯᠭ᠎ᠠ ᠲᠠᠢ ᠳᠣᠭᠢᠷᠠᠭᠤᠯᠤᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠷᠭ᠎ᠠ ᠬᠡᠮᠵᠢᠶ᠎ᠡ ᠨᠢ ᠦᠨᠡᠨ ᠪᠣᠳᠠᠲᠠᠶ ᠪᠢᠰᠢ᠂ ᠠᠬᠢᠴᠠ ᠨᠢ ᠤᠳᠠᠭᠠᠨ ᠪᠠ ᠨᠡᠶᠢᠭᠡᠮ ᠤᠨ ᠦᠨᠡᠯᠡᠯᠲᠡ ᠪᠠᠷ ᠨᠡᠯᠢᠶᠡᠳ ᠳᠣᠤᠷ᠎ᠠ ᠰᠠᠯᠠᠭ᠎ᠠ ᠮᠥᠴᠢᠷ ᠢ ᠰᠠᠷ᠎ᠠ ᠪᠠᠷ ᠵᠠᠷᠯᠠᠨ ᠮᠡᠳᠡᠭᠳᠡᠨ᠎ᠡ ᠃ ᠡᠯ᠎ᠡ ᠰᠠᠯᠠᠭ᠎ᠠ ᠮᠥᠴᠢᠷ ᠤᠳ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠠᠭᠤᠰᠤᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ ᠳ᠋ᠤᠭᠠᠷ ᠬᠠᠰᠤᠬᠤ ᠭᠤᠶᠤᠴᠢᠯᠠᠯ ᠢᠶᠠᠨ ᠮᠡᠳᠡᠭᠦᠯᠦᠨ ᠬᠦᠷᠭᠡᠵᠦ᠂ ᠬᠤᠪᠢᠳᠠᠨ ᠬᠠᠮᠢᠶᠠᠷᠴᠤ ᠪᠥᠬᠦᠶ ᠬᠤᠲᠠ ᠶᠢᠨ ᠤᠳᠤᠷᠢᠳᠤᠯᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠬᠠᠷᠢᠭᠤ ᠲᠤᠰᠬᠠᠵᠤ ᠳ᠋ᠤᠭᠠᠷ ᠬᠠᠰᠤᠨ᠎ᠠ᠃ ᠡᠭᠦᠨ ᠳᠤ᠂ 2021 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠵᠠᠷᠴᠢᠮ ᠳᠡᠭᠡᠷ᠎ᠡ ᠪᠠᠨ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠷᠬᠡᠪᠰᠢ ᠳ᠋ᠤᠭᠠᠷ ᠢ ᠨᠢ ᠬᠠᠰᠤᠬᠤ ᠬᠡᠷᠡᠭᠲᠡᠶ︔ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠴᠠᠭᠳᠠᠨ ᠪᠠᠶᠢᠴᠠᠭᠠᠬᠤ᠂ ᠰᠢᠪᠠᠳᠠᠨ ᠪᠠᠶᠢᠴᠠᠭᠠᠬᠤ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠵᠦᠶᠯ ᠤᠨ ᠴᠠᠭᠳᠠᠨ ᠪᠠᠶᠢᠴᠠᠭᠠᠬᠤ᠂ ᠰᠢᠪᠠᠳᠠᠨ ᠪᠠᠶᠢᠴᠠᠭᠠᠬᠤ ᠵᠡᠷᠭᠡ ᠶᠢ ᠥᠷᠨᠢᠭᠦᠯᠦᠭᠡᠳ ᠢᠯᠡᠷᠡᠭᠦᠯᠦᠭᠰᠡᠨ ᠠᠰᠠᠭᠤᠳᠠᠯ ᠢ ᠵᠠᠷᠴᠢᠮ ᠳᠡᠭᠡᠷ᠎ᠡ ᠪᠠᠨ ᠠᠰᠠᠭᠤᠳᠠᠯ ᠢ ᠬᠠᠷᠢᠭᠤ ᠲᠤᠰᠬᠠᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠡᠷᠬᠡᠪᠰᠢ ᠳ᠋ᠤᠭᠠᠷ ᠢ ᠨᠢ ᠬᠦᠴᠦᠨ ᠥᠬᠡᠶ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠠᠰᠠᠭᠤᠳᠠᠯ ᠢ ︽ᠲᠡᠭ ᠪᠣᠯᠭᠠᠬᠤ︾ ᠶᠢ ᠴᠢᠷᠮᠠᠶᠢᠨ ᠪᠡᠶᠡᠯᠡᠭᠦᠯᠵᠦ᠂ ᠳ᠋ᠤᠭᠠᠷ ᠢ ᠨᠢ ᠬᠦᠴᠦᠨ ᠥᠬᠡᠶ ᠪᠣᠯᠭᠠᠵᠤ ᠳᠡᠶᠢᠯᠬᠦ ᠥᠬᠡᠶ ᠬᠠᠷᠢᠭᠤᠴᠠᠯᠭᠠᠲᠤ ᠰᠠᠯᠠᠭ᠎ᠠ ᠮᠥᠴᠢᠷ ᠢ ᠲᠠᠰ ᠳᠠᠷᠠᠭᠠᠯᠠᠯ ᠶᠣᠰᠣᠭᠠᠷ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠮᠡᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ ᠪᠥᠬᠦ ᠵᠢᠯ ᠳᠤ ᠦᠷᠭᠦᠯᠵᠢᠯᠡᠨ ᠠᠬᠢᠭᠤᠯᠤᠨ᠎ᠠ︶      ︵ᠭᠤᠷᠪᠠ︶ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ︽ᠲᠣᠭᠠᠴᠢᠯᠠᠵᠤ ᠣᠶᠤᠨᠴᠢᠯᠠᠭᠰᠠᠨ︾ ᠲᠠᠰ ᠳᠡᠪᠰᠢᠬᠦ ᠶᠢ ᠠᠬᠢᠭᠤᠯᠤᠨ᠎ᠠ᠃ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠥᠬᠡᠶ᠂ ᠠᠵᠤ ᠠᠬᠤᠶᠢᠯᠠᠯ ᠤᠨ ᠣᠯᠠᠨ ᠲᠦᠮᠡᠨ ᠤ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠬᠦ ᠥᠬᠡᠶ ᠵᠢᠴᠢ ᠠᠵᠢᠯ ᠶᠠᠪᠤᠳᠠᠯ ᠭᠦᠶᠴᠡᠳᠬᠡᠬᠦ ᠠᠬᠢᠴᠠ ᠶᠢ ᠰᠦᠯᠵᠢᠶᠡᠨ ᠳᠡᠭᠡᠷ᠎ᠡ ᠮᠥᠷᠳᠡᠵᠦ ᠪᠣᠯᠬᠤ ᠥᠬᠡᠶ᠂ ᠰᠦᠯᠵᠢᠶ᠎ᠡ ᠪᠠᠷ ᠭᠦᠶᠴᠡᠳᠬᠡᠬᠦ ᠶᠠᠪᠤᠴᠠ ᠶᠢᠨ ᠵᠠᠩᠭᠢᠯᠠᠭ᠎ᠠ ᠶᠢᠨ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠥᠬᠡᠶ ᠵᠡᠷᠭᠡ ᠠᠰᠠᠭᠤᠳᠠᠯ ᠢ ᠲᠦᠷᠭᠡᠪᠴᠢᠯᠡᠨ ᠰᠢᠶᠳᠪᠦᠷᠢᠯᠡᠵᠦ᠂ ︽ᠲᠣᠭᠠᠴᠢᠯᠠᠵᠤ ᠣᠶᠤᠨᠴᠢᠯᠠᠭᠰᠠᠨ︾ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠷᠤᠭᠠᠰᠤ ᠶᠢ ᠬᠥᠩᠭᠡᠷᠡᠭᠦᠯᠬᠦ ᠪᠠᠷ ᠴᠢᠷᠮᠠᠶᠢᠨ᠎ᠠ᠃      9. ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠨᠢᠭᠡ ᠰᠦᠯᠵᠢᠶ᠎ᠡ︾ ᠶᠢ ᠪᠠᠶᠢᠭᠤᠯᠤᠨ᠎ᠠ᠃ ᠮᠠᠨ ᠤ ᠬᠤᠲᠠ ᠶᠢᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠵᠢᠴᠢ ︽ᠤᠯᠠᠭᠠᠨᠴᠠᠪ ᠬᠤᠲᠠ ᠶᠢᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠤᠨ ᠬᠤᠯᠪᠣᠭᠳᠠᠯ ᠪᠥᠬᠦᠶ ᠠᠭᠤᠯᠭ᠎ᠠ ᠲᠠᠢ ᠤᠶᠠᠯᠳᠤᠭᠤᠯᠤᠨ᠂ ︽ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ︾ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠵᠢᠴᠢ ᠲᠥᠷᠥᠯ ᠵᠦᠶᠯ ᠭᠤᠶᠤᠴᠢᠯᠠᠨ ᠮᠡᠳᠡᠭᠦᠯᠬᠦ᠂ ᠪᠠᠯᠠ ᠮᠥᠩᠭᠦ ᠭᠤᠶᠤᠴᠢᠯᠠᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠦᠬᠦᠨ ᠢ ︽ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ︾ ᠳᠤ ᠣᠷᠣᠭᠤᠯᠤᠨ ᠭᠦᠶᠴᠡᠳᠬᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ︵ᠲᠣᠮᠣ ᠳ᠋ᠠᠶᠢᠲ᠋ᠠ ᠶᠢᠨ ᠲᠣᠪᠴᠢᠶ᠎ᠠ︶︔ ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶      10. ᠳ᠋ᠠᠶᠢᠲ᠋ᠠ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ᠎ᠠ᠃ ᠮᠠᠨ ᠤ ᠬᠤᠲᠠ ᠶᠢᠨ ︽ᠲᠣᠮᠣ ᠳ᠋ᠠᠶᠢᠲ᠋ᠠ︾ ᠶᠢᠨ ᠠᠵᠤ ᠦᠶᠯᠡᠰ ᠤᠨ ᠳᠠᠪᠠᠭᠤᠯᠢᠭ ᠲᠤ ᠲᠦᠰᠢᠭᠯᠡᠨ᠂ ︽ᠤᠯᠠᠭᠠᠨᠴᠠᠪ ᠤᠨ ᠬᠤᠲᠠ ᠶᠢᠨ ᠶᠠᠪᠤᠳᠠᠯ ᠤᠨ ᠦᠶᠯᠡᠴᠢᠯᠡᠭᠡᠨ ᠤ ᠳ᠋ᠠᠶᠢᠲ᠋ᠠ ᠬᠥᠮᠥᠷᠭᠡ︾ ᠶᠢ ᠪᠠᠶᠢᠭᠤᠯᠵᠤ᠂ ᠠᠵᠤ ᠠᠬᠤᠶᠢᠯᠠᠯ ᠤᠨ ᠨᠡᠷᠡᠶᠢᠳᠦᠯ᠂ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠢᠶᠠᠷ ᠰᠠᠭᠤᠷᠢ ᠪᠣᠯᠭᠠᠵᠤ᠂ ᠠᠵᠤ ᠠᠬᠤᠶᠢᠯᠠᠯ ᠤᠨ ᠲᠣᠰ ᠪᠡᠶ᠎ᠡ ᠶᠢᠨ ᠰᠠᠭᠤᠷᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠪᠠ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨᠠᠯᠲᠠ ᠵᠥᠪᠰᠢᠶᠡᠷᠡᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠶᠢ ᠪᠡᠶᠡᠯᠡᠭᠦᠯᠦᠨ᠎ᠡ᠃ ︽ᠤᠯᠠᠭᠠᠨᠴᠠᠪ ᠤᠨ ᠬᠤᠲᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠳ᠋ᠠᠶᠢᠲ᠋ᠠ ᠬᠥᠮᠥᠷᠭᠡ ︾ ᠬᠢᠭᠡᠳ ︽ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ︾ ᠵᠢᠴᠢ ᠮᠠᠨ ᠤ ᠬᠤᠲᠠ ᠶᠢᠨ ᠳ᠋ᠠᠶᠢᠲ᠋ᠠ ᠶᠢ ᠬᠠᠮᠲᠤᠪᠠᠷ ᠡᠳ᠋ᠯᠡᠵᠦ ᠰᠣᠯᠢᠯᠴᠠᠬᠤ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠠᠲᠤᠯᠠᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠬᠤᠯᠪᠣᠭᠳᠠᠬᠤ ᠵᠦᠶᠯᠡᠰ ᠢ ᠭᠦᠶᠴᠡᠳᠬᠡᠨ ᠳᠠᠭᠤᠰᠬᠠᠭᠰᠠᠨ ᠤ ᠳᠠᠷᠠᠭ᠎ᠠ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠂ ᠦᠨᠡᠮᠯᠡᠯ ᠢ ᠴᠠᠭ ᠲᠤᠬᠠᠶ ᠳᠤᠨᠢ ︽ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ︾ ᠳᠤ ᠳᠠᠮᠵᠢᠭᠤᠯᠵᠤ᠂ ᠠᠵᠤ ᠠᠬᠤᠶᠢᠯᠠᠯ ᠤᠨ ᠨᠡᠷᠡᠶᠢᠳᠦᠯ᠂ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠢ ᠦᠨᠳᠦᠰᠦᠯᠡᠨ ᠡᠮᠬᠢᠳᠬᠡᠵᠦ ᠴᠤᠭᠯᠠᠭᠤᠯᠤᠨ᠎ᠠ᠃ ᠤᠴᠢᠷ ᠶᠠᠪᠤᠳᠠᠯ ᠢ ᠭᠦᠶᠴᠡᠳᠬᠡᠬᠦ ᠶᠠᠪᠤᠴᠠ ᠳᠤ ᠠᠵᠤ ᠠᠬᠤᠶᠢᠯᠠᠯ ᠤᠨ ᠨᠡᠷᠡᠶᠢᠳᠦᠯ᠂ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠢᠶᠠᠷ ᠬᠠᠮᠢᠶ᠎ᠠ ᠪᠥᠬᠦᠶ ᠠᠵᠤ ᠠᠬᠤᠶᠢᠯᠠᠯ ᠤᠨ ᠰᠠᠭᠤᠷᠢ ᠮᠠᠲ᠋ᠧᠷᠢᠶᠠᠯ ᠢ ᠰᠢᠯᠵᠢᠭᠦᠯᠦᠨ ᠠᠪᠬᠤ ᠶᠢ ᠪᠡᠶᠡᠯᠡᠭᠦᠯᠵᠦ ᠂ ᠠᠵᠤ ᠠᠬᠤᠶᠢᠯᠠᠯ ᠮᠠᠲ᠋ᠧᠷᠢᠶᠠᠯ ᠢᠶᠠᠨ ᠳᠠᠬᠢᠨ ᠳᠠᠪᠲᠠᠨ ᠲᠤᠰᠢᠶᠠᠬᠤ ᠠᠴᠠ ᠵᠠᠶᠢᠯᠠᠰᠬᠢᠵᠦ᠂ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠭᠦᠶᠴᠡᠳᠬᠡᠬᠦ ᠳᠤ ᠲᠥᠬᠦᠮ ᠦᠵᠡᠭᠦᠯᠬᠦ ᠬᠡᠷᠡᠭᠲᠡᠶ᠃ ᠡᠭᠦᠨ ᠤ ᠵᠡᠷᠭᠡᠴᠡᠭᠡᠪᠡᠷ᠂ ︽ᠡᠷᠬᠡ ᠮᠡᠳᠡᠯ ᠣᠯᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠳᠠᠭᠠᠯᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠵᠠᠳᠠᠷᠠᠭᠤᠯᠬᠤ ᠶᠢ ᠰᠡᠷᠭᠡᠶᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ  ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ︵ᠲᠣᠮᠣ ᠳ᠋ᠠᠶᠢᠲ᠋ᠠ ᠶᠢᠨ ᠲᠣᠪᠴᠢᠶ᠎ᠠ︶᠂ ᠬᠤᠲᠠ ᠶᠢᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠵᠡᠷᠭᠡ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶      11. ᠰᠠᠯᠠᠭ᠎ᠠ ᠮᠥᠴᠢᠷ ᠤᠨ ᠲᠠᠪᠴᠠᠩ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠠᠶᠢᠭᠤᠯᠬᠤ ᠳᠤ ᠡᠷᠬᠡᠪᠰᠢ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ︾ ᠰᠢᠰᠲ᠋ᠧᠮ ᠢ ᠵᠠᠯᠭᠠᠨ ᠣᠷᠣᠭᠤᠯᠵᠤ ᠂ ᠪᠤᠰᠤᠳ ᠰᠠᠯᠠᠭ᠎ᠠ ᠮᠥᠴᠢᠷ ᠤᠳ ᠴᠥᠮ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ ᠰᠢᠰᠲ᠋ᠧᠮ︾ ᠪᠠ ᠤᠯᠠᠭᠠᠨᠴᠠᠪ ᠤᠨ ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠬᠦ ᠰᠢᠰᠲ᠋ᠧᠮ ᠢ ᠬᠡᠷᠡᠭᠯᠡᠨ ᠬᠢᠨᠠᠨ ᠵᠥᠪᠰᠢᠶᠡᠷᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠬᠤᠯᠪᠣᠭᠳᠠᠬᠤ ᠰᠠᠯᠠᠭ᠎ᠠ ᠮᠥᠴᠢᠷ ᠲᠤ ᠠᠷᠤ ᠲᠠᠪᠴᠠᠩ ᠤᠨ ᠬᠠᠮᠵᠢᠯᠴᠠᠨ ᠭᠦᠢᠴᠡᠳᠬᠡᠬᠦ ᠲᠠᠪᠴᠠᠩ ᠭᠠᠷᠭᠠᠵᠤ᠂ ᠰᠠᠯᠠᠭ᠎ᠠ ᠮᠥᠴᠢᠷ ᠤᠨ ᠠᠵᠢᠯ ᠤᠨ ᠲᠠᠰ ᠳᠠᠷᠠᠭᠠᠯᠠᠯ ᠲᠠᠢ ᠤᠶᠠᠯᠳᠤᠭᠤᠯᠤᠨ᠂ ︽ᠲᠤᠬᠠᠶᠢᠯᠠᠭᠰᠠᠨ ᠠᠵᠢᠯ ᠤᠨ ᠠᠵᠢᠯᠲᠠᠨ ᠭᠥᠯᠢᠶᠡᠨ ᠠᠪᠴᠤ ᠰᠢᠶᠳᠪᠦᠷᠢᠯᠡᠬᠦ — ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠢᠨᠠᠨ ᠬᠠᠷᠭᠤᠭᠤᠯᠬᠤ — ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠬᠢᠨᠠᠨ ᠬᠠᠷᠭᠤᠭᠤᠯᠬᠤ — ᠭᠤᠤᠯ ᠤᠳᠤᠷᠢᠳᠤᠯᠭ᠎ᠠ ᠬᠢᠨᠠᠨ ᠬᠠᠷᠭᠤᠭᠤᠯᠬᠤ — ᠭᠦᠶᠴᠡᠳᠬᠡᠬᠦ ᠶᠢ ᠪᠡᠶᠡᠯᠡᠭᠦᠯᠬᠦ ︵ᠪᠢᠴᠢᠭ ᠮᠠᠲ᠋ᠧᠷᠢᠶᠠᠯ ᠶᠠᠪᠤᠭᠤᠯᠬᠤ︶︾ ᠵᠢᠴᠢ ᠪᠤᠰᠤᠳ ᠵᠢᠷᠤᠮᠵᠢᠭᠰᠠᠨ ᠲᠠᠰ ᠳᠠᠷᠠᠭᠠᠯᠠᠯ ᠢᠶᠠᠷ ᠯᠠᠪᠯᠠᠯᠲᠠ ᠪᠣᠯᠭᠠᠨ ᠦᠵᠦᠭᠦᠷ ᠭᠠᠷᠭᠠᠬᠤ ᠶᠢᠨ ᠬᠠᠮᠲᠤ᠂ ᠡᠯ᠎ᠡ ᠵᠠᠩᠭᠢᠯᠠᠭ᠎ᠠ ᠶᠢᠨ ᠴᠡᠭ ᠤᠨ ᠠᠵᠢᠯ ᠶᠠᠪᠤᠳᠠᠯ ᠭᠦᠶᠴᠡᠳᠬᠡᠬᠦ ᠠᠬᠢᠴᠠ᠂ ᠭᠦᠶᠴᠡᠳᠬᠡᠬᠦ ᠴᠠᠭ ᠤᠨ ᠬᠢᠵᠠᠭᠠᠷ ᠵᠡᠷᠭᠡ ᠶᠢ ᠠᠵᠤ ᠠᠬᠤᠶᠢᠯᠠᠯ ᠤᠨ ᠣᠯᠠᠨ ᠲᠦᠮᠡᠨ ᠳᠤ ᠢᠯᠡ ᠪᠣᠯᠭᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠪᠠ ᠰᠠᠯᠠᠭ᠎ᠠ ᠮᠥᠴᠢᠷ ᠤᠨ ᠭᠦᠶᠴᠡᠳᠬᠡᠬᠦ ᠶᠢᠨ ︽ᠬᠤᠶᠠᠭᠤᠯᠠ ᠶᠢ ᠰᠦᠯᠵᠢᠶᠡᠨ ᠳᠡᠭᠡᠷ᠎ᠡ︾ ︽ᠬᠤᠶᠠᠭᠤᠯᠠ ᠢ ᠳᠥᠭᠦᠮ ᠪᠣᠯᠭᠠᠬᠤ︾ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ︵ᠲᠣᠮᠣ ᠳ᠋ᠠᠶᠢᠲ᠋ᠠ ᠶᠢᠨ ᠲᠣᠪᠴᠢᠶ᠎ᠠ︶︔ ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶      12. ︽ᠲᠣᠭᠠᠴᠢᠯᠠᠵᠤ ᠣᠶᠤᠨᠴᠢᠯᠠᠭᠰᠠᠨ︾ ᠦᠶᠯᠡᠴᠢᠯᠡᠭᠡᠨ ᠤ ᠠᠵᠢᠯ ᠤᠨ ᠲᠦᠷᠢᠮ ᠢ ᠲᠡᠭᠦᠯᠳᠡᠷᠵᠢᠭᠦᠯᠦᠨ᠎ᠡ ᠃ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠭᠦᠶᠴᠡᠳᠬᠡᠬᠦ ᠠᠵᠢᠯ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠮᠥᠴᠢᠷ ᠤᠨ ᠳᠣᠲᠣᠭᠠᠳᠤ᠂ ᠰᠠᠯᠠᠭ᠎ᠠ ᠮᠥᠴᠢᠷ ᠤᠨ ᠬᠠᠮᠵᠢᠯᠴᠠᠨ ᠭᠦᠶᠴᠡᠳᠬᠡᠬᠦ ᠵᠡᠷᠭᠡ ᠲᠠᠯ᠎ᠠ ᠶᠢᠨ ᠲᠠᠰ ᠳᠠᠷᠠᠭᠠᠯᠠᠯ᠂ ᠭᠤᠭᠴᠤᠭ᠎ᠠ᠂ ᠴᠤᠪᠤᠷᠠᠯ᠂ ᠴᠠᠭ ᠤᠨ ᠬᠢᠵᠠᠭᠠᠷ ᠵᠡᠷᠭᠡ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠰᠦᠯᠵᠢᠶᠡᠨ ᠳᠡᠭᠡᠷ᠎ᠡ ᠭᠦᠶᠴᠡᠳᠬᠡᠬᠦ ᠶᠢ ᠪᠦᠲᠦᠮᠵᠢᠲᠡᠶ ᠬᠡᠷᠡᠭᠵᠢᠭᠦᠯᠦᠭᠳᠡᠬᠦ ᠶᠢ ᠪᠠᠲᠤᠯᠠᠨ᠎ᠠ᠃ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠶᠢᠨ ᠵᠠᠯᠬᠠᠭᠠᠨ ᠴᠡᠭᠡᠷᠯᠡᠭᠦᠯᠬᠦ ᠲᠦᠷᠢᠮ ᠢ ᠲᠡᠭᠦᠯᠳᠡᠷᠵᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠪᠣᠳᠠᠲᠠᠶ ᠠᠵᠢᠯᠲᠠᠨ ᠤ ᠲᠣᠭᠲᠠᠭᠰᠠᠨ ᠴᠠᠭ ᠤᠨ ᠬᠢᠵᠠᠭᠠᠷ ᠢᠶᠠᠷ ᠭᠦᠶᠴᠡᠳᠬᠡᠭᠰᠡᠨ ᠥᠬᠡᠶ ᠵᠢᠴᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠶᠯᠡ ᠠᠵᠢᠯᠯᠠᠭ᠎ᠠ ᠳᠤ ᠬᠢᠨᠠᠯᠲᠠ ᠲᠠᠯᠪᠢᠵᠤ᠂ ᠰᠢᠢᠳᠬᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ︔ ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ      ︵ᠳᠥᠷᠪᠡ︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ ᠠᠵᠤ ᠦᠶᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠡᠷᠴᠢᠮ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠠᠵᠤ ᠠᠬᠤᠶᠢᠯᠠᠯ ᠤᠨ ︽ᠵᠢᠷᠤᠮᠯᠠᠬᠤ ᠵᠠᠰᠠᠭ ᠲᠠᠢ᠂ ᠬᠡᠷᠡᠭᠵᠢᠭᠦᠯᠬᠦ ᠠᠷᠭ᠎ᠠ ᠪᠣᠳᠣᠯᠭ᠎ᠠ ᠲᠠᠢ︾ ᠪᠠᠶᠢᠬᠤ ᠶᠢ ᠠᠬᠢᠭᠤᠯᠤᠨ᠂ ᠦᠶᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠥᠷᠢᠰᠦᠯᠳᠦᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃      13. ᠭᠤᠤᠯᠳᠠᠯᠭ᠎ᠠ ᠲᠠᠢ ᠠᠵᠤ ᠦᠶᠯᠡᠰ ᠤᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠮᠠᠨ ᠤ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠠᠵᠤ ᠦᠢᠯᠡᠰ ᠤᠨ ᠴᠢᠭᠯᠡᠯ ᠪᠠ 2022 ᠣᠨ ᠤ ︽ᠬᠤᠶᠠᠷ ᠬᠤᠷᠠᠯ︾ ᠳᠤ ᠲᠣᠭᠲᠠᠭᠠᠭᠰᠠᠨ ᠪᠣᠳᠠᠲᠠᠶ ᠡᠭᠦᠷᠭᠡ ᠬᠠᠷᠠᠯᠲᠠ ᠳᠤ ᠴᠢᠭᠯᠡᠭᠦᠯᠦᠨ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠠᠴᠠ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠬᠤᠲᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠨᠡᠯᠢᠶᠡᠳ ᠴᠢᠩᠭ᠎ᠠ᠂ ᠣᠷᠣᠭᠤᠯᠤᠯᠲᠠ ᠭᠠᠷᠭᠠᠯᠲᠠ ᠶᠢᠨ ᠬᠠᠷᠢᠴᠠᠯ ᠲᠡᠩᠴᠡᠭᠦᠷᠢᠲᠡᠶ ᠪᠣᠳᠠᠲᠠᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠦᠢᠯ ᠳᠠᠷᠠᠭᠠᠯᠠᠨ ᠲᠣᠭᠲᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠳᠡᠮᠵᠢᠬᠦ᠂ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠬᠦᠷᠢᠶ᠎ᠡ ᠬᠤᠪᠢᠶᠠᠨ ᠲᠡᠭᠦᠯᠳᠡᠷᠵᠢᠭᠦᠯᠵᠦ᠂ ᠮᠠᠨ ᠤ ᠬᠤᠲᠠ ᠶᠢᠨ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠠᠨ ᠤ ᠮᠡᠳᠡᠭᠡ ᠵᠠᠩᠭᠢ ᠶᠢᠨ ᠠᠯᠪᠠᠨ ᠬᠡᠷ ︵ᠲᠣᠮᠣ ᠳ᠋ᠠᠶᠢᠲ᠋ᠠ ᠶᠢᠨ ᠲᠣᠪᠴᠢᠶ᠎ᠠ︶᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠵᠢᠯ ᠬᠤᠪᠢᠶᠠᠷᠢᠯᠠᠨ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶      14. ᠭᠤᠣᠯ ᠡᠯᠧᠮᠧᠨ᠋ᠲ ᠤᠨ ᠡᠬᠢ ᠪᠠᠶᠠᠯᠢᠭ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠴᠢᠩᠭᠠᠷᠠᠭᠤᠯᠤᠨ᠎ᠠ᠃ ᠤᠯᠤᠰ ᠤᠨ ᠭᠤᠣᠯ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠪᠠᠶᠢᠭᠤᠯᠤᠯ ᠤᠨ ᠲᠣᠭᠲᠠᠴᠠ ᠶᠢ ᠪᠠᠶᠢᠭᠤᠯᠬᠤ ᠬᠠᠮᠢᠶ᠎ᠠ ᠪᠥᠬᠦᠶ ᠡᠭᠦᠷᠭᠡ ᠲᠠᠢ ᠤᠶᠠᠯᠳᠤᠭᠤᠯᠤᠨ᠂ ᠭᠠᠵᠠᠷ ᠰᠢᠷᠣᠶ᠂ ᠬᠥᠳᠡᠯᠮᠦᠷᠢ ᠬᠦᠴᠦᠨ᠂ ᠬᠥᠷᠥᠩᠭᠡ᠂ ᠮᠡᠷᠭᠡᠵᠢᠯ᠂ ᠲᠤᠭ᠎ᠠ ᠪᠠᠷᠢᠮᠲᠠ ᠵᠡᠷᠭᠡ ᠲᠠᠯ᠎ᠠ ᠶᠢᠨ ᠲᠣᠭᠤᠷᠢᠨ ᠳᠤ ᠳᠥᠭᠦᠮᠴᠢᠯᠡᠨ ᠳᠣᠭᠢᠷᠠᠭᠤᠯᠬᠤ ᠲᠥᠷᠥ ᠶᠢᠨ ᠪᠣᠳᠣᠯᠭ᠎ᠠ ᠶᠢ ᠲᠦᠷᠭᠡᠳᠬᠡᠨ ᠲᠣᠭᠲᠠᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠶᠯᠡᠳᠪᠦᠷᠢᠯᠡᠯ ᠡᠵᠡᠩᠨᠡᠯᠲᠡ ᠶᠢᠨ ᠬᠦᠴᠦᠨ ᠵᠦᠶᠯ ᠤᠨ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ ᠭᠦᠶᠯᠭᠡᠭᠡᠨ ᠤ ᠠᠯᠪᠠᠨ ᠬᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ︵ᠲᠣᠮᠣ ᠳ᠋ᠠᠶᠢᠲ᠋ᠠ ᠶᠢᠨ ᠲᠣᠪᠴᠢᠶ᠎ᠠ︶ ᠠᠴᠠ ᠠᠵᠢᠯ ᠬᠤᠪᠢᠶᠠᠷᠢᠯᠠᠨ ᠬᠠᠷᠢᠭᠤᠴᠠᠨ᠎ᠠ︔ ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶      15. ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠵᠦᠭᠯᠡᠭᠦᠷ ᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠷᠠᠭᠤᠯᠬᠤ ᠶᠢᠨ ᠬᠠᠮᠲᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ︽ᠠᠵᠤ ᠠᠬᠤᠶᠢᠯᠠᠯ ᠤᠨ ᠬᠦᠷᠢᠶᠡᠯᠡᠯ ᠢ ᠬᠠᠮᠤᠭ ᠠᠴᠠ ᠢᠯᠡᠭᠦᠤ ᠤᠯᠬᠤ ᠲᠥᠷᠥ ᠶᠢᠨ ᠪᠣᠳᠣᠯᠭ᠎ᠠ︾ ᠶᠢᠨ ᠰᠢᠯᠭᠠᠷᠠᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ︽ᠪᠣᠳᠠᠲᠠᠶ ᠨᠠᠶᠢᠳᠠᠪᠤᠷᠢᠵᠢᠭᠤᠯᠵᠤ︾᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︔ ᠪᠡᠶᠡᠯᠡᠭᠦᠯᠬᠦ ᠴᠠᠭ ᠤᠨ ᠬᠢᠵᠠᠭᠠᠷ᠄ ᠪᠥᠬᠦ ᠵᠢᠯ ᠳᠤ ᠦᠷᠭᠦᠯᠵᠢᠯᠡᠨ ᠠᠬᠢᠭᠤᠯᠤᠨ᠎ᠠ︶       ︵ᠲᠠᠪᠤ︶ ︽ᠪᠠᠷᠢᠮᠵᠢᠶ᠎ᠠ ᠲᠠᠢ ᠬᠠᠷᠭᠤᠭᠤᠯᠵᠤ ᠬᠥᠭᠡᠭᠡᠵᠦ ᠳᠠᠪᠠᠭ᠋ᠤ︾ ᠲᠤᠰᠬᠠᠶ ᠵᠦᠶᠯ ᠤᠨ ᠠᠵᠢᠯᠯᠠᠭ᠎ᠠ ᠶᠢ ᠥᠷᠨᠢᠭᠦᠯᠦᠨ᠎ᠡ᠃ ︽ᠳᠤᠮᠳᠠᠳᠤ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠮᠡᠳᠡᠭᠦᠯᠦᠯᠲᠡ ︵2021︶︾ ᠶᠢᠨ ᠡᠯ᠎ᠡ ᠵᠦᠶᠯ ᠤᠨ ᠭᠦᠶᠴᠡᠳᠬᠡᠯ ᠲᠤᠭ᠎ᠠ ᠶᠢᠨ ᠰᠢᠨ᠎ᠡ ᠶᠢ ᠡᠭᠦᠳᠦᠭᠰᠡᠨ ᠠᠷᠭ᠎ᠠ ᠬᠢᠳᠡᠯ᠂ ᠥᠭᠡᠷᠡᠴᠢᠯᠡᠯᠲᠡ ᠶᠢᠨ ᠬᠢᠯᠠᠰ ᠴᠡᠭ ᠵᠢᠴᠢ ᠨᠡᠶᠢᠲᠡᠯᠢᠭ ᠬᠤᠲᠠ ᠶᠢᠨ ᠲᠤᠷᠰᠢᠯᠭ᠎ᠠ ᠠᠷᠭ᠎ᠠ ᠬᠢᠳᠡᠯ ᠲᠠᠢ ᠪᠥᠬᠦ ᠲᠠᠯ᠎ᠠ ᠪᠠᠷ ᠬᠠᠷᠢᠴᠠᠭᠤᠯᠤᠨ᠂ ᠬᠢᠨᠠᠮᠠᠭᠠᠶ ᠰᠤᠷᠤᠯᠴᠠᠨ ᠲᠣᠯᠢᠯᠠᠵᠤ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ᠃      16. ︽ ᠪᠠᠷᠢᠮᠵᠢᠶ᠎ᠠ ᠲᠠᠢ ᠬᠠᠷᠭᠤᠭᠤᠯᠵᠤ ᠬᠥᠭᠡᠭᠡᠵᠦ ᠳᠠᠪᠠᠭ᠋ᠤ︾ ᠬᠠᠷᠠᠯᠲᠠᠲᠤ ᠬᠤᠲᠠ ᠶᠢ ᠵᠦᠶᠯ ᠳᠠᠷᠠᠭᠠᠯᠠᠨ ᠲᠣᠭᠲᠠᠭᠠᠨ᠎ᠠ᠃ ᠠᠵᠤ ᠠᠬᠤᠶᠢᠯᠠᠯ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠦᠨᠡᠯᠡᠯᠲᠡ ᠶᠢᠨ ᠰᠢᠰᠲ᠋ᠧᠮ ᠤᠨ 18 ᠵᠦᠢᠯ ᠤᠨ ᠭᠦᠢᠴᠡᠳᠬᠡᠯ ᠲᠤᠭ᠎ᠠ ᠶᠢ ᠨᠡᠭᠡᠭᠡᠨ ᠡᠷᠬᠢᠯᠡᠬᠦ ᠲᠠᠢ ᠤᠶᠠᠯᠳᠤᠭᠤᠯᠤᠨ᠂ ︽ᠳᠤᠮᠳᠠᠳᠤ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠮᠡᠳᠡᠭᠦᠯᠦᠯᠲᠡ ︵2021︶︾ ᠶᠢ ᠦᠨᠳᠦᠰᠦᠯᠡᠨ ᠡᠮᠬᠢᠯᠡᠭᠰᠡᠨ ᠡᠯ᠎ᠡ ᠵᠦᠶᠯ ᠤᠨ ᠭᠦᠶᠴᠡᠳᠬᠡᠯ ᠲᠤᠭ᠎ᠠ ᠶᠢᠨ ᠬᠠᠮᠤᠭ ᠤᠨ ᠰᠠᠶᠢᠨ ᠦᠶᠯᠡᠳᠦᠯᠭᠡ ᠶᠢᠨ ᠬᠤᠲᠠ ᠠᠴᠠ ᠡᠯ᠎ᠡ ᠲᠦᠷᠦᠭᠦᠯᠡᠨ ᠭᠦᠶᠴᠡᠳᠬᠡᠬᠦ ᠨᠢᠭᠡᠴᠢ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠪᠠᠷᠢᠮᠵᠢᠶ᠎ᠠ ᠲᠠᠢ ᠬᠠᠷᠭᠤᠭᠤᠯᠵᠤ ᠬᠥᠭᠡᠭᠡᠵᠦ ᠳᠠᠪᠠᠭ᠋ᠤ︾ ᠬᠠᠷᠠᠯᠲᠠᠲᠤ ᠬᠤᠲᠠ ᠶᠢ ᠰᠣᠩᠭᠤᠵᠤ᠂ ᠬᠦᠷᠢᠶ᠎ᠡ ᠴᠠᠷᠠᠭ᠎ᠠ ᠬᠤᠪᠢᠶᠠᠨ ︽ᠪᠠᠷᠢᠮᠵᠢᠶ᠎ᠠ ᠲᠠᠢ ᠬᠠᠷᠭᠤᠭᠤᠯᠵᠤ ᠬᠥᠭᠡᠭᠡᠵᠦ ᠳᠠᠪᠠᠭ᠋ᠤ︾ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠠᠷᠠᠯᠲᠠᠲᠤ ᠬᠤᠲᠠ ᠶᠢᠨ ᠠᠷᠭ᠎ᠠ ᠪᠠᠷᠢᠯ ᠪᠠᠷ ᠯᠠᠪᠯᠠᠯᠲᠠ ᠪᠣᠯᠭᠠᠨ ᠡᠯ᠎ᠡ ᠬᠦᠷᠢᠶᠡᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ᠂ ᠴᠠᠬᠢᠯᠭᠠᠨ ᠬᠠᠩᠭᠠᠬᠤ ᠺᠣᠮᠫᠠᠨᠢ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠮᠥᠩᠭᠦᠨ ᠭᠦᠶᠯᠭᠡᠭᠡᠨ ᠤ ᠠᠯᠪᠠᠨ ᠬᠡᠷ᠂ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 18 ᠬᠦᠷᠢᠶ᠎ᠡ ᠴᠠᠷᠠᠭ᠎ᠠ ᠶᠢᠨ ︽ᠪᠠᠷᠢᠮᠵᠢᠶ᠎ᠠ ᠲᠠᠢ ᠬᠠᠷᠭᠤᠭᠤᠯᠵᠤ ᠬᠥᠭᠡᠭᠡᠵᠦ ᠳᠠᠪᠠᠭ᠋ᠤ︾ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠬᠠᠮᠢᠶ᠎ᠠ ᠪᠥᠬᠦᠶ ᠠᠵᠢᠯ ᠢ ᠦᠷᠭᠦᠯᠵᠢᠯᠡᠨ ᠠᠬᠢᠭᠤᠯᠤᠨ᠎ᠠ︶      17. ᠠᠵᠢᠯ ᠤᠨ ᠵᠣᠯᠭᠠᠯᠴᠠᠭ᠎ᠠ ᠶᠢ ᠴᠢᠩᠭᠠᠳᠬᠠᠵᠤ᠂ ︽ᠪᠠᠶᠢᠩᠭᠤ ᠰᠤᠷᠤᠯᠴᠠᠵᠤ ᠪᠠᠶᠢᠩᠭᠤ ᠰᠢᠨ᠎ᠡ ᠶᠢ ᠡᠭᠦᠳᠬᠦ︾ ᠶᠢ ᠪᠡᠶᠡᠯᠡᠭᠦᠯᠦᠨ᠎ᠡ᠃ ᠤᠯᠤᠰ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠦᠨᠡᠯᠡᠯᠲᠡ ᠶᠢᠨ ᠰᠢᠰᠲ᠋ᠧᠮ ᠤᠨ 18 ᠵᠦᠶᠯ ᠤᠨ ᠭᠦᠶᠴᠡᠳᠬᠡᠯ ᠲᠤᠭ᠎ᠠ ᠶᠢᠨ ᠡᠯ᠎ᠡ ᠬᠠᠷᠢᠭᠤᠴᠠᠯᠭᠠᠲᠤ ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ︽ᠪᠠᠷᠢᠮᠵᠢᠶ᠎ᠠ ᠲᠠᠢ ᠬᠠᠷᠭᠤᠭᠤᠯᠵᠤ ᠬᠥᠭᠡᠭᠡᠵᠦ ᠳᠠᠪᠠᠭ᠋ᠤ︾ ᠬᠠᠷᠠᠯᠲᠠᠲᠤ ᠬᠤᠲᠠ ᠲᠠᠢ ᠬᠠᠷᠢᠯᠴᠠᠵᠤ᠂ ᠪᠠᠶᠢᠴᠠᠭᠠᠨ ᠰᠤᠳᠤᠯᠵᠤ ᠰᠢᠨᠵᠢᠯᠡᠨ ᠪᠠᠶᠢᠴᠠᠭᠠᠬᠤ᠂ ᠠᠯᠤᠰ ᠠᠴᠠ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠠᠯᠲᠠᠲᠤ ᠬᠤᠲᠠ ᠶᠢᠨ ᠰᠢᠨ᠎ᠡ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠵᠤ᠂ ᠴᠠᠭ ᠲᠤᠬᠠᠶ ᠳᠤᠨᠢ ᠮᠠᠨ ᠤ ᠬᠤᠲᠠ ᠶᠢᠨ ᠪᠣᠳᠠᠲᠠᠶ ᠠᠷᠭ᠎ᠠ ᠬᠡᠮᠵᠢᠶ᠎ᠡ ᠳᠤ ᠰᠢᠩᠭᠡᠭᠡᠨ ᠠᠪᠴᠤ᠂ ᠡᠯ᠎ᠡ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠷᠭ᠎ᠠ ᠮᠠᠶ᠋ᠢᠭ ᠶᠢ ᠦᠷᠭᠦᠯᠵᠢᠯᠡᠨ ᠲᠡᠷᠢᠭᠦᠨ ᠤ ᠬᠢᠷᠢ ᠲᠦᠪᠰᠢᠨ ᠤᠨ ᠪᠠᠷᠢᠮᠵᠢᠶ᠎ᠠ ᠳᠤ ᠬᠦᠷᠦᠭᠦᠯᠬᠦ ᠶᠢ ᠳᠥᠯᠭᠢᠨ ᠠᠬᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ᠂ ᠴᠠᠬᠢᠯᠭᠠᠨ ᠬᠠᠩᠭᠠᠬᠤ ᠺᠣᠮᠫᠠᠨᠢ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠮᠥᠩᠭᠦᠨ ᠭᠦᠶᠯᠭᠡᠭᠡᠨ ᠤ ᠠᠯᠪᠠᠨ ᠬᠡᠷ᠂ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ︶      ︵ᠵᠢᠷᠭᠤᠭ᠎ᠠ︶ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠡᠪᠳᠡᠭᠰᠡᠨ ᠲᠤᠪᠤᠶᠢᠮ᠎ᠠ ᠠᠰᠠᠭᠤᠳᠠᠯ ᠳᠤ ᠡᠷᠡᠰ ᠴᠣᠬᠢᠯᠲᠠ ᠥᠭᠴᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠠᠲᠤᠯᠠᠨ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃      18. ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ ︽ᠤᠯᠠᠭᠠᠨᠴᠠᠪ ᠬᠤᠲᠠ ᠶᠢᠨ ᠨᠠᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠶᠯᠡᠴᠢᠯᠡᠬᠦ ᠡᠭᠦᠷᠭᠡ ᠶᠢᠨ ᠨᠠᠷᠢᠨ ᠬᠠᠭᠤᠳᠠᠰᠤ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠡᠷᠦᠩᠬᠡᠶ ᠲᠠᠩᠰᠠ︾ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ︽ᠲᠣᠭᠠᠴᠢᠯᠠᠵᠤ ᠣᠶᠤᠨᠴᠢᠯᠠᠭᠰᠠᠨ︾ ᠦᠶᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ᠂ ᠢᠵᠢ ᠪᠥᠷᠢᠳᠦᠭᠰᠡᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠦᠭᠰᠡᠨ ᠪᠠᠶᠢᠳᠠᠯ᠂ ︽ᠪᠠᠷᠢᠮᠵᠢᠶ᠎ᠠ ᠲᠠᠢ ᠬᠠᠷᠭᠤᠭᠤᠯᠵᠤ ᠬᠥᠭᠡᠭᠡᠵᠦ ᠳᠠᠪᠠᠭ᠋ᠤ︾ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠵᠡᠷᠭᠡ ᠳᠤ ᠪᠦᠷᠢᠨ ᠲᠡᠭᠦᠯᠳᠡᠷ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠠᠰᠠᠭᠤᠳᠠᠯ ᠢ ᠲᠤᠰᠬᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠴᠠᠭ ᠲᠤᠨᠢ ᠳᠣᠭᠢᠷᠠᠭᠤᠯᠤᠨ ᠢᠯᠡ ᠪᠠᠷ ᠪᠠᠶᠢᠴᠠᠭᠠᠨ ᠳᠠᠯᠳᠠᠭᠤᠷ ᠰᠤᠷᠪᠤᠯᠵᠢᠯᠠᠬᠤ ᠶᠢ ᠥᠷᠨᠢᠭᠦᠯᠵᠦ᠂ ᠢᠯᠡᠷᠡᠭᠦᠯᠦᠭᠰᠡᠨ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠰᠠᠶᠢᠰᠢᠶᠠᠨ ᠬᠥᠬᠢᠭᠦᠯᠵᠦ ᠤᠷᠮᠠᠰᠢᠭᠤᠯᠤᠨ ᠵᠣᠷᠢᠭᠵᠢᠭᠤᠯᠵᠤ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠠᠴᠠ ᠬᠠᠷᠢᠭᠤᠴᠠᠯᠭ᠎ᠠ ᠨᠡᠬᠡᠮᠵᠢᠯᠡᠵᠦ ᠢᠯᠡᠴᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ︔ ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ︶      19. ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠶᠢ ᠥᠷᠨᠢᠭᠦᠯᠦᠨ᠎ᠡ᠃ ︽ᠠᠯᠵᠠᠭᠤ ᠬᠤᠶᠢᠷᠭᠤ ᠰᠤᠯᠠ᠂ ᠲᠦᠯᠬᠢᠬᠦ ᠬᠤᠶᠢᠰᠢᠯᠠᠭᠤᠯᠬᠤ ᠰᠠᠭᠠᠲᠠᠭᠠᠬᠤ᠂  ᠬᠡᠪᠰᠢᠮᠡᠯ ᠰᠠᠮᠠᠭᠤᠨ ᠬᠦᠪᠰᠦᠮᠡᠯ︾ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠬᠢᠬᠦ᠂ ᠤᠳᠠᠭᠠᠨ ᠬᠢᠬᠦ ᠪᠠ ᠦᠢᠯᠡᠴᠢᠯᠡᠭᠡᠨ ᠤ ᠦᠷ᠎ᠡ ᠪᠦᠲᠦᠮᠵᠢ ᠪᠠᠷ ᠳᠣᠣᠷ᠎ᠠ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠲᠠᠯ᠎ᠠ ᠪᠠᠷ ᠬᠦᠷᠦᠯᠴᠡᠬᠦ ᠦᠭᠡᠢ᠂ ︽ᠢᠳᠡᠬᠦ ᠠᠪᠬᠤ ᠭᠠᠴᠢᠬᠤ ᠨᠡᠬᠡᠬᠦ︾ ᠵᠡᠷᠭᠡ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠡᠪᠳᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠶ ᠶᠢ ᠬᠦᠴᠦᠯᠡᠨ ᠪᠤᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ︔ ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ︶      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠬᠤᠯᠪᠣᠭᠠᠯᠠᠨ ᠬᠥᠳᠡᠯᠦᠯᠴᠡᠵᠦ ᠠᠬᠢᠭᠤᠯᠬᠤ ᠶᠢ ᠴᠢᠩᠭᠠᠷᠠᠭᠤᠯᠤᠨ᠎ᠠ᠃ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠲᠣᠰ ᠲᠥᠰᠦᠯ ᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠪᠣᠳᠠᠲᠠᠶ ᠠᠵᠢᠯ ᠤᠨ ᠲᠥᠰᠦᠯ ᠪᠤᠶᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠶᠢ ᠵᠦᠶᠯ ᠳᠠᠷᠠᠭᠠᠯᠠᠨ ᠨᠠᠷᠢᠯᠢᠬᠵᠢᠭᠤᠯᠤᠨ ᠲᠣᠳᠣᠷᠬᠠᠶᠢᠯᠠᠵᠤ᠂ ᠲᠣᠰ ᠲᠥᠰᠦᠯ ᠯᠦᠭᠡ ︽1+N︾ ᠶᠢᠨ ᠬᠤᠯᠪᠣᠭᠠᠯᠠᠨ ᠬᠥᠳᠡᠯᠦᠯᠴᠡᠵᠦ ᠨᠠᠶᠢᠳᠠᠪᠤᠷᠢᠵᠢᠭᠤᠯᠬᠤ ᠲᠣᠭᠲᠠᠴᠠ ᠶᠢ ᠪᠣᠶ ᠪᠣᠯᠭᠠᠬᠤ ᠬᠡᠷᠡᠭᠲᠡᠶ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ︽ᠤᠯᠠᠭᠠᠨᠴᠠᠪ ᠬᠤᠲᠠ ᠶᠢᠨ ᠨᠠᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠶᠯᠡᠴᠢᠯᠡᠬᠦ ᠡᠭᠦᠷᠭᠡ ᠶᠢᠨ ᠨᠠᠷᠢᠨ ᠬᠠᠭᠤᠳᠠᠰᠤ︾ ᠪᠠ ︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠡᠷᠦᠩᠬᠡᠶ ᠲᠠᠩᠰᠠ︾ ᠶᠢ ᠲᠦᠷᠭᠡᠳᠬᠡᠨ ᠲᠣᠭᠲᠠᠭᠠᠵᠤ᠂ ᠲᠣᠰ ᠲᠥᠰᠦᠯ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠡᠭᠦᠷᠭᠡ ᠶᠢ ᠨᠠᠶᠢᠳᠠᠪᠤᠷᠢᠵᠢᠭᠤᠯᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠬᠢᠬᠦ ᠬᠡᠷᠡᠭᠲᠡᠶ᠃      ︵ᠬᠤᠶᠠᠷ︶ ᠨᠡᠶᠢᠭᠡᠮ ᠤᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ᠎ᠠ᠃ ︽ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠬᠦ︾ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠠᠰᠢᠭᠯᠠᠵᠤ᠂ ᠢᠨᠲ᠋ᠧᠷ ᠰᠦᠯᠵᠢᠶ᠎ᠡ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ︽ᠤᠯᠠᠭᠠᠨᠴᠠᠪ ᠬᠤᠲᠠ ᠶᠢᠨ ᠨᠠᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠦᠶᠯᠡᠴᠢᠯᠡᠬᠦ ᠡᠭᠦᠷᠭᠡ ᠶᠢᠨ ᠨᠠᠷᠢᠨ ᠬᠠᠭᠤᠳᠠᠰᠤ︾ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ︽ᠤᠯᠠᠭᠠᠨᠴᠠᠪ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠶᠡᠷᠦᠩᠬᠡᠶ ᠲᠠᠩᠰᠠ︾ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠳᠤ ᠨᠡᠶᠢᠭᠡᠮ ᠤᠨ ᠦᠨᠡᠯᠡᠯᠲᠡ ᠬᠢᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠠᠴᠠ ᠵᠠᠰᠠᠭ ᠤᠨ ᠣᠷᠳᠣᠨ ᠤ ᠠᠵᠢᠯ ᠳᠤ ︽ᠬᠤᠪᠢ ᠥᠭᠬᠦ︾ ᠶᠢ ᠬᠥᠲᠥᠯᠦᠨ ᠵᠢᠯᠣᠭᠤᠳᠬᠤ ᠬᠡᠷᠡᠭᠲᠡᠢ᠃      ︵ᠭᠤᠷᠪᠠ︶ ᠬᠤᠰᠢᠭᠤ ᠰᠢᠶᠠᠨ ᠬᠤᠲᠠ ᠲᠣᠭᠤᠷᠢᠭ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠪᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠲᠣᠰ ᠲᠥᠰᠦᠯ ᠤᠨ ᠬᠠᠮᠢᠶ᠎ᠠ ᠪᠥᠬᠦᠶ ᠠᠭᠤᠯᠭ᠎ᠠ ᠲᠠᠢ ᠤᠶᠠᠯᠳᠤᠭᠤᠯᠤᠨ᠂ ᠡᠯ᠎ᠡ ᠵᠦᠶᠯ ᠤᠨ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠲᠠᠨᠢᠵᠤ᠂ ᠭᠠᠵᠠᠷ ᠣᠷᠣᠨ ᠤ ᠪᠣᠳᠠᠲᠠᠶ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠣᠳᠠᠲᠠᠶ ᠠᠷᠭ᠎ᠠ ᠬᠡᠮᠵᠢᠶ᠎ᠡ ᠠᠪᠴᠤ᠂ ᠲᠣᠰ ᠭᠠᠵᠠᠷ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠭᠤᠤᠯᠳᠠᠯᠭ᠎ᠠ ᠪᠠᠨ ᠳᠣᠷᠣᠭᠰᠢ ᠰᠢᠯᠵᠢᠭᠦᠯᠵᠦ᠂ ᠬᠦᠴᠦᠨ ᠢᠶᠠᠨ ᠳᠣᠷᠣᠭᠰᠢ ᠪᠠᠭᠤᠯᠭᠠᠬᠤ ᠶᠢ ᠠᠬᠢᠭᠤᠯᠬᠤ  ᠬᠡᠷᠡᠭᠲᠡᠢ᠃                                            ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                      2022 ᠣᠨ ᠤ 3 ᠰᠠᠷ᠎ᠠ ᠶᠢᠨ 21 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2