ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/30
   5 ᠳ᠋ᠤᠭᠠᠷ ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠲᠥᠪ ᠤᠨ ᠰᠢᠷᠢᠰ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠲᠤᠭ᠎ᠠ ᠪᠦᠷᠢᠳᠬᠡᠯ ᠤᠨ ᠠᠷᠭ᠎ᠠ ᠬᠡᠯᠪᠡᠷᠢ ᠶᠢ ᠴᠢᠨᠠᠭᠰᠢᠳᠠ ᠰᠠᠶᠢᠵᠢᠷᠠᠭᠤᠯᠤᠨ ᠰᠢᠯᠢᠳᠡᠭᠵᠢᠭᠦᠯᠵᠦ᠂ ᠡᠯ᠎ᠡ ᠵᠦᠢᠯ ᠤᠨ ᠴᠢᠬᠤᠯᠠ ᠭᠦᠢᠴᠡᠳᠬᠡᠬᠦ ᠲᠤᠭ᠎ᠠ ᠶᠢ ᠵᠠᠳᠠᠯᠤᠨ ᠰᠤᠳᠤᠯᠵᠤ ᠮᠠᠭᠠᠳᠯᠠᠬᠤ ᠪᠠ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠵᠤ᠂ ᠦᠨᠡᠨ ᠠᠴᠠ ᠵᠥᠪ ᠢ ᠡᠷᠢᠬᠦ᠂ ᠬᠠᠤᠯᠢ ᠶᠣᠰᠣᠭᠠᠷ ᠪᠦᠷᠢᠳᠬᠡᠬᠦ᠂ ᠪᠦᠷᠢᠳᠬᠡᠪᠡᠰᠦ ᠵᠣᠬᠢᠬᠤ ᠶᠢ ᠨᠢ ᠪᠦᠬᠦᠨ ᠢ ᠪᠦᠷᠢᠳᠬᠡᠬᠦ ᠬᠡᠷᠡᠭᠲᠡᠢ᠃ ᠵᠡᠮᠳᠡᠭᠴᠦᠳ ᠤᠨ ᠠᠵᠢᠯ ᠦᠢᠯᠡᠰ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠵᠡᠮᠳᠡᠭᠴᠦᠳ ᠤᠨ ᠡᠮ ᠡᠮᠨᠡᠯᠭᠡ ᠡᠷᠡᠭᠦᠯᠵᠢᠯ᠂ ᠰᠣᠶᠣᠯ ᠪᠡᠶ᠎ᠡ ᠶᠢᠨ ᠲᠠᠮᠢᠷ ᠰᠤᠷᠭᠠᠨ ᠬᠥᠮᠦᠵᠢᠯ ᠵᠡᠷᠭᠡ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠵᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠪᠠ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                         ᠣᠷᠴᠢᠭᠤᠯᠤᠭᠴᠢ᠄ ᠭᠤᠸ᠎ᠠ                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2