ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ  ᠳᠥᠷᠪᠡᠳ ᠬᠤᠰᠢᠭᠤᠨ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠬᠠᠤᠯᠢ ᠲᠣᠭᠲᠠᠭᠠᠯ ᠶᠣᠰᠣᠭᠠᠷ  ᠦᠨᠡᠨ ᠠᠴᠠ ᠵᠥᠪ ᠢ ᠡᠷᠢᠵᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ  ᠠᠮᠢ ᠠᠬᠤᠶ ᠶᠢ ᠤᠷᠢᠳᠠᠪᠠᠷ ᠪᠣᠳᠣᠯᠬᠢᠯᠠᠬᠤ  ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠰᠠᠶᠢᠲᠤᠷ ᠵᠠᠮᠨᠠᠬᠤ ᠬᠡᠷᠡᠭᠲᠡᠢ
ᠨᠡᠶᠢᠲᠡᠯᠡᠭᠰᠡᠨ ᠴᠠᠭ᠄
2022/5/5
     5 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠳᠥᠷᠪᠡᠳ ᠬᠤᠰᠢᠭᠤᠨ ᠳᠤ ᠭᠦᠨᠵᠡᠭᠡᠶᠢᠷᠡᠵᠦ᠂ ᠲᠥᠪ ᠤᠨ ᠭᠤᠷᠪᠠᠳᠤᠭᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂  ᠲᠠᠷᠢᠶᠠᠯᠠᠩ ᠤᠨ ᠲᠠᠷᠢᠮᠠᠯ ᠲᠠᠷᠢᠵᠤ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠳᠠᠭᠠᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠵᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠥᠪᠥᠷ ᠮᠣᠩᠭᠤᠯ ᠤᠨ ᠱᠢ ᠵᠢᠢ ᠾᠧᠩ ᠱᠧᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠠᠭᠤᠷᠬᠠᠢ ᠶᠢᠨ ᠨᠦᠭᠡ᠂ ᠠᠭᠤᠯᠠ ᠶᠢ ᠮᠠᠯᠲᠠᠭᠠᠳ ᠠᠪᠬᠤ ᠶᠢᠨ ᠠᠷᠭ᠎ᠠ ᠦᠭᠡᠢ ᠪᠣᠯᠤᠭᠰᠠᠨ ᠪᠠᠶᠢᠳᠠᠯ ᠭᠠᠵᠠᠷ ᠰᠠᠢ ᠦᠭᠡᠢ ᠬᠠᠷᠠᠭᠳᠠᠨ᠎ᠠ᠃ ᠬᠤᠯᠪᠣᠭᠳᠠᠯ ᠪᠥᠬᠦᠶ ᠪᠠᠶᠢᠳᠠᠯ ᠢ ᠨᠠᠷᠢᠨ ᠠᠰᠠᠭᠤᠨ ᠣᠶᠢᠯᠠᠭᠠᠭᠰᠠᠨ ᠤ ᠳᠠᠷᠠᠭ᠎ᠠ᠂ ᠰᠦᠶ ᠸᠧᠶ ᠵᠢᠶᠦ᠋ᠨ᠂ ᠠᠵᠤ ᠠᠬᠤᠶᠢᠯᠠᠯ ᠳᠤ ᠵᠠᠭᠠᠭ ᠬᠢᠵᠠᠭᠠᠷ ᠢ ᠳᠠᠪᠠᠵᠤ ᠨᠡᠭᠡᠭᠡᠨ ᠮᠠᠯᠲᠠᠬᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠠᠰᠠᠭᠤᠳᠠᠯ ᠣᠷᠣᠰᠢᠵᠤ ᠪᠠᠶᠢᠬᠤ ᠪᠠᠷ ᠪᠠᠷᠠᠬᠤ ᠥᠬᠡᠶ᠂ ᠨᠠᠩ ᠬᠦᠨᠳᠦ ᠨᠣᠴᠢᠲᠠᠶ ᠨᠢ ᠠᠮᠢ ᠠᠬᠤᠶ ᠳᠤ ᠡᠭᠡᠭᠦᠯᠵᠦ ᠳᠡᠶᠢᠯᠦᠰᠢ ᠥᠬᠡᠶ ᠬᠤᠬᠢᠷᠠᠯ ᠤᠴᠠᠷᠠᠭᠤᠯᠤᠭᠰᠠᠨ ᠪᠠᠶᠢᠨ᠎ᠠ᠃ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠲᠠᠢ ᠪᠠᠶᠢᠬᠤ ᠨᠢ ᠣᠷᠴᠢᠨ ᠠᠬᠤᠶ ᠶᠢ ᠡᠪᠳᠡᠬᠦ ᠶᠢᠨ ︽ᠬᠠᠯᠬᠠᠪᠴᠢ ︾ ᠣᠭᠲᠣ ᠪᠢᠰᠢ ᠶᠤᠮ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠤᠰ ᠲᠥᠷᠥ ᠶᠢᠨ ᠲᠠᠯ᠎ᠠ ᠠᠴᠠ ᠬᠠᠷᠠᠵᠤ᠂ ᠤᠯᠤᠰ ᠲᠥᠷᠥ ᠶᠢᠨ ᠲᠠᠯ᠎ᠠ ᠠᠴᠠ ᠭᠦᠢᠴᠡᠳᠬᠡᠬᠦ ᠶᠢ ᠪᠠᠷᠢᠮᠲᠠᠯᠠᠵᠤ᠂ ᠭᠦᠨᠵᠡᠭᠡᠶ ᠲᠤᠩᠭᠠᠨ ᠪᠣᠳᠣᠯᠬᠢᠯᠠᠵᠤ᠂ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠠᠵᠤ ᠠᠬᠤᠶᠢᠯᠠᠯ ᠤᠨ ᠦᠨᠡᠨᠬᠦ ᠠᠳᠬᠤᠵᠤ ᠪᠣᠳᠠᠲᠠᠶ ᠪᠠᠷ ᠥᠭᠡᠷᠡᠴᠢᠯᠡᠬᠦ ᠶᠢ ᠱᠠᠯᠠᠪᠳᠠᠭᠤᠯᠬᠤ ᠬᠡᠷᠡᠭᠲᠡᠶ᠃ ᠪᠠᠶᠢᠳᠠᠯ ᠢ ᠪᠥᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠠᠵᠤ ᠠᠬᠤᠶᠢᠯᠠᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠬᠤ ᠪᠠᠷ ᠬᠠᠮᠢᠶᠠᠷᠤᠯᠲᠠ ᠶᠢ ᠣᠷᠣᠯᠠᠭᠤᠯᠬᠤ᠂ ᠨᠢᠭᠡ ᠯᠡ ᠲᠣᠷᠭᠠᠭᠠᠳ ᠳᠠᠭᠤᠰᠬᠠᠵᠤ ᠶᠠᠭᠠᠬᠢᠭᠰᠠᠨ ᠴᠤ ᠪᠣᠯᠬᠤ ᠦᠭᠡᠢ᠂ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠦᠨᠳᠦᠰᠦ ᠰᠤᠷᠪᠤᠯᠵᠢ ᠠᠴᠠ ᠨᠢ ᠵᠠᠰᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠣᠷᠣᠨ ᠪᠦᠰᠡ ᠶᠢᠨ ᠳᠣᠲᠣᠷᠠᠬᠢ ᠠᠭᠤᠷᠬᠠᠢ ᠳᠤ ᠶᠡᠭᠡ ᠪᠠᠶᠢᠴᠠᠭᠠᠯᠲᠠ ᠬᠢᠵᠦ᠂ ᠡᠯ᠎ᠡ ᠲᠦᠷᠦᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠵᠤ ᠵᠠᠰᠠᠬᠤ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠳ ︽ᠵᠣᠭᠤᠰ︾ ᠤᠨ ᠲᠥᠯᠥᠭᠡ ᠣᠷᠴᠢᠨ ᠲᠣᠭᠤᠷᠢᠨ ᠢ ᠡᠪᠳᠡᠵᠦ ᠶᠠᠭᠠᠬᠢᠭᠰᠠᠨ ᠴᠤ ᠪᠣᠯᠬᠤ ᠦᠭᠡᠢ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠵᠤ ᠶᠠᠭᠠᠬᠢᠭᠰᠠᠨ ᠴᠤ ᠪᠣᠯᠬᠤ ᠦᠭᠡᠢ ᠵᠢᠭᠠᠵᠤ ᠭᠠᠷᠭᠠᠪᠠ᠃     ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠥᠪᠥᠷ ᠮᠣᠩᠭᠤᠯ ᠤᠨ ᠤᠯᠠᠭᠠᠨᠴᠠᠪ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠲᠤ᠂ ᠰᠦᠶ ᠸᠧᠶ ᠵᠢᠶᠦ᠋ᠨ ᠨᠢᠭᠡᠳᠦᠭᠡᠷ ᠬᠤᠭᠤᠴᠠᠭᠠᠨ ᠤ 600 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠠᠷᠢᠭᠤᠴᠠᠯᠭᠠᠲᠠᠨ ᠳᠤ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠵᠥᠪᠯᠡᠯᠴᠡᠭᠡᠷ ᠶᠣᠰᠣᠭᠠᠷ᠂ ᠬᠤᠷᠰᠢᠭᠰᠠᠨ ᠠᠵᠤ ᠠᠬᠤᠶᠢᠯᠠᠯ ᠤᠨ ᠢᠵᠢ ᠪᠦᠷᠢᠳᠦᠭᠰᠡᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠳᠥᠷᠪᠡᠳ ᠬᠤᠰᠢᠭᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠥᠷᠥᠯ ᠵᠦᠢᠯ ᠢ ᠠᠬᠢᠭᠤᠯᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ ᠭᠡᠵᠦ ᠵᠠᠬᠢᠭᠰᠠᠨ ᠪᠠᠶᠢᠨ᠎ᠠ᠃     ᠪᠠᠶᠢᠴᠠᠭᠠᠨ ᠰᠤᠳᠤᠯᠬᠤ ᠶᠠᠪᠤᠴᠠ ᠳᠤ᠂ ᠰᠦᠢ ᠸᠧᠢ ᠵᠢᠶᠦ᠋ᠨ ᠲᠠᠷᠢᠶᠠᠨ ᠭᠠᠵᠠᠷ ᠲᠤ ᠬᠦᠷᠴᠦ᠂ ᠬᠥᠷᠥᠰᠥᠨ ᠤ ᠴᠢᠭᠢᠭ ᠤᠨ ᠪᠠᠶᠢᠳᠠᠯ ᠢ ᠪᠠᠶᠢᠴᠠᠭᠠᠨ ᠦᠵᠡᠵᠦ᠂ ᠲᠠᠷᠢᠮᠠᠯ ᠲᠠᠷᠢᠵᠤ ᠪᠠᠶᠢᠭ᠎ᠠ ᠪᠠᠶᠢᠳᠠᠯ ᠢ ᠣᠶᠢᠯᠠᠭᠠᠪᠠ᠃ ᠲᠡᠷᠡ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠮᠤ ᠪᠤᠳᠠᠭᠠᠨ ᠤ ᠲᠠᠷᠢᠬᠤ ᠲᠠᠯᠠᠪᠠᠢ ᠪᠣᠯᠤᠨ ᠤᠨᠠᠯᠲᠠ ᠶᠢ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠨᠤᠲᠤᠭ ᠲᠠᠭᠠᠨ ᠪᠤᠴᠠᠭᠰᠠᠨ ᠴᠢᠳᠠᠪᠤᠷᠢᠲᠠᠨ᠂ ᠪᠠᠶᠠᠵᠢᠯ ᠤᠨ ᠲᠠᠭᠠᠭᠤᠯᠤᠭᠴᠢ ᠶᠢ ᠶᠡᠬᠡᠪᠡᠷ ᠳᠡᠮᠵᠢᠵᠦ᠂ ᠲᠡᠳᠡᠨ ᠤ ᠲᠡᠷᠢᠭᠦᠨ ᠤ ᠣᠶᠢᠯᠠᠭᠠᠭᠳᠠᠬᠤᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠲᠠᠷᠢᠵᠦ ᠲᠡᠵᠢᠭᠡᠬᠦ ᠶᠢ ᠵᠢᠯᠣᠭᠤᠳᠴᠤ᠂ ᠲᠠᠷᠢᠶᠠᠴᠢᠳ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠲᠠᠶᠢᠴᠢᠯᠠᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠬᠠᠭᠤᠷᠠᠶ ᠲᠠᠷᠢᠶᠠᠯᠠᠩ ᠤᠨ ᠣᠷᠭᠠᠨᠢᠭ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠳᠠ ᠶᠢᠨ ᠤᠳᠤᠷᠢᠳᠤᠯᠭ᠎ᠠ ᠯᠢᠦ ᠭᠦᠸᠧ ᠭᠠᠩ᠂ ᠯᠢ ᠵᠢᠶᠠᠨ ᠵᠢᠶᠦ᠋ᠨ᠂ ᠭᠦᠩ ᠵᠢᠶᠠᠨ᠂ ᠶᠤᠸᠠᠨ ᠰᠢᠶᠤᠤ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2