ᠬᠤᠲᠠᠯᠲᠤᠭᠠᠴᠢᠨ ᠡᠷᠦᠬᠡ ᠨᠡᠶᠢᠳᠡ ᠶᠢᠨ ᠲᠡᠷᠭᠡᠨ ᠵᠤᠭᠰᠤᠭᠠᠯ ᠳᠤᠷ᠎ᠠ ᠪᠠᠷ ᠡᠵᠡᠯᠡᠨ ᠬᠡᠷᠡᠭᠯᠡᠭᠰᠡᠨ ᠶᠠᠪᠤᠲᠠᠯ  ᠢ12345 ᠬᠠᠯᠠᠮᠰᠢᠯ ᠤᠲᠠᠰᠤ ᠵᠣᠬᠢᠴᠠᠭᠤᠯᠤᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2022/5/5
     ᠣᠶᠢᠷ᠎ᠠ ᠳᠤ᠂ ᠵᠠᠷᠢᠮ ᠬᠤᠳᠠ ᠶᠢᠨ ᠠᠷᠠᠳ 12345 ᠬᠠᠯᠠᠮᠰᠢᠯ ᠤᠳᠠᠰᠤ ᠪᠠᠷ ᠳᠠᠮᠵᠢᠭᠤᠯᠤᠨ  ᠳᠤᠰᠬᠠᠬᠤ  ᠳᠠᠭᠠᠨ᠂ ᠵᠢᠨᠢᠩ ᠲᠣᠭᠤᠷᠢᠭ ᠤᠨ ᠵᠧᠵᠢᠶᠠᠩ ᠵᠢᠵᠢᠭ ᠲᠠᠸᠠᠷ ᠤᠨ ᠵᠠᠬ᠎ᠠ ᠳᠡᠯᠭᠡᠭᠦᠷ ᠵᠢᠴᠢ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠤᠷᠳᠤᠨ ᠤ ᠡᠷᠬᠢᠨ ᠲᠣᠭᠤᠷᠢᠨ ᠤ ᠣᠯᠠᠨ ᠨᠡᠶᠢᠳᠡ ᠶᠢᠨ ᠲᠡᠷᠭᠡᠨ  ᠵᠤᠭᠰᠤᠭᠠᠯ ᠨᠢ ᠬᠠᠭᠤᠴᠢᠨ ᠮᠠᠰᠢᠨ ᠳᠡᠷᠭᠡᠨ ᠤ ᠬᠤᠳᠠᠯᠳᠤᠭᠠᠴᠢᠨ ᠳᠤ ᠡᠵᠡᠯᠡᠭᠳᠡᠵᠤ᠂ ᠲᠡᠷᠭᠡᠨ ᠵᠤᠭᠰᠤᠭᠠᠯ ᠪᠠᠴᠢᠮ ᠪᠣᠯᠵᠣ᠂ ᠬᠤᠳᠡ ᠶᠢᠨ ᠠᠷᠠᠳ ᠲᠡᠷᠭᠡ ᠵᠤᠭᠰᠤᠭᠠᠬᠤ ᠳᠤ ᠳᠥᠭᠦᠮ ᠦᠭᠡᠢ ᠪᠣᠯᠪᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠵᠣᠬᠢᠴᠠᠭᠤᠯᠤᠨ ᠰᠢᠢᠳᠪᠦᠷᠢᠯᠡᠬᠦ ᠶᠢ ᠬᠦᠰᠡᠵᠦ ᠪᠠᠶᠢᠨ᠎ᠠ ᠭᠡᠵᠡᠶ᠃    ᠳᠠᠷᠠᠭ᠎ᠠ ᠨᠢ᠂ ᠰᠤᠷᠪᠤᠯᠵᠢᠯᠠᠭᠴᠢ ᠵᠧᠵᠢᠶᠠᠩ ᠵᠢᠵᠢᠭ ᠲᠠᠸᠠᠷ ᠤᠨ ᠵᠠᠬ᠎ᠠ ᠳᠡᠯᠭᠡᠭᠦᠷ ᠤᠨ ᠡᠷᠬᠢᠨ ᠲᠣᠭᠤᠷᠢᠨ ᠤ ᠣᠯᠠᠨ ᠨᠡᠶᠢᠳᠡ ᠶᠢᠨ ᠲᠡᠷᠭᠡᠨ ᠵᠤᠭᠰᠤᠭᠠᠯ ᠤᠨ ᠭᠠᠵᠠᠷ ᠲᠤ᠂ ᠨᠢᠭᠡᠨᠲᠡ ᠲᠦᠭᠦᠷᠡᠲᠡᠯ᠎ᠡ ᠲᠡᠷᠭᠡ ᠵᠤᠭᠰᠤᠵᠤ ᠪᠠᠶᠢᠬᠤ  ᠶᠢ ᠣᠯᠵᠤ ᠬᠠᠷᠠᠪᠠ᠂ ᠡᠭᠦᠨ ᠳᠤ ᠨᠢᠭᠡ ᠪᠦᠯᠦᠭ ᠲᠡᠷᠭᠡ ᠫᠠᠶᠢᠰᠠ ᠡᠯᠭᠦᠭᠰᠡᠨ ᠦᠭᠡᠢ᠂ ᠲᠡᠷᠭᠡᠨ ᠳᠡᠭᠡᠷ᠎ᠡ ᠨᠢ ᠬᠤᠳᠠᠯᠳᠤᠬᠤ ᠮᠡᠳᠡᠭᠡ ᠵᠠᠩᠭᠢ ᠵᠢᠴᠢ ᠬᠠᠷᠢᠯᠴᠠᠬᠤ ᠠᠷᠭ᠎ᠠ ᠬᠡᠯᠪᠡᠷᠢ ᠨᠠᠭᠠᠭᠰᠠᠨ ᠪᠠᠶᠢᠨ᠎ᠠ᠃     ᠰᠤᠷᠪᠤᠯᠵᠢᠯᠠᠭ᠎ᠠ ᠶᠢᠨ ᠳᠤᠮᠳᠠ ᠮᠠᠰᠢ ᠣᠯᠠᠨ ᠬᠤᠳᠡ ᠶᠢᠨ ᠠᠷᠠᠳ ᠣᠯᠠᠨ ᠨᠡᠶᠢᠳᠡ ᠶᠢᠨ ᠲᠡᠷᠭᠡᠨ  ᠵᠤᠭᠰᠤᠭᠠᠯ  ᠢ ᠬᠤᠳᠠᠯᠳᠤᠭᠠᠴᠢᠨ ᠡᠷᠦᠭᠡ ᠤᠷᠲᠤ ᠬᠤᠭᠤᠴᠠᠭ᠎ᠠ ᠪᠠᠷ ᠡᠵᠡᠯᠡᠨ ᠬᠡᠷᠡᠭᠯᠡᠭᠰᠡᠨ ᠳᠤ ᠳᠤᠷ᠎ᠠ ᠦᠭᠡᠶᠢᠴᠡᠵᠦ ᠪᠠᠶᠢᠬᠤ  ᠪᠠᠨ ᠢᠯᠡᠷᠭᠡᠶᠢᠯᠡᠪᠡ᠃     ᠲᠡᠭᠡᠪᠡᠯ᠂ ᠶᠠᠭᠠᠬᠢᠪᠠᠯ ᠰᠠᠶ᠋ᠢ ᠨᠡᠶᠢᠳᠡ ᠶᠢᠨ ᠮᠠᠰᠢᠨ ᠳᠡᠷᠭᠡᠨ ᠤ ᠵᠤᠭᠰᠤᠭᠠᠯ ᠢ ᠠᠷᠠᠳ ᠲᠤ ᠪᠤᠴᠠᠭᠠᠬᠤ ᠪᠤᠢ︖ ᠰᠤᠷᠪᠤᠯᠵᠢᠯᠠᠭᠴᠢ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠬᠢ ᠳᠤ ᠬᠦᠷᠴᠦ ᠪᠠᠶᠢᠳᠠᠯ ᠢ ᠣᠶᠢᠯᠠᠭᠠᠪᠠ᠃     ᠲᠤᠰ ᠶᠡᠭᠡ ᠠᠩᠬᠢ ᠶᠢᠨ ᠠᠯᠪᠠᠨ ᠭᠡᠷ ᠤᠨ ᠡᠷᠬᠢᠯᠡᠭᠴᠢ ᠰᠢᠦᠢ ᠵᠠᠨ ᠱᠧᠨ ᠰᠤᠷᠪᠤᠯᠵᠢᠯᠠᠭᠴᠢ ᠳᠤ ᠬᠡᠯᠡᠬᠦ  ᠳᠡᠭᠡᠨ᠂ ᠲᠡᠳᠡ ᠦᠩᠭᠡᠷᠡᠭᠰᠡᠨ ᠳᠤ ᠣᠯᠠᠨ ᠨᠡᠶᠢᠳᠡ ᠶᠢᠨ ᠲᠡᠷᠭᠡᠨ ᠵᠤᠭᠰᠤᠭᠠᠯ ᠢ ᠡᠵᠡᠯᠡᠨ ᠬᠡᠷᠡᠭᠯᠡᠭᠰᠡᠨ ᠬᠤᠳᠠᠯᠳᠤᠭᠠᠴᠢᠨ ᠢ ᠢᠳᠬᠠᠨ ᠬᠡᠯᠡᠵᠤ ᠦᠩᠭᠡᠷᠡᠭᠰᠡᠨ᠂ ᠭᠡᠪᠡᠴᠦ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠳᠤ ᠣᠯᠠᠨ ᠨᠡᠶᠢᠳᠡ ᠶᠢᠨ ᠲᠡᠷᠭᠡᠨ ᠵᠤᠭᠰᠤᠭᠠᠯ ᠢ ᠡᠵᠡᠯᠡᠨ ᠬᠡᠷᠡᠭᠯᠡᠭᠰᠡᠨ ᠠᠵᠢᠯᠯᠠᠭ᠎ᠠ ᠶᠢ ᠰᠢᠢᠳᠬᠡᠬᠦ ᠲᠤᠬᠠᠶ ᠬᠤᠯᠪᠤᠭᠳᠠᠯ ᠪᠦᠬᠦᠢ ᠳᠤᠭᠳᠠᠭᠠᠯ ᠦᠭᠡᠶ ᠪᠣᠯᠬᠤᠷ ᠦᠷ᠎ᠡ ᠪᠦᠲᠦᠮᠵᠢ ᠪᠠᠷ ᠪᠠᠷ ᠲᠣᠩ ᠠᠨᠠᠢ ᠪᠠᠶᠢᠨ᠎ᠠ ᠭᠡᠵᠡᠶ᠃     ᠡᠭᠦᠨ ᠠᠴᠠ ᠭᠠᠳᠠᠨ᠎ᠠ᠂ ᠣᠯᠠᠨ ᠨᠡᠶᠢᠳᠡ ᠶᠢᠨ ᠲᠡᠷᠭᠡᠨ ᠵᠤᠭᠰᠤᠭᠠᠯ ᠤᠨ ᠬᠠᠮᠢᠶᠠᠷᠤᠯᠳᠡ ᠶᠢᠨ ᠡᠷᠬᠡ  ᠳᠤᠰᠢᠶᠠᠯ ᠲᠣᠳᠣᠷᠬᠠᠶ ᠥᠬᠡᠶ ᠪᠠᠶᠢᠬᠤ ᠠᠰᠠᠭᠤᠳᠠᠯ ᠤᠷᠤᠰᠢᠵᠤ ᠪᠠᠶᠢᠨ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠬᠢ ᠶᠢᠨ ᠬᠢᠨ ᠣᠯᠠᠨ ᠨᠡᠶᠢᠳᠡ ᠶᠢᠨ ᠲᠡᠷᠭᠡᠨ ᠵᠤᠭᠰᠤᠭᠠᠯ ᠤᠨ ᠬᠠᠮᠢᠶᠠᠷᠤᠯᠳᠡ ᠶᠢ ᠬᠤᠳᠡ ᠶᠢᠨ ᠬᠠᠮᠢᠶᠠᠷᠤᠯᠳᠡ ᠶᠢᠨ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠳᠤᠪᠴᠢᠶ᠎ᠠ ᠠᠴᠠ ᠬᠠᠷᠢᠭᠤᠴᠠᠪᠠᠯ ᠵᠤᠬᠢᠨ᠎ᠠ ᠭᠡᠵᠤ ᠦᠵᠡᠵᠦ ᠪᠠᠶᠢᠨ᠎ᠠ᠃     ᠳᠠᠷᠠᠭ᠎ᠠ ᠨᠢ ᠰᠤᠷᠪᠤᠯᠵᠢᠯᠠᠭᠴᠢ ᠵᠢᠨᠢᠩ ᠳᠤᠭᠤᠷᠢᠭ ᠤᠨ ᠬᠤᠳᠡ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭ᠌ᠵᠢᠭᠦᠯᠬᠦ ᠲᠣᠪᠴᠢᠶ᠎ᠠ ᠳᠤ ᠬᠦᠷᠴᠦ ᠰᠤᠷᠪᠤᠯᠵᠢᠯᠠᠪᠠ᠃ ᠲᠤᠰ ᠲᠣᠪᠴᠢᠶᠠᠨ ᠤ ᠬᠤ᠋ ᠱᠠᠨ ᠲᠤᠮᠳᠠ ᠠᠩᠬᠢ ᠶᠢᠨ ᠳᠠᠷᠤᠭ᠎ᠠ ᠨᠢᠦ ᠫᠧᠩ ᠹᠧᠶ ᠶᠢᠨ ᠦᠵᠡᠬᠦ ᠪᠠᠷ᠂ ᠬᠡᠷᠪᠡ ᠨᠡᠶᠢᠳᠡ ᠶᠢᠨ ᠲᠡᠷᠭᠡᠨ  ᠵᠤᠭᠰᠤᠭᠠᠯ ᠳᠡᠭᠡᠷ᠎ᠡ ᠴᠠᠭᠠᠰᠤᠨ ᠬᠠᠶᠢᠷᠴᠠᠭ ᠮᠡᠳᠦ ᠶᠢᠨ ᠪᠣᠳᠠᠰ ᠪᠠᠶᠢᠪᠠᠯ᠂ ᠲᠡᠳᠡ ᠬᠤᠯᠪᠤᠭᠳᠠᠯ ᠪᠦᠬᠦᠢ ᠳᠦᠷᠢᠮ ᠳᠤᠭᠳᠠᠭᠠᠯ ᠢ ᠦᠨᠳᠦᠰᠦᠯᠡᠨ ᠴᠡᠪᠡᠷᠯᠡᠵᠦ ᠪᠣᠯᠤᠨ᠎ᠠ᠂ ᠭᠡᠪᠡᠴᠦ ᠣᠳᠣᠬᠠᠨ ᠤ ᠪᠠᠶᠢᠳᠠᠯ ᠪᠣᠯ ᠨᠡᠶᠢᠲᠡ ᠶᠢᠨ ᠲᠡᠷᠭᠡᠨ ᠵᠤᠭᠰᠤᠭᠠᠯ ᠳᠡᠭᠡᠷ᠎ᠡ ᠪᠠᠶᠢᠭ᠎ᠠ ᠨᠢ ᠮᠠᠰᠢᠨ ᠲᠡᠷᠭᠡ ᠪᠣᠯᠤᠨ᠎ᠠ᠂ ᠲᠡᠳᠡᠨ ᠳᠤ ᠬᠤᠯᠪᠤᠭᠳᠠᠯ ᠪᠦᠬᠦᠢ ᠬᠠᠤᠯᠢ  ᠬᠡᠷᠡᠭᠵᠢᠬᠦᠯᠬᠦ ᠡᠷᠬᠡ ᠪᠠᠶᠢᠬᠤ ᠦᠭᠡᠢ᠃     ᠨᠢᠦ ᠫᠧᠩ ᠹᠸᠢ ᠬᠡᠯᠡᠬᠦ ᠳᠡᠭᠡᠨ᠄ ︽ᠵᠢᠨᠢᠩ ᠲᠣᠭᠤᠷᠢᠭ ᠤᠨ ᠵᠠᠰᠠᠭ ᠤᠨ ᠣᠷᠳᠣᠨ ᠲᠦᠷᠦᠭᠦᠯᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠡ ᠶᠢᠨ ᠲᠣᠪᠴᠢᠶ᠎ᠠ᠂ ᠬᠤᠳᠡ ᠶᠢᠨ ᠬᠠᠮᠢᠶᠠᠷᠤᠯᠳᠡ ᠶᠢᠨ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠬᠠᠮᠲᠤᠷᠠᠨ ᠬᠠᠤᠯᠢ ᠬᠡᠷᠡᠭᠵᠢᠬᠦᠯᠵᠤ᠂ ᠣᠯᠠᠨ ᠨᠡᠶᠢᠳᠡ ᠶᠢᠨ ᠲᠡᠷᠭᠡᠨ ᠵᠤᠭᠰᠤᠭᠠᠯ ᠤᠨ ᠳᠤᠷ᠎ᠠ ᠪᠠᠷ ᠢᠶᠠᠨ ᠡᠵᠡᠯᠡᠨ ᠬᠡᠷᠡᠭᠯᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠶᠢ ᠪᠢ ᠰᠠᠨᠠᠭᠤᠯᠵᠤ ᠪᠠᠶᠢᠨ᠎ᠠ︾ ᠭᠡᠵᠡᠶ᠃     ᠰᠤᠷᠪᠤᠯᠵᠢᠯᠠᠭᠰᠠᠨ ᠤ ᠳᠠᠷᠠᠭ᠎ᠠ ᠡᠳᠦᠷ ᠲᠤᠨᠢ ᠵᠢᠨᠢᠩ ᠲᠣᠭᠤᠷᠢᠭ ᠤᠨ ᠬᠤᠳᠡ ᠶᠢᠨ ᠬᠠᠮᠢᠶᠠᠷᠤᠯᠳᠡ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠣᠪᠴᠢᠶ᠎ᠠ ᠠᠴᠠ ︽ᠣᠯᠠᠨ ᠨᠡᠶᠢᠳᠡ ᠶᠢᠨ ᠡᠬᠢ ᠪᠠᠶᠠᠯᠢᠭ ᠢ ᠬᠤᠪᠢ ᠪᠠᠷ  ᠢᠶᠠᠨ ᠡᠵᠡᠯᠡᠨ ᠬᠠᠭᠤᠴᠢᠨ ᠮᠠᠰᠢᠨ ᠲᠡᠷᠭᠡ ︵ᠴᠠᠬᠢᠯᠭᠠᠨ ᠬᠤᠷᠢᠶᠠᠭᠤᠷ ᠲᠡᠷᠭᠡ︶ ᠶᠢ ᠵᠤᠬᠰᠤᠭᠠᠬᠤ ᠵᠡᠷᠭᠡ  ᠳᠤᠭᠳᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠳᠤᠰᠬᠠᠢ ᠴᠡᠭᠴᠡᠯᠡᠨ ᠵᠠᠰᠠᠬᠤ ᠲᠤᠬᠠᠶ ᠵᠠᠷᠯᠠᠯ︾ ᠢ ᠨᠡᠶᠢᠲᠡᠯᠡᠵᠦ᠂ ᠵᠠᠷᠯᠠᠯ ᠢ ᠨᠡᠶᠢᠲᠡᠯᠡᠭᠰᠡᠨ ᠤ ᠳᠠᠷᠠᠭᠠᠬᠢ ᠭᠤᠷᠪᠠᠨ ᠡᠳᠦᠷ ᠤᠨ ᠳᠣᠲᠣᠷ᠎ᠠ ᠬᠤᠳᠠᠯᠳᠤᠭᠠᠴᠢᠨ ᠡᠷᠦᠬᠡ ᠥᠪᠡᠰᠦᠪᠡᠨ ᠰᠢᠢᠳᠪᠦᠷᠢᠯᠡᠬᠦ ᠬᠡᠷᠡᠭᠳᠡᠢ ᠭᠡᠵᠦ ᠱᠠᠭᠠᠷᠳᠠᠵᠠᠶ᠃     ᠳᠠᠷᠠᠭ᠎ᠠ ᠨᠢ᠂ ᠵᠢᠨᠢᠩ ᠲᠣᠭᠤᠷᠢᠭ ᠤᠨ ᠬᠤᠳᠡ ᠶᠢᠨ ᠬᠠᠮᠢᠶᠠᠷᠤᠯᠳᠡ ᠶᠢᠨ ᠶᠡᠷᠦᠩᠬᠡᠶᠢᠯᠡᠭᠰᠡᠨ ᠬᠠᠤᠯᠢ  ᠬᠡᠷᠡᠭᠵᠢᠬᠦᠯᠬᠦ ᠲᠤᠪᠴᠢᠶ᠎ᠠ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠡ ᠶᠢᠨ ᠲᠤᠪᠴᠢᠶ᠎ᠠ ᠵᠢᠴᠢ ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠬᠢ ᠵᠡᠷᠭᠡ ᠭᠤᠷᠪᠠᠨ ᠨᠢᠭᠡᠴᠢ ᠬᠠᠮᠲᠤᠷᠠᠨ ᠵᠧᠵᠢᠶᠠᠩ ᠵᠢᠵᠢᠭ ᠲᠠᠸᠠᠷ ᠤᠨ ᠵᠠᠬ᠎ᠠ ᠲᠡᠯᠭᠡᠬᠦᠷ ᠪᠣᠯᠤᠨ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠤᠷᠲᠤᠨ ᠤ ᠡᠷᠬᠢᠨ ᠲᠣᠭᠤᠷᠢᠨ ᠤ ᠤᠯᠠᠨ ᠨᠡᠶᠢᠳᠡ ᠶᠢᠨ ᠲᠡᠷᠭᠡᠨ ᠵᠤᠭᠰᠤᠭᠠᠯ ᠢ ᠬᠤᠪᠢ ᠪᠠᠷ ᠢᠶᠠᠨ ᠡᠵᠡᠯᠡᠨ ᠳᠤᠭᠳᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠪᠠ᠃     ᠵᠢᠨᠢᠩ ᠲᠣᠭᠤᠷᠢᠭ ᠤᠨ ᠬᠤᠳᠡ ᠶᠢᠨ ᠬᠠᠮᠢᠶᠠᠷᠤᠯᠳᠡ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠲᠣᠪᠴᠢᠶ᠎ᠠ ᠶᠢᠨ ᠠᠯᠪᠠᠨ ᠬᠡᠷ ᠤᠨ ᠡᠷᠬᠢᠯᠡᠭᠴᠢ ᠵᠠᠩ ᠶᠢᠨ ᠴᠧᠨ ᠰᠤᠷᠪᠤᠯᠵᠢᠯᠠᠭᠴᠢ ᠳᠤ ᠬᠡᠯᠡᠬᠦ ᠳᠡᠭᠡᠨ᠄     ︽ᠡᠨᠡ ᠤᠳᠠᠭ᠎ᠠ ᠶᠢᠨ ᠴᠡᠭᠴᠡᠯᠡᠨ ᠵᠠᠰᠠᠬᠤ ᠠᠵᠢᠯᠯᠠᠭ᠎ᠠ ᠳᠤ ᠭᠤᠣᠯᠳᠠᠭᠤ ᠢᠳᠬᠠᠨ ᠰᠤᠷᠭᠠᠬᠤ ᠪᠠᠷ ᠭᠤᠣᠯ  ᠪᠤᠯᠭᠠᠭᠰᠠᠨ ᠶᠤᠮ᠂ ᠡᠬᠦᠨ ᠠᠴᠠ ᠭᠠᠳᠠᠨ᠎ᠠ᠂ ᠴᠦᠭᠡᠨ ᠪᠤᠰᠤ ᠬᠤᠲᠠᠯᠲᠤᠭᠠᠴᠢᠨ ᠡᠷᠦᠭᠡ ᠶᠢᠨ ᠳᠤᠰᠬᠠᠬᠤ ᠪᠠᠷ ᠲᠠᠯᠠᠪᠤᠷ ᠭᠠᠵᠠᠷ᠂ ᠪᠡᠯᠡ ᠮᠥᠩᠭᠦ ᠪᠠᠴᠢᠮ ᠪᠠᠶᠢᠬᠤ ᠠᠰᠠᠭᠤᠳᠠᠯ ᠣᠷᠣᠰᠢᠵᠤ ᠪᠠᠶᠢᠨ᠎ᠠ ᠬᠡᠪᠡ᠂ ᠳᠠᠷᠠᠭᠠᠴᠢ ᠶᠢᠨ ᠠᠯᠬᠤᠮ ᠳᠤ ᠪᠢᠳᠡ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠵᠢᠭᠠᠪᠤᠷᠢ ᠠᠪᠴᠤ᠂ ᠲᠡᠳᠡᠨ ᠳᠤ ᠬᠡᠳᠦᠨ  ᠳᠤᠭᠳᠠᠮᠠᠯ ᠡᠵᠡᠩᠨᠡᠯᠳᠡ ᠶᠢᠨ ᠲᠠᠯᠠᠪᠤᠷ ᠭᠤᠶᠤᠴᠢᠯᠠᠵᠤ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠤᠮᠵᠢᠭᠤᠯᠤᠨ ᠡᠵᠡᠩᠨᠡᠯᠲᠠ ᠬᠢᠯᠬᠡᠨ᠎ᠡ︾ ᠭᠡᠪᠡ᠃     ᠣᠶᠢᠷ᠎ᠠ ᠳᠤ᠂ ᠰᠤᠷᠪᠤᠯᠵᠢᠯᠠᠭᠴᠢ ᠵᠢᠨᠢᠩ ᠲᠣᠭᠤᠷᠢᠭ ᠤᠨ ᠳᠠᠶᠢᠯᠠᠯᠳᠤᠭᠠᠨ ᠤ ᠳᠤᠷᠠᠰᠬᠠᠯ ᠤᠨ ᠤᠷᠳᠤᠨ ᠤ ᠣᠯᠠᠨ ᠨᠡᠶᠢᠳᠡ ᠶᠢᠨ ᠲᠡᠷᠭᠡᠨ ᠵᠤᠭᠰᠤᠭᠠᠯ ᠳᠤ ᠬᠦᠷᠬᠦ ᠳᠤ᠂ ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠴᠥᠭᠡᠨ ᠪᠤᠰᠤ ᠲᠡᠷᠭᠡᠨ ᠵᠤᠭᠰᠤᠭᠠᠯ ᠤᠨ ᠣᠷᠣ ᠬᠤᠭᠤᠰᠣᠨ ᠭᠠᠷᠴᠤ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠢᠯᠡᠷᠬᠡᠶ ᠪᠠᠶᠢᠬᠤ ᠶᠢ ᠣᠯᠵᠤ ᠬᠠᠷᠠᠯ᠎ᠠ᠃
 
ᠢᠷᠡᠯᠲᠡ᠄ ᠤᠯᠠᠭᠠᠨᠴᠠᠪ ᠤᠨ ᠡᠲᠦᠷ ᠤᠨ ᠰᠤᠨᠢᠨ ᠤ ᠬᠠᠮ ᠵᠠᠭᠤᠴᠢᠯᠠᠭᠤᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2