ᠭᠤᠣᠯ ᠰᠡᠳᠦᠪ᠄ ᠭᠠᠶᠢᠯᠢ ᠲᠠᠲᠠᠪᠤᠷᠢ ᠶᠢᠨ ᠬᠠᠷᠠᠭᠠᠯᠵᠠᠯ ᠬᠥᠭᠵᠢᠯᠲᠡ ᠶᠢ ᠠᠬᠢᠭᠤᠯᠵᠤ ᠠᠵᠤ ᠠᠬᠤᠶᠢᠯᠠᠯ ᠳᠤ ᠠᠰᠢᠭ | ᠬᠦᠷᠲᠡᠭᠡᠵᠦ ᠠᠷᠠᠳ ᠲᠤ ᠠᠰᠢᠭ ᠬᠦᠷᠲᠡᠭᠡᠵᠦ ᠬᠥᠭᠵᠢᠯᠲᠡ ᠶᠢ ᠠᠬᠢᠭᠤᠯᠤᠨ᠎ᠡ | ᠴᠠᠭ᠄ 2022 ᠤᠨ ᠤ 3 ᠰᠠᠷ᠎ᠡ ᠶᠢᠨ 31 ᠤ ᠡᠳᠦᠷ ᠤᠨ 9 ᠴᠠᠭ | ᠰᠤᠷᠪᠤᠯᠵᠢᠯᠠᠭ᠎ᠠ ᠬᠦᠯᠢᠶᠡᠭᠴᠢ᠄ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠤᠯᠠᠭᠠᠨᠴᠠᠪ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ | ᠸᠠᠩ ᠰᠢᠶᠠᠩ ᠶᠠᠩ | ᠲᠣᠪᠴᠢ ᠠᠭᠤᠯᠭ᠎ᠠ | ᠣᠶᠢᠷ᠎ᠠ ᠶᠢᠨ ᠵᠢᠯ ᠳᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠤᠯᠠᠭᠠᠨᠴᠠᠪ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ | ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠭᠠᠶᠢᠯᠢ ᠲᠤᠰᠢᠶᠠᠭᠴᠢ | ᠰᠦᠢᠳᠬᠡᠯ ᠲᠤᠰᠢᠶᠠᠭᠴᠢ ᠶᠢᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠨᠠᠷᠢᠯᠢᠭ ᠣᠨᠣᠴᠠᠲᠠᠢ ᠪᠠᠷ ᠠᠩᠬᠠᠷᠤᠯ ᠢᠶᠠᠨ | ᠲᠥᠪᠯᠡᠷᠡᠭᠦᠯᠵᠦ᠂ ᠭᠠᠶᠢᠯᠢ ᠲᠤᠰᠢᠶᠠᠬᠤ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠂ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠯᠢ ᠣᠯᠠᠨ ᠠᠷᠭ᠎ᠠ | ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠭᠠᠶᠢᠯᠢ | ᠲᠤᠰᠢᠶᠠᠬᠤ ᠶᠠᠪᠤᠴᠠ ᠳᠤ ᠲᠤᠯᠭᠠᠷᠠᠭᠰᠠᠨ ᠲᠦᠭᠵᠢᠷᠡᠯ᠂ ᠬᠦᠴᠢᠷᠳᠡᠯ᠂ ᠡᠪᠡᠷᠰᠢᠶᠡᠯ ᠲᠠᠢ ᠠᠰᠠᠭᠤᠳᠠᠯ ᠢ ᠪᠦᠲᠦᠮᠵᠢᠲᠡᠶ | ᠰᠢᠢᠳᠪᠦᠷᠢᠯᠡᠵᠦ᠂ ᠭᠠᠶᠢᠯᠢ ᠲᠤᠰᠢᠶᠠᠭᠴᠢ ᠰᠦᠢᠳᠬᠡᠯ ᠲᠤᠰᠢᠶᠠᠭᠴᠢ ᠶᠢᠨ ᠬᠦᠷᠲᠡᠮᠵᠢ ᠶᠢᠨ ᠲᠥᠷᠥᠭᠳᠡᠯ ᠪᠠ ᠵᠣᠯ | ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠰᠣᠷᠪᠤᠯᠵᠢᠯᠠᠭ᠎ᠠ | ᠬᠥᠲᠥᠯᠥᠭᠴᠢ᠄ ᠥᠨᠥᠳᠥᠷ᠂ ᠪᠢᠳᠡ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ | ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ | ᠰᠢᠶᠠᠩ ᠶᠠᠩ ᠨᠥᠬᠦᠷ ᠢ ᠲᠤᠰᠬᠠᠶᠢᠯᠠᠨ ᠤᠷᠢᠵᠤ ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠳᠤ | ᠣᠷᠣᠯᠴᠠᠭᠤᠯᠵᠤ᠂ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠤᠨ ᠠᠩᠬᠠᠷᠴᠤ ᠪᠠᠶᠢᠭ᠎ᠠ ᠭᠠᠶᠢᠯᠢ ᠲᠠᠲᠠᠪᠤᠷᠢ ᠶᠢᠨ | ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠨ᠎ᠠ᠃ ᠸᠠᠩ ᠲᠣᠪᠴᠢᠶᠠᠨ ᠳᠠᠷᠤᠭ᠎ᠠ ᠲᠠ ᠰᠠᠶᠢᠨ ᠤᠤ᠂ ︽ | ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠳᠤ ᠢᠷᠡᠭᠰᠡᠨ ᠳᠤ ᠪᠠᠶᠠᠷᠯᠠᠨ ᠤᠭᠲᠤᠵᠤ ᠪᠠᠶᠢᠨ᠎ᠠ᠃ | ᠸᠠᠩ ᠰᠢᠶᠠᠩ ᠶᠠᠩ᠄ ᠬᠥᠲᠥᠯᠥᠭᠴᠢ ᠰᠠᠶᠢᠨ ᠤᠤ︖ ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠤᠤ | ᠂ ᠠᠳᠡ ᠲᠠ ᠪᠦᠬᠦᠨ ᠲᠠᠢ ᠠᠭᠤᠯᠵᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠡᠩ ᠲᠡᠷᠢᠭᠦᠨ ᠳᠤ᠂ ᠡᠨᠡ | ᠲᠠᠰᠢᠷᠠᠮ ᠢᠶᠠᠷ᠂ ᠪᠢ ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢ ᠲᠥᠯᠥᠭᠡᠯᠡᠨ ᠪᠥᠬᠦ | ᠬᠤᠲᠠ ᠶᠢᠨ ᠥᠷᠭᠡᠨ ᠣᠯᠠᠨ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠵᠢᠴᠢ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠣᠷᠳᠣ ᠬᠤᠭᠤᠴᠠᠭᠠᠨ ᠤ ᠲᠤᠷᠰᠢ ᠭᠠᠶᠢᠯᠢ ᠲᠠᠲᠠᠪᠤᠷᠢ ᠶᠢᠨ ᠠᠵᠢᠯ ᠢ ᠬᠠᠯᠠᠮᠵᠢᠯᠠᠨ | ᠣᠶᠢᠯᠠᠭᠠᠵᠤ ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ | ᠬᠥᠲᠥᠯᠥᠭᠴᠢ᠄ ᠥᠷᠭᠡᠨ ᠣᠯᠠᠨ ᠰᠦᠯᠵᠢᠶᠡᠨ ᠤ ᠨᠠᠶᠢᠵᠠ ᠨᠠᠷ᠂ ᠢᠯᠠᠩᠭᠤᠶ᠎ᠠ ᠭᠠᠶᠢᠯᠢ ᠲᠤᠰᠢᠶᠠᠭᠴᠢᠳ | ᠰᠦᠢᠳᠬᠡᠯ ᠲᠤᠰᠢᠶᠠᠭᠴᠢᠳ ᠴᠥᠮ ᠡᠨᠡ ᠵᠢᠯ ᠤᠨ ᠰᠢᠨ᠎ᠡ ᠨᠡᠶᠢᠯᠡᠮᠡᠯ ᠮᠠᠶ᠋ᠢᠭ ᠤᠨ ᠭᠠᠶᠢᠯᠢ ᠰᠦᠢᠳᠬᠡᠯ ᠤᠨ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠨᠡᠯᠢᠶᠡᠳ ᠠᠩᠬᠠᠷᠴᠤ ᠪᠠᠶᠢᠨ᠎ᠠ᠂ ᠲᠠ ᠬᠤᠯᠪᠣᠭᠳᠠᠯ | ᠪᠦᠬᠦᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ | ᠸᠠᠩ ᠰᠢᠶᠠᠩ ᠶᠠᠩ᠄ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠨᠡᠶᠢᠯᠡᠮᠡᠯ | ᠮᠠᠶ᠋ᠢᠭ ᠤᠨ ᠭᠠᠶᠢᠯᠢ ᠰᠦᠢᠳᠬᠡᠯ ᠤᠨ ᠳᠡᠮᠵᠢᠯᠭᠡ ᠶᠢᠨ ᠰᠢᠨ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ ᠭᠡᠵᠦ | ᠳᠤᠷᠠᠳᠤᠨ ᠭᠠᠷᠭᠠᠪᠠ᠃ ᠱᠠᠲᠤ ᠦᠶᠡᠴᠢ ᠴᠢᠨᠠᠷᠲᠠᠢ ᠠᠷᠭ᠎ᠠ ᠬᠡᠮᠵᠢᠶ᠎ᠡ ᠪᠠ ᠳᠦᠷᠢᠮ ᠤᠨ ᠴᠢᠨᠠᠷᠲᠠᠢ | ᠲᠣᠬᠢᠷᠠᠭᠤᠯᠤᠯᠲᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠭᠠᠶᠢᠯᠢ ᠬᠥᠩᠭᠡᠯᠡᠬᠦ ᠪᠠ ᠭᠠᠶᠢᠯᠢ ᠪᠤᠴᠠᠭᠠᠬᠤ ᠶᠢ | ᠵᠡᠷᠭᠡ ᠪᠠᠷ ᠠᠳᠬᠤᠨ᠎ᠠ᠃ ᠨᠢᠭᠡ ᠲᠠᠯ᠎ᠠ ᠪᠠᠷ᠂ ᠦᠶᠯᠡᠳᠬᠦ ᠦᠢᠯᠡᠰ᠂ ᠵᠢᠵᠢᠭ ᠪᠢᠴᠢᠯ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠲᠡᠳᠬᠦᠨ ᠳᠡᠮᠵᠢᠬᠦ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠶᠢᠨ ᠬᠠᠮᠲᠤ ᠬᠠᠰᠤᠵᠤ ᠬᠡᠯᠲᠦᠷᠢᠭᠦᠯᠬᠦ | ᠬᠡᠮᠵᠢᠶ᠎ᠡ ᠶᠢ ᠳᠡᠭᠡᠭᠰᠢᠯᠡᠭᠦᠯᠵᠦ᠂ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ᠪᠠᠭ᠎ᠠ ᠬᠡᠪᠴᠢᠶᠡᠨ ᠤ ᠭᠠᠶᠢᠯᠢ | ᠲᠤᠰᠢᠶᠠᠭᠴᠢ ᠠᠴᠠ ᠦᠷᠳᠡᠭ ᠨᠡᠮᠡᠭᠳᠡᠯ ᠤᠨ ᠭᠠᠶᠢᠯᠢ ᠶᠢ ᠱᠠᠲᠤ ᠦᠶᠡᠴᠢ ᠴᠢᠨᠠᠷᠳᠠᠢ ᠪᠠᠷ ᠬᠡᠯᠳᠦᠷᠢᠬᠦᠯᠦᠨ᠎ᠡ᠃ ᠵᠢᠵᠢᠭ | ᠪᠢᠴᠢᠯ ᠠᠵᠤ ᠠᠬᠤᠶᠢᠯᠠᠯ ᠤᠨ ᠵᠢᠯ ᠤᠨ ᠲᠤᠰᠢᠶᠠᠬᠤ ᠶᠣᠰᠣᠲᠠᠢ ᠭᠠᠶᠢᠯᠢ ᠶᠢᠨ ᠠᠰᠢᠭ ᠣᠷᠣᠯᠭ᠎ᠠ ᠶᠢᠨ ᠲᠤᠭ᠎ᠠ ᠶᠢᠨ | 100 ᠲᠦᠮᠡᠨ ᠲᠥᠭᠦᠷᠢᠭ ᠠᠴᠠ 300 ᠲᠦᠮᠡᠨ ᠲᠥᠭᠦᠷᠢᠭ ᠤᠨ ᠬᠡᠰᠡᠭ ᠲᠤ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢ ᠳᠠᠬᠢᠨ ᠬᠠᠭᠠᠰ ᠢᠶᠠᠷ ᠬᠠᠰᠤᠵᠤ ᠲᠠᠲᠠᠪᠤᠷᠢᠯᠠᠨ᠎ᠠ᠃ ᠡᠯ᠎ᠡ ᠭᠠᠵᠠᠷ ᠤᠨ ᠬᠢᠨ ᠪᠠᠰᠠ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠠᠶᠢᠯᠢ ᠰᠦᠢᠳᠬᠡᠯ ᠢ ᠬᠥᠩᠭᠡᠯᠡᠵᠦ ᠬᠡᠯᠲᠦᠷᠢᠭᠦᠯᠬᠦ ᠵᠡᠷᠭᠡ | ᠬᠦᠴᠦᠲᠡᠢ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠨᠡᠶᠢᠲᠡᠯᠡᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠡᠷᠴᠢᠮ ᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠯᠭᠠᠵᠤ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠬᠤ ᠬᠡᠷᠡᠭᠲᠡᠢ᠃ ᠨᠦᠬᠦᠭᠡ ᠲᠠᠯ᠎ᠠ ᠪᠠᠷ᠂ ᠠᠵᠤ ᠠᠬᠤᠶᠢᠯᠠᠯ ᠳᠤ ᠪᠡᠯᠡᠨ ᠵᠣᠭᠤᠰᠤᠨ ᠤ | ᠭᠦᠢᠯᠭᠡᠭᠡᠨ ᠤ ᠳᠡᠮᠵᠢᠯᠭᠡ ᠬᠠᠩᠭᠠᠬᠤ ᠶᠢ ᠶᠡᠷᠦᠩᠬᠡᠶᠢᠯᠡᠨ ᠪᠣᠳᠣᠯᠬᠢᠯᠠᠵᠤ᠂ ᠠᠵᠢᠯ ᠣᠯᠭᠤᠯᠲᠠ ᠶᠢᠨ ᠬᠡᠷᠡᠭᠯᠡᠭᠡᠨ ᠤ | ᠪᠡᠯᠡ ᠣᠷᠣᠭᠤᠯᠤᠯᠲᠠ ᠶᠢ ᠠᠬᠢᠭᠤᠯᠵᠤ᠂ ᠦᠷᠳᠡᠭ ᠨᠡᠮᠡᠭᠳᠡᠯ ᠤᠨ ᠭᠠᠶᠢᠯᠢ ᠶᠢᠨ ᠳᠦᠷᠢᠮ ᠤᠨ ᠵᠢᠷᠤᠭ | ᠲᠥᠯᠥᠪᠯᠡᠭᠡ ᠠᠴᠠ ᠪᠣᠯᠵᠤ ᠤᠷᠢᠳᠠᠪᠠᠷ ᠲᠤᠰᠢᠶᠠᠵᠤ ᠬᠤᠶᠢᠨ᠎ᠠ ᠠᠴᠠ ᠨᠢ ᠪᠤᠴᠠᠭᠠᠬᠤ ᠲᠠᠢ ᠠᠳᠠᠯᠢᠪᠲᠤᠷ ᠦᠯᠡᠳᠡᠭᠡᠬᠦ | ᠪᠠ ᠲᠤᠯᠭᠠᠨ ᠪᠤᠳᠤᠬᠤ ᠭᠠᠶᠢᠯᠢ ᠶᠢ ᠪᠤᠴᠠᠭᠠᠬᠤ ᠳᠦᠷᠢᠮ ᠢ ᠶᠡᠭᠡ ᠪᠠᠷ ᠰᠠᠶᠢᠵᠢᠷᠠᠭᠤᠯᠵᠤ᠂ ᠡᠨᠡ ᠵᠢᠯ ᠦᠯᠡᠳᠡᠭᠡᠬᠦ ᠪᠠ | ᠲᠤᠯᠭᠠᠨ ᠪᠤᠳᠤᠬᠤ ᠭᠠᠶᠢᠯᠢ ᠶᠢᠨ ᠲᠤᠭ᠎ᠠ ᠳᠤ ᠶᠡᠭᠡ ᠬᠡᠪᠴᠢᠶ᠎ᠡ ᠪᠠᠷ ᠭᠠᠶᠢᠯᠢ ᠶᠢ ᠪᠤᠴᠠᠭᠠᠬᠤ ᠶᠢ ᠤᠷᠢᠳᠴᠢᠯᠠᠨ | ᠬᠡᠷᠡᠭᠵᠢᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠢ ᠤᠷᠢᠳᠠᠪᠠᠷ ᠲᠣᠬᠢᠷᠠᠭᠤᠯᠵᠤ᠂ ᠵᠢᠵᠢᠭ ᠪᠢᠴᠢᠯ ᠠᠵᠤ | ᠠᠬᠤᠶᠢᠯᠠᠯ ᠤᠨ ᠦᠯᠡᠳᠡᠭᠡᠬᠦ ᠪᠠ ᠲᠤᠯᠭᠠᠨ ᠪᠤᠳᠤᠬᠤ ᠭᠠᠶᠢᠯᠢ ᠶᠢᠨ ᠲᠤᠭ᠎ᠠ ᠶᠢ 6 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠨᠢᠭᠡ ᠤᠳᠠᠭ᠎ᠠ ᠶᠢᠨ ᠴᠢᠨᠠᠷᠲᠠᠢ ᠪᠠᠷ ᠪᠦᠬᠦᠨ ᠢ ᠪᠤᠴᠠᠭᠠᠨ ᠥᠭᠴᠦ᠂ ᠨᠡᠮᠡᠭᠳᠡᠯ ᠤᠨ | ᠬᠡᠮᠵᠢᠶᠡᠨ ᠤ ᠦᠯᠡᠳᠡᠭᠡᠨ ᠲᠤᠯᠭᠠᠨ ᠪᠤᠳᠤᠬᠤ ᠭᠠᠶᠢᠯᠢ ᠶᠢᠨ ᠲᠤᠭ᠎ᠠ ᠶᠢ ᠭᠦᠢᠴᠡᠳ ᠲᠤᠭ᠎ᠠ ᠪᠠᠷ ᠪᠤᠴᠠᠭᠠᠨ ᠥᠭᠭᠦᠨ᠎ᠡ | ᠃ ᠦᠶᠯᠡᠳᠬᠦ ᠦᠢᠯᠡᠰ ᠢ ᠭᠤᠣᠯᠳᠠᠯᠭ᠎ᠠ ᠲᠠᠢ ᠳᠡᠮᠵᠢᠵᠦ᠂ ᠦᠶᠯᠡᠳᠬᠦ ᠦᠢᠯᠡᠰ᠂ ᠰᠢᠨᠵᠢᠯᠡᠬᠦ ᠤᠬᠠᠭᠠᠨ ᠤ | ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠴᠠᠬᠢᠯᠭᠠᠨ | ᠬᠦᠴᠦᠨ ᠤ ᠰᠢᠲᠠᠮᠠᠬᠠᠢ ᠬᠡᠢ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠠᠵᠢᠯ ᠲᠥᠷᠥᠯ ᠤᠨ ᠦᠯᠡᠳᠡᠭᠡᠵᠤ ᠲᠤᠯᠭᠠᠨ | ᠪᠤᠴᠠᠭᠠᠬᠤ ᠭᠠᠶᠢᠯᠢ ᠶᠢᠨ ᠪᠤᠴᠠᠭᠠᠯᠲᠠ ᠶᠢᠨ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠨ᠎ᠡ᠃ ᠦᠷᠳᠡᠭ | ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠲᠤᠯᠭᠠᠨ ᠪᠤᠳᠤᠬᠤ ᠭᠠᠶᠢᠯᠢ ᠶᠢ ᠪᠤᠴᠠᠭᠠᠬᠤ ᠡᠷᠴᠢᠮ ᠢ ᠢᠯᠡᠳᠲᠡ | ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠢ ᠬᠦᠴᠦᠲᠡᠢ ᠨᠡᠮᠡᠭᠳᠡᠭᠦᠯᠦᠨ᠎ᠡ᠃ | ᠭᠠᠶᠢᠯᠢ ᠶᠢ ᠬᠥᠩᠭᠡᠯᠡᠵᠦ ᠭᠠᠶᠢᠯᠢ ᠶᠢ ᠪᠤᠴᠠᠭᠠᠬᠤ ︽ᠤᠯᠠᠭᠠᠨ ᠪᠠᠭᠯᠠᠭ᠎ᠠ︾ ᠶᠢ ᠤᠨᠢᠨ ᠳᠡᠭᠡᠷ᠎ᠡ ᠨᠢ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠴᠠᠭ ᠲᠤᠬᠠᠢ ᠳᠤᠨᠢ ᠰᠢᠭᠤᠳ ᠬᠦᠷᠭᠡᠬᠦ ᠶᠢᠨ ᠲᠥᠯᠥᠭᠡ᠂ ᠣᠳᠣᠬᠠᠨ ᠳᠤ᠂ | ᠪᠢᠳᠡ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠪᠣᠯᠣᠨ | ᠡᠭᠦᠷᠭᠡ ᠶᠢᠨ ᠪᠢᠴᠢᠭ ᠢ ᠰᠤᠳᠤᠯᠤᠨ ᠲᠣᠭᠲᠠᠭᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ | ᠬᠤᠪᠢᠶᠠᠷᠢᠯᠠᠯ ᠢ ᠨᠠᠶᠢᠳᠠᠪᠤᠷᠢᠵᠢᠭᠤᠯᠪᠠ᠃ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ᠂ ᠦᠯᠡᠳᠡᠭᠡᠬᠦ ᠪᠠ | ᠭᠠᠶᠢᠯᠢ ᠶᠢ ᠪᠤᠴᠠᠭᠠᠬᠤ ᠵᠡᠷᠭᠡ ᠭᠤᠷᠪᠠᠨ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠦᠢᠯᠡᠳᠬᠦ | ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠤᠶᠢᠰᠢᠯᠠᠭᠤᠯᠤᠨ ᠲᠤᠰᠢᠶᠠᠬᠤ᠂ ᠦᠷᠳᠡᠭ | ᠨᠡᠮᠡᠭᠳᠡᠯ ᠤᠨ ᠭᠠᠶᠢᠯᠢ ᠶᠢ ᠦᠯᠡᠳᠡᠭᠡᠬᠦ ᠪᠠ ᠭᠠᠶᠢᠯᠢ ᠶᠢ ᠪᠤᠴᠠᠭᠠᠬᠤ ᠵᠡᠷᠭᠡ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠤᠰᠬᠠᠶᠢᠯᠠᠨ ᠨᠢᠭᠡᠳᠦᠯᠲᠡᠢ ᠲᠥᠯᠥᠪᠯᠡᠨ | ᠵᠣᠬᠢᠴᠠᠭᠤᠯᠵᠤ᠂ ᠳᠣᠣᠷ᠎ᠠ ᠱᠠᠲᠤᠨ ᠤ ᠬᠢᠨ ᠢ ᠰᠢᠭᠤᠳ ᠵᠢᠯᠣᠭᠤᠳᠤᠨ ᠱᠠᠯᠠᠪᠳᠠᠭᠤᠯᠵᠤ᠂ ᠠᠵᠢᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠯᠢᠭᠵᠢᠭᠤᠯᠪᠠ᠃ ᠡᠭᠦᠨ ᠤ ᠵᠡᠷᠭᠡᠴᠡᠭᠡᠪᠡᠷ᠂ ᠪᠢᠳᠡ ᠪᠠᠰᠠ ᠣᠷᠣᠨ | ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠢᠳᠡᠪᠬᠢᠲᠡᠢ ᠪᠠᠷ ᠠᠵᠢᠯ ᠢᠶᠠᠨ ᠬᠠᠷᠢᠭᠤ ᠮᠡᠳᠡᠭᠦᠯᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠡᠳ᠋ ᠤᠨ ᠵᠠᠰᠠᠭ ᠤᠨ | ᠲᠣᠪᠴᠢᠶ᠎ᠠ ᠳᠤ ᠬᠦᠷᠴᠦ ᠵᠥᠪᠳᠡᠯᠴᠡᠵᠦ ᠪᠠᠶᠢᠭᠠᠳ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠠᠷᠠᠳ ᠤᠨ | ᠪᠠᠩᠬᠢ ᠶᠢᠨ ᠭᠤᠷᠪᠠᠨ ᠰᠠᠯᠠᠭ᠎ᠠ ᠮᠥᠴᠢᠷ ᠤᠨ ᠭᠠᠶᠢᠯᠢ ᠶᠢ ᠪᠤᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ | ᠲᠤᠭ᠎ᠠ ᠪᠠᠷᠢᠮᠲᠠ ᠶᠢᠨ ᠮᠡᠳᠡᠭᠡ ᠵᠠᠩᠭᠢ ᠪᠠᠨ ᠴᠠᠭ ᠲᠤᠬᠠᠢ ᠳᠤᠨᠢ ᠰᠣᠯᠢᠯᠴᠠᠵᠤ᠂ ᠭᠠᠶᠢᠯᠢ ᠶᠢ ᠪᠤᠴᠠᠭᠠᠬᠤ ᠪᠡᠯᠡ | ᠮᠥᠩᠭᠦ ᠶᠢ ᠴᠠᠭ ᠲᠤᠬᠠᠢ ᠳᠤᠨᠢ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠪᠤᠴᠠᠭᠠᠬᠤ ᠶᠢ ᠦᠨᠡᠨ ᠬᠦ ᠪᠠᠲᠤᠯᠠᠪᠠ᠃ | ᠬᠥᠲᠥᠯᠥᠭᠴᠢ᠄ ᠣᠶᠢᠷ᠎ᠠ ᠶᠢᠨ ᠵᠢᠯ ᠤᠳ ᠲᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ | ᠨᠡᠶᠢᠲᠡᠯᠡᠭᠰᠡᠨ ︽ᠠᠷᠠᠳ ᠤᠨ ᠭᠠᠶᠢᠯᠢ ᠬᠦᠢᠴᠡᠳᠭᠡᠬᠦ ᠳᠤ ᠲᠥᠬᠦᠮ ᠦᠵᠡᠭᠦᠯᠬᠦ ᠤᠷᠢᠬᠠᠨ ᠰᠠᠯᠬᠢᠨ ᠤ ᠠᠵᠢᠯᠯᠠᠭ᠎ᠠ︾ | ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠨᠢ ᠭᠠᠶᠢᠯᠢ ᠲᠤᠰᠢᠶᠠᠬᠤ ᠪᠠ ᠰᠦᠢᠳᠬᠡᠯ ᠲᠤᠰᠢᠶᠠᠬᠤ ᠳᠤ ᠪᠡᠷᠬᠡᠲᠡᠢ | ᠠᠰᠠᠭᠤᠳᠠᠯ᠂ ᠲᠦᠭᠵᠢᠷᠡᠯ᠂ ᠡᠪᠡᠷᠰᠢᠶᠡᠯ ᠲᠠᠢ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠭᠠᠶᠢᠯᠢ ᠲᠤᠰᠢᠶᠠᠭᠴᠢ ᠶᠢᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠡᠨᠡ ᠵᠢᠯ ᠤᠨ ᠠᠷᠠᠳ ᠤᠨ ᠭᠠᠶᠢᠯᠢ | ᠭᠦᠢᠴᠡᠳᠭᠡᠬᠦ ᠳᠤ ᠲᠥᠬᠦᠮ ᠦᠵᠡᠭᠦᠯᠬᠦ ᠬᠠᠪᠤᠷ ᠤᠨ ᠰᠠᠯᠬᠢᠨ ᠤ ᠠᠵᠢᠯᠯᠠᠭ᠎ᠠ ᠳᠤ ᠪᠠᠰᠠ ᠶᠠᠮᠠᠷ ᠶᠠᠮᠠᠷ ᠪᠣᠳᠠᠲᠠᠢ | ᠠᠷᠭ᠎ᠠ ᠬᠡᠮᠵᠢᠶ᠎ᠡ ᠠᠪᠬᠤ ᠪᠣᠶ︖ | ᠸᠠᠩ ᠰᠢᠶᠠᠩ ᠶᠠᠩ᠄ ᠡᠨᠡ ᠵᠢᠯ ᠤᠨ ︽ᠬᠠᠪᠤᠷ ᠤᠨ ᠰᠠᠯᠬᠢᠨ ᠤ ᠠᠵᠢᠯᠯᠠᠭ᠎ᠠ︾ ᠨᠢ ︽ᠣᠶᠤᠨᠲᠤ | ᠭᠠᠶᠢᠯᠢ ᠶᠢᠨ ᠶᠠᠪᠤᠳᠠᠯ ᠢᠶᠠᠷ ᠬᠥᠭᠵᠢᠯᠲᠡ ᠶᠢ ᠳᠡᠮᠵᠢᠵᠦ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ | ᠠᠰᠢᠭ ᠬᠦᠷᠲᠡᠭᠡᠵᠦ ᠨᠡᠮᠡᠭᠳᠡᠯ ᠢ ᠲᠣᠭᠲᠠᠭᠤᠨ ᠪᠠᠶᠢᠯᠭᠠᠬᠤ︾ ᠪᠠᠷ ᠭᠤᠣᠯᠯᠠᠭᠤᠯᠤᠨ ᠥᠷᠨᠢᠭᠦᠯᠵᠦ᠂ ᠣᠳᠣᠬᠠᠨ ᠳᠤ᠂ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠨᠢᠭᠡᠨᠲᠡ ᠤᠷᠢᠳ ᠬᠤᠵᠢᠳ ᠬᠤᠶᠠᠷ ᠪᠦᠯᠦᠭ | ᠬᠦᠰᠡᠯ ᠱᠠᠭᠠᠷᠳᠠᠯᠭ᠎ᠠ ᠶᠢ ᠨᠠᠩ ᠴᠠᠭ ᠲᠤᠬᠠᠢ ᠳᠤᠨᠢ ᠳᠠᠭᠠᠬᠤ᠂ ᠣᠶᠤᠨᠴᠢ ᠪᠠᠷ ᠭᠦᠢᠴᠡᠳᠬᠡᠬᠦ ᠳᠤ ᠨᠠᠩ ᠳᠥᠭᠦᠮ | ᠳᠥᠲᠡ᠂ ᠲᠥᠷᠥᠯ ᠬᠤᠪᠢᠶᠠᠨ ᠦᠢᠯᠡᠴᠢᠯᠡᠬᠦ ᠨᠢ ᠨᠠᠩ ᠨᠠᠷᠢᠯᠢᠭ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠨᠢ | ᠨᠠᠩ ᠲᠥᠪ ᠭᠤᠥᠯᠴᠢ᠂ ᠭᠠᠶᠢᠯᠢ ᠲᠠᠲᠠᠪᠤᠷᠢ ᠶᠢ ᠬᠠᠮᠲᠤ ᠪᠠᠷ ᠵᠠᠰᠠᠬᠤ ᠳᠤ ᠨᠠᠩ ᠬᠦᠴᠦᠨ ᠢ ᠲᠥᠪᠯᠡᠷᠡᠭᠦᠯᠬᠦ ᠵᠡᠷᠭᠡ | 5 ᠶᠡᠭᠡ ᠲᠥᠷᠥᠯ ᠤᠨ 20 ᠵᠦᠢᠯ ᠤᠨ 105 ᠵᠤᠷᠪᠤᠰ ᠤᠨ ᠠᠷᠠᠳ ᠤᠨ ᠭᠠᠶᠢᠯᠢ ᠶᠢᠨ ᠰᠦᠢᠳᠬᠡᠯ ᠲᠤᠰᠢᠶᠠᠬᠤ ᠳᠤ | ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠪᠡ᠃ | ᠵᠢᠱᠢᠶᠡᠯᠡᠪᠡᠯ ᠬᠦᠰᠡᠯ ᠱᠠᠭᠠᠷᠳᠠᠯᠭ᠎ᠠ ᠶᠢ ᠳᠠᠭᠠᠬᠤ ᠲᠠᠯ᠎ᠠ ᠪᠠᠷ ᠭᠠᠷᠭᠠᠭᠰᠠᠨ ᠲᠥᠷᠥ ᠶᠢᠨ ᠪᠣᠳᠣᠯᠭ᠎ᠠ ᠶᠢ ᠴᠠᠭ | ᠲᠤᠬᠠᠢ ᠳᠤᠨᠢ ᠬᠦᠷᠭᠡᠬᠦ ᠠᠷᠭ᠎ᠠ ᠬᠡᠮᠵᠢᠶ᠎ᠡ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠷᠢᠯᠢᠭ ᠣᠨᠣᠴᠠᠲᠠᠢ ᠪᠠᠷ ᠬᠦᠷᠭᠡᠬᠦ ᠲᠣᠭᠲᠠᠴᠠ ᠶᠢ ᠰᠢᠯᠢᠳᠡᠭᠵᠢᠭᠦᠯᠵᠦ᠂ ᠭᠠᠶᠢᠯᠢ ᠰᠦᠢᠳᠬᠡᠯ ᠤᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠬᠠᠪᠰᠤᠷᠤᠨ ᠵᠢᠯᠤᠭᠤᠳᠬᠤ ᠱᠣᠰᠢᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ | ᠲᠣᠮᠣ ᠳ᠋ᠠᠶᠢᠲ᠋ᠠ ᠶᠢᠨ ᠲᠠᠪᠴᠠᠩ ᠳᠤ ᠲᠤᠭ᠎ᠠ ᠪᠠᠷᠢᠮᠲᠠ ᠶᠢᠨ ᠱᠣᠰᠢᠭ᠎ᠠ ᠶᠢᠨ ᠲᠥᠷᠥᠯ ᠵᠦᠢᠯ ᠢ ᠪᠠᠶᠢᠭᠤᠯᠵᠤ᠂ | ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠬᠤᠷ ᠮᠡᠳᠡᠭᠡ ᠵᠡᠷᠭᠡ ᠶᠢ ᠠᠰᠢᠭᠯᠠᠨ ᠭᠠᠶᠢᠯᠢ | ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠬᠦᠷᠭᠡᠨ | ᠳᠠᠨᠢᠯᠴᠠᠭᠤᠯᠬᠤ ᠶᠢ ᠥᠷᠨᠢᠭᠦᠯᠵᠦ᠂ ᠭᠠᠶᠢᠯᠢ ᠲᠤᠰᠢᠶᠠᠭᠴᠢ ᠳᠤ ᠨᠠᠩ ᠰᠠᠶᠢᠨ ᠦᠢᠯᠡᠴᠢᠯᠡᠨ᠂ ᠨᠠᠷᠢᠯᠢᠭ | ᠣᠨᠣᠴᠠᠲᠠᠢ ᠪᠠᠷ ᠬᠦᠷᠭᠡᠨ ᠳᠠᠨᠢᠯᠴᠠᠭᠤᠯᠬᠤ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ | ᠰᠢᠯᠢᠳᠡᠭᠵᠢᠭᠦᠯᠦᠨ᠎ᠡ︔ ᠤᠯᠤᠰ ᠤᠨ ᠡᠯ᠎ᠡ ᠵᠦᠢᠯ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠦᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ | ᠬᠤᠷᠢᠶᠠᠬᠤ ᠪᠠ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠭᠠᠷᠴᠠᠭ ᠤᠨ ᠳᠠᠩᠰᠠ ᠬᠠᠭᠤᠳᠠᠰᠤ ᠶᠢ | ᠰᠢᠨᠡᠳᠬᠡᠨ ᠨᠡᠶᠢᠲᠡᠯᠡᠵᠦ᠂ ᠬᠥᠳᠡᠯᠦᠩᠭᠦᠢ ᠪᠠᠷ ᠬᠠᠮᠢᠶᠠᠷᠴᠤ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ | ᠲᠦᠷᠦ ᠶᠢᠨ ᠪᠣᠳᠣᠯᠭ᠎ᠠ ᠶᠢᠨ ᠬᠢᠨᠠᠯᠲᠠ ᠪᠠᠶᠢᠴᠠᠭᠠᠯᠲᠠ ᠶᠢ ᠥᠷᠨᠢᠭᠦᠯᠦᠨ᠎ᠡ᠃ ᠪᠣᠳᠠᠲᠠᠢ ᠦᠢᠯᠡᠳᠦᠯᠬᠡᠵᠢᠬᠦᠯᠬᠦ ᠳᠤ | ᠣᠶᠢᠷᠠᠲᠤᠭᠰᠠᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯᠯᠠᠭᠠᠨ ᠤ ᠵᠦᠭᠯᠡᠭᠦᠷ ᠵᠡᠷᠭᠡ ᠬᠦᠷᠭᠡᠨ | ᠲᠠᠨᠢᠯᠴᠠᠭᠤᠯᠬᠤ ᠠᠭᠤᠯᠭ᠎ᠠ ᠶᠢ ᠨᠡᠮᠡᠵᠦ᠂ ᠭᠠᠶᠢᠯᠢ ᠲᠠᠲᠠᠪᠤᠷᠢ ᠶᠢᠨ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠠᠶᠢᠯᠢ ᠲᠤᠰᠢᠶᠠᠭᠴᠢ ᠶᠢᠨ ᠠᠩᠬᠠᠷᠴᠤ ᠪᠠᠶᠢᠭ᠎ᠠ ᠭᠠᠶᠢᠯᠢ ᠰᠦᠢᠳᠬᠡᠯ ᠤᠨ | ᠬᠠᠯᠠᠮᠰᠢᠯ ᠠᠰᠠᠭᠤᠳᠠᠯ ᠪᠠ ᠲᠦᠪᠡᠭᠲᠡᠢ ᠠᠰᠠᠭᠤᠳᠠᠯ ᠢ ᠰᠠᠶᠢᠲᠤᠷ ᠲᠠᠶᠢᠯᠪᠤᠷᠢᠯᠠᠨ᠎ᠠ︔ ᠣᠬᠤᠷ ᠸᠢᠳᠢᠤ᠋᠂ ᠺᠠᠷᠲ᠋ᠣᠨ | ᠵᠢᠷᠤᠭ ᠵᠡᠷᠭᠡ ᠬᠡᠯᠪᠡᠷᠢ ᠪᠠᠷ ᠭᠠᠶᠢᠯᠢ ᠲᠠᠲᠠᠪᠤᠷᠢ ᠶᠢᠨ ᠪᠢᠴᠢᠯ ᠬᠢᠴᠢᠶᠡᠯ ᠢ ᠤᠬᠠᠭᠠᠯᠠᠨ ᠵᠣᠬᠢᠶᠠᠬᠤ ᠠᠵᠢᠯ ᠢ | ᠦᠷᠭᠦᠯᠵᠢᠯᠡᠨ ᠰᠠᠶᠢᠲᠤᠷ ᠬᠢᠨ᠎ᠡ᠃ | ᠪᠠᠰᠠ ᠵᠢᠱᠢᠶᠡᠯᠡᠪᠡᠯ ᠭᠠᠶᠢᠯᠢ ᠶᠢᠨ ᠶᠠᠪᠤᠳᠠᠯ ᠢ ᠣᠶᠤᠨᠴᠢ ᠪᠠᠷ ᠭᠦᠢᠴᠡᠳᠬᠡᠬᠦ ᠲᠠᠯ᠎ᠠ ᠪᠠᠷ᠂ ᠡᠯᠧᠺᠲᠷᠣᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠮᠢᠶ᠎ᠠ ᠪᠦᠬᠦᠢ ᠴᠢᠳᠠᠮᠵᠢ ᠶᠢ ᠰᠢᠨ᠎ᠡ ᠪᠠᠷ ᠨᠡᠮᠡᠭᠳᠡᠭᠦᠯᠵᠦ᠂ ︽ᠥᠯᠥ | ᠬᠦᠷᠦᠯᠴᠡᠬᠦ ᠬᠡᠯᠪᠡᠷᠢ︾ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠂ ᠡᠯᠧᠺᠲᠷᠣᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠰᠦᠯᠵᠢᠶ᠎ᠡ ᠪᠠᠷ ᠭᠦᠢᠴᠡᠳᠬᠡᠬᠦ ᠵᠦᠢᠯᠡᠰ ᠤᠨ ᠲᠥᠷᠥᠯ ᠵᠦᠢᠯ ᠢ ᠥᠷᠭᠡᠳᠬᠡᠭᠰᠡᠨ ᠤ | ᠳᠠᠷᠠᠭ᠎ᠠ᠂ ᠬᠠᠮᠢᠶ᠎ᠠ ᠪᠦᠬᠦᠢ ᠬᠠᠪᠰᠤᠷᠤᠨ ᠵᠢᠯᠤᠭᠤᠳᠬᠤ ᠠᠵᠢᠯ ᠢ ᠴᠠᠭ ᠲᠤᠬᠠᠢ ᠳᠤᠨᠢ ᠤᠬᠠᠭᠤᠯᠬᠤ ᠶᠢᠨ ᠬᠠᠮᠲᠤ | ᠰᠠᠶᠢᠲᠤᠷ ᠬᠢᠵᠦ᠂ ᠪᠡᠶᠡᠴᠢᠯᠡᠨ ᠣᠶᠢᠯᠠᠭᠠᠭᠴᠢ ᠶᠢ ᠤᠷᠢᠵᠤ ᠪᠡᠶᠡᠴᠢᠯᠡᠨ ᠣᠶᠢᠯᠠᠭᠠᠭᠤᠯᠬᠤ ᠶᠢᠨ ᠬᠠᠮᠲᠤ ᠡᠨᠡᠬᠦ | ᠶᠠᠪᠤᠴᠠ ᠳᠤᠮᠳᠠ ᠳᠠᠬᠢ ᠭᠠᠶᠢᠯᠢ ᠲᠤᠰᠢᠶᠠᠭᠴᠢ ᠶᠢᠨ ᠬᠡᠷᠡᠭᠯᠡᠭᠰᠡᠨ ᠪᠠᠶᠢᠳᠠᠯ ᠵᠢᠴᠢ ᠰᠠᠨᠠᠯ ᠰᠠᠨᠠᠭᠤᠯᠭ᠎ᠠ ᠶᠢ ᠴᠠᠭ | ᠲᠤᠬᠠᠢ ᠳᠤᠨᠢ ᠰᠢᠢᠳᠪᠦᠷᠢᠯᠡᠨ᠎ᠡ︔ ᠠᠵᠤ ᠠᠬᠤᠶᠢᠯᠠᠯ ᠤᠨ ᠠᠯᠢᠪᠠ ᠭᠠᠶᠢᠯᠢ ᠲᠤᠰᠢᠶᠠᠬᠤ ᠤᠴᠢᠷ ᠶᠠᠪᠤᠳᠠᠯ ᠢ | ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠭᠠᠶᠢᠯᠢ ᠲᠠᠲᠠᠪᠤᠷᠢ ᠶᠢᠨ ᠭᠠᠶᠢᠯᠢ | ᠲᠤᠰᠢᠶᠠᠭᠰᠠᠨ ᠭᠡᠷᠡᠴᠢ ᠶᠢ ᠰᠦᠯᠵᠢᠶᠡᠨ ᠳᠡᠭᠡᠷ᠎ᠡ ᠭᠠᠷᠭᠠᠬᠤ ᠶᠢ ᠳᠡᠯᠭᠡᠷᠡᠭᠦᠯᠵᠦ᠂ ᠭᠠᠶᠢᠯᠢ ᠲᠠᠲᠠᠪᠤᠷᠢ ᠶᠢᠨ ᠫᠢᠶᠣᠣ | ᠪᠠᠷᠢᠮᠲᠠ ᠣᠯᠬᠤ ᠳᠤ ᠲᠦᠬᠦᠮ ᠦᠵᠡᠭᠦᠯᠬᠦ ᠴᠢᠨᠠᠷ ᠢ ᠳᠡᠭᠡᠭᠰᠢᠯᠡᠭᠦᠯᠦᠨ᠎ᠡ᠃ ᠡᠯᠧᠺᠲᠷᠣᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠮᠡᠳᠡᠭᠦᠯᠦᠯᠲᠡ ᠶᠢ ᠬᠠᠷᠢᠴᠠᠭᠤᠯᠬᠤ ᠴᠢᠳᠠᠮᠵᠢ ᠶᠢ ᠨᠠᠷᠢᠨ | ᠬᠢᠨᠠᠮᠠᠭᠠᠢ ᠰᠠᠶᠢᠲᠤᠷ ᠲᠡᠭᠦᠯᠳᠡᠷᠵᠢᠭᠦᠯᠵᠦ᠂ ᠬᠡᠪ ᠤᠨ ᠪᠤᠰᠤ ᠮᠡᠳᠡᠭᠦᠯᠦᠯᠲᠡ ᠶᠢ ᠰᠦᠯᠵᠢᠶᠡᠨ ᠳᠡᠭᠡᠷ᠎ᠡ ᠰᠠᠨᠠᠭᠤᠯᠬᠤ | ᠵᠦᠢᠯᠡᠰ ᠤᠨ ᠠᠭᠤᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠠᠵᠢᠯ ᠢ ᠰᠢᠯᠢᠳᠡᠭᠵᠢᠭᠦᠯᠦᠨ᠎ᠡ︔ ᠦᠷᠳᠡᠭ | ᠨᠡᠮᠡᠭᠳᠡᠯ ᠤᠨ ᠭᠠᠶᠢᠯᠢ ᠶᠢᠨ ᠲᠤᠰᠬᠠᠢ ᠪᠠᠷᠢᠮᠲᠠ ᠶᠢ ᠡᠯᠧᠺᠲᠷᠤᠨᠴᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ | ᠪᠠᠷᠢᠮᠲᠠ ᠶᠢ ᠡᠯᠧᠺᠲᠷᠤᠨᠴᠢᠯᠠᠬᠤ ᠲᠠᠢ ᠵᠣᠬᠢᠴᠠᠯᠳᠤᠭᠰᠠᠨ ᠬᠠᠮᠢᠶᠠᠷᠤᠯᠲᠠ ᠦᠢᠯᠡᠴᠢᠯᠡᠭᠡᠨ ᠤ ᠵᠠᠭᠪᠤᠷ ᠢ ᠠᠯᠬᠤᠮ | ᠠᠯᠬᠤᠮ ᠢᠶᠠᠷ ᠪᠠᠶᠢᠭᠤᠯᠤᠨ᠎ᠠ︔ ᠲᠤᠰᠬᠠᠢ ᠪᠢᠯᠧᠲ ᠤᠨ ᠡᠯᠧᠺᠲᠷᠤᠨᠴᠢᠯᠡᠭᠰᠡᠨ ᠠᠵᠢᠯ ᠤᠨ ᠪᠠᠶᠢᠷᠢ ᠶᠢᠨ | ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ︽ᠲᠣᠥᠷᠵᠢᠯᠳᠡ︾ ᠶᠢᠨ ᠦᠢᠯᠡᠴᠢᠯᠡᠭᠡ ᠶᠢ | ᠨᠠᠶᠢᠳᠠᠪᠤᠷᠢᠵᠢᠭᠤᠯᠤᠨ᠂ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ᠥᠷᠲᠡᠭ ᠨᠡᠮᠡᠭᠳᠡᠯ ᠤᠨ ᠭᠠᠶᠢᠯᠢ ᠶᠢᠨ | ᠭᠠᠶᠢᠯᠢ ᠲᠤᠰᠢᠶᠠᠬᠤ ᠪᠠᠷ ᠮᠡᠳᠡᠭᠦᠯᠬᠦ ︽ᠨᠢᠭᠡ ᠬᠦᠰᠦᠨᠦᠭᠲᠦ ᠶᠢᠨ ᠴᠤᠭᠯᠠᠷᠠᠯ︾ ᠢ ᠦᠷᠭᠦᠯᠵᠢᠯᠡᠨ ᠠᠬᠢᠭᠤᠯᠵᠤ᠂ | ᠲᠠᠭᠯᠠᠨ ᠮᠡᠳᠡᠭᠦᠯᠦᠭᠰᠡᠨ ᠪᠠᠷᠢᠮᠲᠠ ᠶᠢᠨ ᠪᠣᠷᠤᠯᠠᠭᠤᠯᠭ᠎ᠠ ᠶᠢᠨ ᠲᠤᠭ᠎ᠠ ᠶᠢ ᠠᠦ᠋ᠲ᠋ᠣ᠋ ᠭᠠᠷᠭᠠᠨ ᠠᠪᠴᠦ ᠳᠠᠶᠢᠯᠦᠨ᠎ᠡ︔ | ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠮᠡᠳᠡᠭᠦᠯᠦᠯᠲᠡ ᠶᠢᠨ | ᠲᠤᠰᠠᠯᠠᠬᠤ ᠴᠢᠳᠠᠮᠵᠢ ᠶᠢ ᠰᠢᠯᠢᠳᠡᠭᠵᠢᠭᠦᠯᠵᠦ᠂ ᠪᠠᠷᠢᠮᠲᠠ ᠬᠢᠵᠦ ᠥᠭᠭᠦᠭᠡᠳᠦᠢ ᠣᠷᠣᠯᠭ᠎ᠠ ᠵᠡᠷᠭᠡ ᠣᠨᠴᠠᠭᠠᠶ ᠪᠠᠶᠢᠳᠠᠯ | ᠠᠴᠠ ᠪᠤᠰᠤᠳ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢᠨ ︽ᠮᠠᠲ᠋ᠧᠷᠢᠶᠠᠯ ᠦᠭᠡᠢ︾ ᠮᠡᠳᠡᠭᠦᠯᠦᠯᠲᠡ ᠶᠢ | ᠪᠡᠶᠡᠯᠡᠭᠦᠯᠦᠨ᠎ᠡ᠃ ᠣᠷᠴᠢᠨ ᠳᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠡᠰᠡᠭ ᠭᠤᠣᠯᠳᠠᠯᠭ᠎ᠠ ᠲᠠᠢ ᠭᠠᠶᠢᠯᠢ | ᠲᠤᠰᠢᠶᠠᠭᠴᠢ ᠶᠢ ᠰᠣᠩᠭᠤᠨ ᠠᠪᠬᠤ ᠳᠤ ︽ᠭᠡᠷ ᠲᠤᠨᠢ ᠬᠦᠷᠭᠡᠵᠦ ᠥᠭᠬᠦ︾ ︽ᠤᠷᠢᠵᠤ ᠠᠪᠴᠢᠷᠠᠬᠤ︾ ᠠᠷᠭ᠎ᠠ | ᠮᠠᠶ᠋ᠢᠭ ᠢ ᠠᠪᠴᠤ᠂ ᠲᠤᠰᠬᠠᠢ ᠬᠠᠪᠰᠤᠷᠤᠨ ᠵᠢᠯᠤᠭᠤᠳᠬᠤ ᠦᠢᠯᠡᠴᠢᠯᠡᠭᠡ ᠬᠢᠵᠦ᠂ ᠭᠠᠶᠢᠯᠢ ᠲᠤᠰᠢᠶᠠᠭᠴᠢ ᠶᠢᠨ | ᠣᠷᠣᠵᠤ ᠢᠷᠡᠬᠦ ᠪᠠ ᠭᠤᠶᠤᠴᠢᠯᠠᠨ ᠮᠡᠳᠡᠭᠦᠯᠵᠦ ᠳᠡᠶᠢᠯᠬᠦ ᠶᠢ ᠦᠨᠡᠨ ᠬᠦ ᠪᠠᠲᠤᠯᠠᠨ᠎ᠠ᠃ ᠣᠨᠳᠣᠣ ᠭᠠᠵᠠᠷ ᠲᠤ | ᠡᠯᠧᠺᠲᠷᠣᠨ ᠢᠶᠠᠷ ᠭᠠᠶᠢᠯᠢ ᠲᠤᠰᠢᠶᠠᠬᠤ ᠬᠡᠪᠴᠢᠶ᠎ᠡ ᠶᠢ ᠥᠷᠭᠡᠳᠬᠡᠨ᠎ᠡ᠃ ᠡᠯᠧᠺᠲᠷᠣᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠰᠢᠯᠵᠢᠮᠡᠯ ᠬᠤᠯᠪᠣᠭᠠᠨ ᠤ ᠦᠵᠦᠭᠦᠷ ᠲᠤ ᠰᠠᠭᠤᠭᠠᠯᠢ ᠠᠷᠠᠳ ᠤᠨ ᠪᠤᠰᠤ ᠠᠵᠤ ᠠᠬᠤᠶᠢᠯᠠᠯ ᠤᠨ | ᠠᠰᠢᠭ ᠣᠷᠣᠯᠭ᠎ᠠ ᠶᠢᠨ ᠭᠠᠶᠢᠯᠢ ᠶᠢ ᠰᠠᠭᠤᠯᠭᠠᠨ ᠲᠤᠰᠢᠶᠠᠯᠭᠠᠬᠤ ᠢᠵᠢ ᠦᠢᠯᠡᠴᠢᠯᠡᠭᠡᠨ ᠤ ᠠᠯᠠᠭᠠᠨ ᠳᠡᠭᠡᠷ᠎ᠡ | ᠭᠦᠢᠴᠡᠳᠬᠡᠬᠦ ᠶᠢ ᠪᠡᠶᠡᠯᠡᠭᠦᠯᠵᠦ᠂ ᠭᠠᠶᠢᠯᠢ ᠲᠤᠰᠢᠶᠠᠭᠴᠢ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ | ᠭᠦᠢᠴᠡᠳᠬᠡᠬᠦ ᠳᠤ ᠲᠥᠬᠦᠮ ᠦᠵᠡᠭᠦᠯᠦᠨ᠎ᠡ᠃ | ᠬᠥᠲᠥᠯᠥᠭᠴᠢ᠄ ᠡᠨᠡ ᠵᠢᠯ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠭᠠᠶᠢᠯᠢ ᠲᠤᠰᠢᠶᠠᠬᠤ | ᠪᠠ ᠰᠦᠢᠳᠬᠡᠯ ᠲᠤᠰᠢᠶᠠᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ ᠪᠠᠰᠠ ᠶᠠᠮᠠᠷ ᠶᠠᠮᠠᠷ | ᠪᠣᠳᠠᠲᠠᠢ ᠠᠷᠭ᠎ᠠ ᠬᠡᠮᠵᠢᠶ᠎ᠡ ᠠᠪᠬᠤ ᠪᠣᠶ︖ | ᠸᠠᠩ ᠰᠢᠶᠠᠩ ᠶᠠᠩ᠄ ᠪᠠᠶᠢᠩᠭᠤ ᠲᠣᠬᠢᠶᠠᠯᠳᠤᠳᠠᠭ ᠭᠠᠶᠢᠯᠢ ᠶᠢ ᠢᠯᠭᠠᠷᠠᠭᠤᠯᠬᠤ᠂ ᠭᠠᠶᠢᠯᠢ ᠪᠤᠴᠠᠭᠠᠬᠤ ᠶᠢ | ᠭᠦᠢᠴᠡᠳᠬᠡᠬᠦ᠂ ᠢᠲᠡᠭᠡᠮᠵᠢ ᠶᠢᠨ ᠦᠨᠡᠯᠡᠯᠲᠡ ᠬᠢᠬᠦ ᠵᠡᠷᠭᠡ 150 ᠵᠦᠢᠯ ᠤᠨ ᠲᠤᠬᠠᠶᠢᠯᠠᠭᠰᠠᠨ ᠠᠵᠢᠯ ᠢ ᠰᠦᠯᠵᠢᠶᠡᠨ | ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠮᠦᠩᠭᠡ ᠰᠣᠪᠠᠭ ᠵᠡᠷᠭᠡ ︽ᠥᠯᠥ ᠬᠦᠷᠦᠯᠴᠡᠬᠦ | ᠬᠡᠯᠪᠡᠷᠢ︾ ᠶᠢᠨ ᠠᠷᠭ᠎ᠠ ᠮᠠᠶ᠋ᠢᠭ ᠢᠶᠠᠷ ᠭᠦᠢᠴᠡᠳᠬᠡᠵᠦ ᠪᠣᠯᠣᠨ᠎ᠠ᠂ ︽ᠨᠢᠭᠡ ᠴᠦ ᠤᠳᠠᠭ᠎ᠠ ᠭᠦᠶᠦᠯᠭᠡᠬᠦ ᠦᠭᠡᠢ︾ | ᠪᠠᠶᠢᠬᠤ ᠶᠢ ᠪᠡᠶᠡᠯᠡᠭᠦᠯᠵᠦ ᠪᠣᠯᠣᠨ᠎ᠠ᠃ 180 ᠵᠦᠢᠯ ᠤᠨ ᠲᠤᠬᠠᠶᠢᠯᠠᠭᠰᠠᠨ ᠠᠵᠢᠯ ᠢ ᠰᠦᠯᠵᠢᠶᠡᠨ ᠭᠠᠳᠠᠨ᠎ᠠ ︽ | ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠳᠤ ᠭᠦᠢᠴᠡᠳᠬᠡᠬᠦ︾ ᠶᠠᠪᠤᠳᠠᠯ ᠢ ᠪᠡᠶᠡᠯᠡᠭᠦᠯᠵᠦ ᠪᠣᠯᠣᠨ᠎ᠠ᠃ | ᠤᠯᠠᠭᠠᠨᠴᠠᠪ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ | ᠭᠤᠣᠯ ᠴᠣᠭᠴᠠ ᠳᠤ ᠰᠠᠶᠢᠲᠤᠷ ᠦᠢᠯᠡᠴᠢᠯᠡᠬᠦ ᠶᠢᠨ ᠲᠥᠯᠥᠭᠡ᠂ ᠣᠷᠣᠨ ᠪᠦᠰᠡ ᠶᠢᠨ ᠪᠠᠬᠢᠯᠡᠯᠲᠡ ᠶᠢ ᠠᠯᠬᠤᠮ | ᠠᠯᠬᠤᠮ ᠢᠶᠠᠷ ᠡᠪᠳᠡᠵᠦ᠂ ᠪᠢᠳᠡ ᠴᠣᠩᠬᠤᠪᠴᠢ ᠶᠢᠨ ᠪᠠᠶᠢᠷᠢᠯᠠᠭᠤᠯᠤᠯᠲᠠ ᠪᠠᠨ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠬᠡᠷᠡᠭ ᠡᠷᠬᠢᠯᠡᠬᠦ ᠶᠠᠪᠤᠴᠠ ᠶᠢ ᠳᠥᠭᠦᠮᠴᠢᠯᠡᠵᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠᠨ | ᠳᠡᠭᠡᠭᠰᠢᠯᠡᠭᠦᠯᠵᠦ᠂ ᠤᠯᠠᠭᠠᠨᠴᠠᠪ ᠬᠤᠲᠠ ᠶᠢᠨ ᠲᠥᠪ ᠬᠤᠲᠠ ᠶᠢᠨ ᠲᠣᠭᠤᠷᠢᠭ ᠤᠨ ᠬᠡᠪᠴᠢᠶᠡᠨ ᠳᠤ ᠭᠠᠶᠢᠯᠢ | ᠰᠦᠢᠳᠬᠡᠯ ᠤᠨ ᠪᠦᠬᠦ ᠲᠤᠬᠠᠶᠢᠯᠠᠭᠰᠠᠨ ᠠᠵᠢᠯ ᠢ ︽ᠨᠢᠭᠡ ᠬᠤᠲᠠ ᠳᠤ ᠨᠡᠶᠢᠳᠡᠮ ᠡᠷᠬᠢᠯᠡᠬᠦ︾ ᠶᠢ ᠪᠡᠶᠡᠯᠡᠭᠦᠯᠵᠦ᠂ | ᠭᠠᠶᠢᠯᠢ ᠲᠤᠰᠢᠶᠠᠭᠴᠢ ᠶᠢᠨ ᠭᠤᠣᠯᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ᠂ ᠭᠠᠶᠢᠯᠢ | ᠲᠠᠲᠠᠪᠤᠷᠢ ᠶᠢᠨ ᠲᠥᠰᠥᠪ ᠤᠨ ᠵᠡᠷᠭᠡ ᠳᠡᠰ ᠪᠣᠯᠣᠨ ᠣᠷᠣᠯᠭ᠎ᠠ ᠶᠢᠨ ᠬᠠᠷᠢᠶᠠᠯᠠᠯ ᠢ ᠬᠤᠪᠢᠷᠠᠭᠤᠯᠬᠤ ᠦᠭᠡᠢ ᠤᠷᠢᠲᠠᠯ | ᠳᠣᠣᠷ᠎ᠠ᠂ ᠵᠢᠨᠢᠩ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠣᠨ ᠴᠠᠬᠠᠷ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠠᠮᠢᠶᠠᠷᠤᠯᠲᠠ ᠶᠢᠨ ᠬᠡᠪᠴᠢᠶᠡᠨ ᠳᠠᠬᠢ | ᠭᠠᠶᠢᠯᠢ ᠲᠤᠰᠢᠶᠠᠭᠴᠢ ᠪᠣᠯᠣᠨ ᠰᠠᠭᠤᠯᠭᠠᠨ ᠠᠪᠴᠤ ᠲᠤᠰᠢᠶᠠᠬᠤ ᠡᠭᠦᠷᠭᠡᠳᠡᠨ᠂ ᠲᠥᠪ ᠬᠤᠲᠠ ᠶᠢᠨ ᠲᠣᠭᠤᠷᠢᠭ ᠲᠤ | ᠶᠠᠮᠠᠷᠪᠠ ᠪᠦᠷᠢᠨ ᠡᠭᠦᠷᠭᠡ ᠴᠢᠳᠠᠪᠤᠷᠢᠲᠤ ᠭᠠᠶᠢᠯᠢ ᠲᠤᠰᠢᠶᠠᠬᠤ ᠦᠢᠯᠡᠴᠢᠯᠡᠭᠡᠨ ᠤ ᠲᠢᠩᠬᠢᠮ ᠪᠠ ᠥᠪᠡᠰᠦᠪᠡᠨ | ᠦᠢᠯᠡᠴᠢᠯᠡᠬᠦ ᠲᠥᠬᠦᠭᠡᠷᠦᠮᠵᠢ ᠶᠢ ᠰᠣᠩᠭᠤᠨ ᠮᠡᠳᠡᠭᠡ ᠵᠠᠩᠭᠢ ᠮᠡᠳᠡᠭᠦᠯᠬᠦ᠂ ᠪᠠᠷᠢᠮᠲᠠ ᠭᠦᠢᠴᠡᠳᠬᠡᠬᠦ᠂ ᠮᠡᠳᠡᠭᠦᠯᠵᠦ | ᠭᠠᠶᠢᠯᠢ ᠲᠤᠰᠢᠶᠠᠬᠤ᠂ ᠬᠠᠷᠠᠭᠠᠯᠵᠠᠯ ᠦᠵᠡᠭᠦᠯᠬᠦ᠂ ᠭᠡᠷᠡᠴᠢᠯᠡᠯ ᠭᠦᠢᠴᠡᠳᠬᠡᠬᠦ ᠵᠡᠷᠭᠡ 6 ᠶᠡᠭᠡ ᠲᠥᠷᠥᠯ ᠤᠨ 236 | ᠵᠦᠢᠯ ᠤᠨ ᠭᠠᠶᠢᠯᠢ ᠳᠤ ᠬᠤᠯᠪᠣᠭᠳᠠᠬᠤ ᠵᠦᠢᠯᠡᠰ ᠢ ᠭᠦᠢᠴᠡᠳᠬᠡᠵᠦ ᠪᠣᠯᠣᠨ᠎ᠠ᠂ ᠡᠨᠡ ᠨᠢ ᠭᠠᠶᠢᠯᠢ ᠲᠤᠰᠢᠶᠠᠭᠴᠢ ᠶᠢᠨ | ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠶᠠᠪᠤᠴᠠ ᠳᠠᠬᠢ ᠡᠪᠡᠷᠰᠢᠶᠡᠯ᠂ ᠲᠦᠭᠵᠢᠷᠡᠯ᠂ ᠬᠦᠴᠢᠷᠳᠡᠯ ᠢ ᠦᠨᠡᠨ ᠬᠦ | ᠰᠢᠢᠳᠪᠦᠷᠢᠯᠡᠵᠦ᠂ ᠭᠠᠶᠢᠯᠢ ᠲᠤᠰᠢᠶᠠᠬᠤ ᠴᠠᠭ ᠢ ᠪᠦᠲᠦᠮᠵᠢᠲᠡᠶ ᠪᠠᠷ ᠪᠠᠭᠠᠰᠬᠠᠬᠤ ᠶᠢᠨ ᠲᠥᠯᠥᠭᠡ ᠶᠤᠮ᠃ | ᠬᠥᠲᠥᠯᠥᠭᠴᠢ᠄ ᠣᠶᠢᠷ᠎ᠠ ᠳᠤ᠂ ᠤᠯᠤᠰ ᠠᠴᠠ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠢ | ᠬᠠᠷᠠᠭᠠᠯᠵᠠᠨ ᠠᠰᠠᠷᠠᠬᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠵᠦᠢᠯ ᠤᠨ ᠨᠡᠮᠡᠯᠲᠡ ᠶᠢ | ᠬᠠᠰᠤᠵᠤ ᠭᠠᠷᠭᠠᠬᠤ ᠲᠥᠷᠥ ᠶᠢᠨ ᠪᠣᠳᠣᠯᠭ᠎ᠠ ᠶᠢ ᠰᠢᠨ᠎ᠡ ᠪᠠᠷ ᠨᠡᠶᠢᠲᠡᠯᠡᠪᠡ᠂ ᠲᠠ ᠲᠥᠷᠥ ᠶᠢᠨ ᠪᠣᠳᠣᠯᠭ᠎ᠠ ᠶᠢᠨ | ᠠᠭᠤᠯᠭ᠎ᠠ ᠶᠢ ᠪᠣᠳᠠᠲᠠᠢ ᠲᠠᠶᠢᠯᠪᠤᠷᠢᠯᠠᠵᠤ ᠥᠭᠬᠦ ᠪᠣᠯᠪᠠ ᠤᠤ︖ | ᠸᠠᠩ ᠰᠢᠶᠠᠩ ᠶᠠᠩ᠄ ᠲᠣᠰ ᠲᠥᠷᠥ ᠶᠢᠨ ᠪᠣᠳᠣᠯᠭ᠎ᠠ ᠪᠣᠯ ᠭᠠᠶᠢᠯᠢ ᠲᠤᠰᠢᠶᠠᠭᠴᠢ ᠶᠢᠨ 3 ᠨᠠᠰᠤᠨ ᠠᠴᠠ | ᠳᠣᠷᠣᠭᠰᠢᠬᠢ ᠨᠢᠯᠬ᠎ᠠ ᠬᠡᠦᠬᠡᠳ ᠢᠶᠠᠨ ᠠᠰᠠᠷᠠᠨ ᠬᠠᠷᠠᠭᠠᠯᠵᠠᠬᠤ ᠬᠤᠯᠪᠣᠭᠳᠠᠯ ᠪᠦᠬᠦᠢ ᠵᠠᠷᠤᠯᠭ᠎ᠠ ᠮᠥᠨ᠂ ᠨᠢᠯᠬ᠎ᠠ | ᠬᠡᠦᠬᠡᠳ ᠨᠢᠭᠡᠪᠦᠷᠢ ᠶᠢᠨ ᠰᠠᠷ᠎ᠠ ᠪᠦᠷᠢ ᠶᠢᠨ 1000 ᠲᠥᠭᠦᠷᠢᠭ ᠤᠨ ᠪᠠᠷᠢᠮᠵᠢᠶ᠎ᠠ ᠪᠠᠷ ᠲᠣᠭᠲᠠᠭᠰᠠᠨ ᠨᠣᠷᠮ᠎ᠠ ᠪᠠᠷ | ᠬᠠᠰᠤᠵᠤ ᠭᠠᠷᠭᠠᠨ᠎ᠠ᠃ ᠡᠨᠡᠬᠦ ᠤᠯᠤᠰ ᠲᠤ ᠠᠰᠢᠭᠲᠠᠢ ᠠᠷᠠᠳ ᠲᠤ ᠠᠰᠢᠭᠲᠠᠢ ᠰᠠᠶᠢᠨ ᠲᠥᠷᠥ ᠶᠢᠨ ᠪᠣᠳᠣᠯᠭ᠎ᠠ ᠨᠢ | ᠭᠠᠶᠢᠯᠢ ᠲᠤᠰᠢᠶᠠᠭᠴᠢ ᠶᠢᠨ ᠥᠰᠬᠡᠨ ᠬᠥᠮᠥᠵᠢᠭᠦᠯᠬᠦ ᠳᠠᠷᠤᠭᠠᠰᠤ ᠶᠢ ᠬᠥᠩᠭᠡᠷᠡᠭᠦᠯᠬᠦ ᠳᠤ ᠠᠰᠢᠭᠲᠠᠢ᠂ ᠭᠠᠶᠢᠯᠢ | ᠲᠤᠰᠢᠶᠠᠭᠴᠢ ᠳᠤ ᠭᠠᠶᠢᠯᠢ ᠬᠥᠩᠭᠡᠯᠡᠯᠲᠡ ᠶᠢᠨ ᠠᠰᠢᠭ ᠢ ᠲᠦᠷᠭᠡᠬᠡᠨ ᠡᠳ᠋ᠯᠡᠭᠦᠯᠬᠦ ᠶᠢᠨ ᠲᠥᠯᠥᠭᠡ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠲᠡᠷᠡ ᠳᠠᠷᠤᠢ ᠳᠤᠨᠢ ᠲᠤᠰᠬᠠᠢ ᠵᠦᠢᠯ ᠤᠨ ᠨᠡᠮᠡᠯᠲᠡ ᠶᠢ ᠰᠠᠭᠤᠯᠭᠠᠨ ᠠᠪᠬᠤ | ᠬᠠᠮᠢᠶᠠᠷᠤᠯᠲᠠ ᠶᠢᠨ ᠠᠷᠭ᠎ᠠ ᠪᠠ ᠮᠡᠳᠡᠭᠦᠯᠬᠦ ᠬᠦᠰᠦᠨᠦᠭᠲᠦ ᠳᠤ ᠵᠠᠰᠠᠪᠤᠷᠢ ᠣᠷᠣᠭᠤᠯᠵᠤ᠂ ᠬᠤᠪᠢ ᠬᠥᠮᠥᠨ ᠤ ᠠᠰᠢᠭ | ᠣᠷᠣᠯᠭ᠎ᠠ ᠶᠢᠨ ᠭᠠᠶᠢᠯᠢ ᠶᠢᠨ APP ᠵᠡᠷᠭᠡ ᠲᠤᠰᠬᠠᠢ ᠰᠠᠭᠤᠯᠭᠠᠨ ᠠᠪᠬᠤ ᠪᠠᠷ ᠮᠡᠳᠡᠭᠦᠯᠬᠦ ᠰᠢᠰᠲ᠋ᠧᠮ ᠢ ᠰᠥᠨᠢ ᠪᠠᠷ | ᠲᠠᠰ ᠳᠡᠪᠰᠢᠭᠦᠯᠦᠨ᠂ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ᠂ ᠭᠠᠶᠢᠯᠢ ᠲᠤᠰᠢᠶᠠᠬᠤ ᠠᠰᠠᠭᠤᠯᠲᠠ | ᠬᠠᠷᠢᠭᠤᠯᠲᠠ ᠪᠠ ᠭᠠᠷ ᠤᠲᠠᠰᠤᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ APP ᠶᠢᠨ | ᠭᠠᠶᠢᠯᠢ ᠭᠦᠢᠴᠡᠳᠬᠡᠬᠦ ᠵᠢᠯᠣᠭᠤᠳᠤᠮᠵᠢ ᠶᠢ ᠨᠡᠶᠢᠲᠡᠯᠡᠵᠦ᠂ 12366 ᠬᠠᠯᠠᠮᠰᠢᠯ ᠤᠲᠠᠰᠤ ᠶᠢ ᠨᠠᠪᠲᠠᠷᠡᠭᠦᠯᠵᠦ᠂ | ᠭᠠᠶᠢᠯᠢ ᠲᠤᠰᠢᠶᠠᠭᠴᠢ ᠶᠢᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠠ ᠲᠦᠪᠡᠭᠲᠡᠢ ᠠᠰᠠᠭᠤᠳᠠᠯ ᠳᠤ ᠴᠠᠭ | ᠲᠤᠬᠠᠢ ᠳᠤᠨᠢ ᠬᠠᠷᠢᠭᠤᠯᠲᠠ ᠥᠭᠴᠦ᠂ ᠭᠤᠶᠤᠴᠢᠯᠠᠨ ᠮᠡᠳᠡᠭᠦᠯᠬᠦ ᠪᠠ ᠭᠠᠶᠢᠯᠢ ᠲᠤᠰᠢᠶᠠᠬᠤ ᠦᠢᠯᠡᠴᠢᠯᠡᠭᠡᠨ ᠤ | ᠪᠡᠯᠡᠳᠬᠡᠯ ᠳᠤ ᠲᠥᠬᠦᠮ ᠦᠵᠡᠭᠦᠯᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠪᠡ᠃ ᠭᠠᠶᠢᠯᠢ ᠲᠤᠰᠢᠶᠠᠭᠴᠢ | ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠦᠭᠡᠢ ᠪᠠᠷ ᠲᠥᠷᠥ ᠶᠢᠨ ᠪᠣᠳᠣᠯᠭ᠎ᠠ ᠶᠢ ᠡᠳ᠋ᠯᠡᠵᠦ | ᠪᠣᠯᠣᠨ᠎ᠠ︔ | ᠬᠥᠲᠥᠯᠥᠭᠴᠢ᠄ ᠸᠠᠩ ᠲᠣᠪᠴᠢᠶᠠᠨ ᠳᠠᠷᠤᠭ᠎ᠠ ᠡ᠂ ᠵᠠᠷᠢᠮ ᠰᠦᠯᠵᠢᠶᠡᠨ ᠨᠠᠶᠢᠵᠠ ᠨᠠᠷ ᠵᠢᠵᠢᠭ ᠪᠢᠴᠢᠯ ᠠᠵᠤ | ᠠᠬᠤᠶᠢᠯᠠᠯ ᠤᠨ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠬᠠᠰᠤᠵᠤ ᠬᠡᠯᠲᠦᠷᠢᠭᠦᠯᠬᠦ ᠲᠥᠷᠥ ᠶᠢᠨ | ᠪᠣᠳᠣᠯᠭ᠎ᠠ ᠶᠢᠨ ᠬᠠᠮᠢᠶ᠎ᠠ ᠪᠦᠬᠦᠢ ᠠᠭᠤᠯᠭ᠎ᠠ ᠶᠢ ᠣᠶᠢᠯᠠᠭᠠᠬᠤ ᠰᠠᠨᠠᠭ᠎ᠠ ᠲᠠᠢ ᠪᠠᠶᠢᠨ᠎ᠠ᠃ | ᠸᠠᠩ ᠰᠢᠶᠠᠩ ᠶᠠᠩ᠄ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠭᠡᠳᠡᠭ ᠨᠢ ᠡᠬᠢ ᠪᠠᠶᠠᠯᠢᠭ ᠤᠨ ᠭᠠᠶᠢᠯᠢ᠂ | ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠭᠡᠷ ᠬᠥᠷᠥᠩᠭᠡ ᠶᠢᠨ ᠭᠠᠶᠢᠯᠢ᠂ ᠬᠤᠲᠠ | ᠪᠠᠯᠭᠠᠰᠤᠨ ᠤ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ᠂ ᠲᠡᠮᠳᠡᠭᠲᠦ ᠶᠢᠨ ᠭᠠᠶᠢᠯᠢ ︵ᠦᠨᠡᠲᠦ ᠲᠡᠮᠳᠡᠭᠲᠦ ᠶᠢᠨ | ᠠᠷᠠᠯᠵᠢᠶᠠᠨ ᠤ ᠲᠡᠮᠳᠡᠭᠲᠦ ᠶᠢᠨ ᠭᠠᠶᠢᠯᠢ ᠪᠠᠭᠲᠠᠬᠤ ᠦᠭᠡᠢ︶᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠪᠠ | ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ | ᠵᠡᠷᠭᠡ ᠶᠢ ᠵᠢᠭᠠᠵᠤ ᠪᠣᠶ᠃ | ᠡᠳ᠋ ᠤᠨ ᠵᠠᠰᠠᠭ ᠤᠨ ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ 2022 ᠣᠨ ᠤ 10 | ᠳ᠋ᠤᠭᠠᠷ ᠲᠣᠭᠠᠲᠤ ᠠᠯᠪᠠᠨ ᠵᠠᠷ ᠢ ᠦᠨᠳᠦᠰᠦᠯᠡᠪᠡᠯ᠂ ᠥᠷᠲᠡᠭ ᠨᠡᠮᠡᠭᠳᠡᠯ ᠤᠨ ᠭᠠᠶᠢᠯᠢ ᠶᠢᠨ ᠵᠢᠵᠢᠭ ᠬᠡᠪᠴᠢᠶᠡᠨ ᠤ | ᠭᠠᠶᠢᠯᠢ ᠲᠤᠰᠢᠶᠠᠭᠴᠢ᠂ ᠵᠢᠵᠢᠭ ᠬᠡᠯᠪᠡᠷᠢ ᠶᠢᠨ ᠥᠴᠥᠬᠡᠨ ᠠᠰᠢᠭ ᠬᠤᠨᠵᠢᠪᠤᠷᠢ ᠲᠠᠢ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠴᠠ 50% ᠶᠢᠨ ᠭᠠᠶᠢᠯᠢ ᠶᠢᠨ ᠨᠣᠷᠮ᠎ᠠ ᠶᠢᠨ ᠬᠡᠪᠴᠢᠶᠡᠨ | ᠳᠣᠲᠣᠷ᠎ᠠ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠬᠥᠩᠭᠡᠯᠡᠨ ᠲᠠᠲᠠᠪᠤᠷᠢᠯᠠᠵᠤ ᠪᠣᠯᠣᠨ᠎ᠠ᠃ | ᠲᠣᠰ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠬᠤᠭᠤᠴᠠᠭ᠎ᠠ ᠨᠢ 2022 ᠣᠨ ᠤ 1 ᠰᠠᠷ᠎ᠠ ᠶᠢᠨ 1 ᠤ | ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ ᠪᠤᠯᠳᠠᠯ᠎ᠠ᠃ | ᠵᠢᠵᠢᠭ ᠬᠡᠯᠪᠡᠷᠢ ᠶᠢᠨ ᠥᠴᠥᠬᠡᠨ ᠠᠰᠢᠭ ᠬᠤᠨᠵᠢᠪᠤᠷᠢ ᠲᠠᠢ ᠠᠵᠤ ᠠᠬᠤᠶᠢᠯᠠᠯ ᠭᠡᠳᠡᠭ ᠨᠢ ᠡᠷᠬᠡᠪᠰᠢ ᠣᠨ ᠤ | ᠭᠠᠶᠢᠯᠢ ᠲᠤᠰᠢᠶᠠᠬᠤ ᠶᠣᠰᠣᠲᠠᠢ ᠠᠰᠢᠭ ᠣᠷᠣᠯᠭ᠎ᠠ ᠶᠢᠨ ᠲᠤᠭ᠎ᠠ ᠶᠢ 300 ᠲᠦᠮᠡᠨ ᠲᠥᠭᠦᠷᠢᠭ ᠠᠴᠠ ᠬᠡᠲᠦᠷᠡᠭᠦᠯᠬᠦ | ᠦᠭᠡᠢ᠂ ᠠᠵᠢᠯᠯᠠᠵᠤ ᠪᠠᠶᠢᠭ᠎ᠠ ᠬᠥᠮᠥᠨ ᠤ ᠲᠤᠭ᠎ᠠ ᠶᠢ 300 ᠬᠥᠮᠥᠨ ᠠᠴᠠ ᠬᠡᠲᠦᠷᠡᠭᠦᠯᠬᠦ ᠦᠭᠡᠢ᠂ ᠡᠳ᠋ | ᠬᠥᠷᠥᠩᠭᠡ ᠶᠢᠨ ᠶᠡᠷᠦᠩᠬᠡᠢ ᠲᠤᠭ᠎ᠠ ᠶᠢ 5000 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ ᠪᠠᠶᠢᠬᠤ ᠵᠡᠷᠭᠡ | ᠭᠤᠷᠪᠠᠨ ᠨᠥᠬᠦᠴᠡᠯ ᠳᠤ ᠬᠠᠮᠲᠤ ᠳᠤᠨᠢ ᠨᠡᠶᠢᠴᠡᠭᠰᠡᠨ ᠪᠠᠶᠢᠬᠤ ᠬᠡᠷᠡᠭᠲᠡᠢ᠃ | ᠬᠥᠲᠥᠯᠥᠭᠴᠢ᠄ ᠭᠠᠶᠢᠯᠢ ᠲᠤᠰᠢᠶᠠᠭᠴᠢ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠮᠡᠳᠡᠪᠡᠰᠦ ᠵᠣᠬᠢᠬᠤ ᠶᠢ ᠨᠢ ᠪᠦᠷᠢᠨ ᠮᠡᠳᠡᠬᠦ ᠶᠢ ᠪᠠᠲᠤᠯᠠᠬᠤ ᠶᠢᠨ ᠲᠥᠯᠥᠭᠡ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ᠸᠠᠩ ᠰᠢᠶᠠᠩ ᠶᠠᠩ᠄ ᠥᠷᠭᠡᠨ ᠣᠯᠠᠨ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠶᠢᠨ ᠬᠠᠮᠤᠭ ᠤᠨ | ᠰᠢᠨ᠎ᠡ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠣᠶᠢᠯᠠᠭᠠᠬᠤ ᠶᠢ | ᠦᠨᠡᠨ ᠬᠦ ᠪᠠᠲᠤᠯᠠᠬᠤ ᠶᠢᠨ ᠲᠥᠯᠥᠭᠡ᠂ ᠪᠥᠬᠦ ᠬᠤᠲᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ | ᠳᠣᠲᠣᠭᠠᠳᠤ ᠳᠠᠭᠠᠨ ᠰᠤᠷᠤᠯᠴᠠᠵᠤ ᠰᠤᠳᠤᠯᠬᠤ ᠶᠢ ᠠᠳᠬᠤᠵᠤ᠂ ᠭᠠᠳᠠᠭᠠᠳᠤ ᠳᠤ ᠤᠬᠠᠭᠤᠯᠤᠨ | ᠨᠠᠶᠢᠳᠠᠪᠤᠷᠢᠵᠢᠭᠤᠯᠬᠤ ᠶᠢ ᠠᠳᠬᠤᠵᠤ᠂ ᠳᠣᠲᠣᠨ᠎ᠠ ᠭᠠᠳᠠᠨᠠᠬᠢ ᠶᠢ ᠵᠡᠷᠭᠡ ᠪᠠᠷ ᠠᠳᠬᠤᠵᠤ᠂ ᠨᠠᠷᠢᠯᠢᠭ | ᠣᠨᠣᠴᠠᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠤᠬᠠᠭᠤᠯᠤᠨ ᠬᠠᠪᠰᠤᠷᠤᠨ ᠵᠢᠯᠤᠭᠤᠳᠬᠤ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠪᠡ᠃ ᠨᠢᠭᠡ ᠳᠤ | ᠲᠦᠷᠦ ᠶᠢᠨ ᠪᠣᠳᠣᠯᠭ᠎ᠠ ᠶᠢᠨ ᠲᠣᠭᠲᠠᠩᠭᠤᠢ ᠲᠠᠪᠴᠠᠩ ᠢ ︽ᠤᠯᠠᠭᠠᠨᠴᠠᠪ ᠤᠨ ᠭᠠᠶᠢᠯᠢ ᠶᠢᠨ ᠶᠠᠪᠤᠳᠠᠯ︾ ᠤᠨ | ᠸᠢᠴᠠᠲ ᠤᠨ ᠨᠡᠶᠢᠲᠡ ᠶᠢᠨ ᠳ᠋ᠤᠭᠠᠷ ᠢᠶᠠᠷ ᠲᠠᠪᠴᠠᠩ ᠪᠣᠯᠭᠠᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ | ᠡᠮᠬᠢᠳᠬᠡᠯ ᠢ ᠨᠡᠶᠢᠲᠡᠯᠡᠪᠡ᠃ ᠬᠤᠶᠠᠷ ᠲᠤ ᠲᠥᠷᠥ ᠶᠢᠨ ᠪᠣᠳᠣᠯᠭ᠎ᠠ ᠶᠢᠨ ᠬᠥᠳᠡᠯᠦᠩᠭᠦᠢ ᠮᠡᠳᠡᠭᠡ ᠵᠠᠩᠭᠢ ᠶᠢ | ᠨᠡᠶᠢᠲᠡᠯᠡᠪᠡ᠃ ᠸᠢᠴᠠᠲ ᠤᠨ ᠪᠦᠯᠦᠭᠯᠡᠯ᠂ QQ ᠪᠦᠯᠦᠭᠯᠡᠯ᠂ ᠳ᠋ᠢᠩ ᠳ᠋ᠢᠩ᠂ i ᠭᠠᠶᠢᠯᠢ ᠶᠢᠨ ᠲᠠᠪᠴᠠᠩ ᠵᠡᠷᠭᠡ ᠶᠢ | ᠪᠠᠭᠲᠠᠭᠠᠭᠰᠠᠨ ᠡᠯ᠎ᠡ ᠲᠥᠷᠥᠯ ᠤᠨ ᠭᠠᠶᠢᠯᠢ ᠶᠢᠨ ᠠᠵᠤ ᠠᠬᠤᠶᠢᠯᠠᠯ ᠤᠨ ᠨᠡᠪᠲᠡᠷᠡᠯᠴᠡᠭᠡ ᠪᠠᠷ ᠳᠠᠮᠵᠢᠭᠤᠯᠤᠨ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠳᠠᠮᠵᠢᠭᠤᠯᠵᠤ᠂ ᠣᠳᠣᠬᠠᠨ ᠳᠤ ᠨᠢᠭᠡᠨᠲᠡ ᠡᠯ᠎ᠡ ᠲᠥᠷᠥᠯ ᠤᠨ ᠮᠡᠳᠡᠭᠡ | ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠭᠠᠶᠢᠯᠢ ᠲᠤᠰᠢᠶᠠᠭᠴᠢ ᠳᠤ ᠬᠠᠨᠳᠤᠭᠤᠯᠤᠭᠰᠠᠨ ᠠᠩᠬᠠᠨ ᠤ ᠡᠭᠡᠯᠵᠢ ᠶᠢᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠦᠬᠦᠨ ᠢ ᠬᠠᠮᠤᠷᠬᠤ ᠶᠢ ᠪᠡᠶᠡᠯᠡᠭᠦᠯᠦᠭᠰᠡᠨ ᠪᠠᠶᠢᠨ᠎ᠠ᠃ ᠭᠤᠷᠪᠠ ᠳᠤ | ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠬᠦᠷᠭᠡᠬᠦ ᠶᠢ ᠪᠡᠶᠡᠯᠡᠭᠦᠯᠦᠨ᠎ᠡ᠃ ᠥᠷᠭᠡᠨ ᠢᠶᠠᠷ | ᠤᠬᠠᠭᠤᠯᠤᠭᠰᠠᠨ ᠰᠠᠭᠤᠷᠢᠨ ᠳᠡᠭᠡᠷ᠎ᠡ᠂ 4 ᠰᠠᠷ᠎ᠠ ᠠᠴᠠ ᠡᠬᠢᠯᠡᠨ᠂ ᠪᠢᠳᠡ ᠪᠠᠰᠠ ᠲᠣᠮᠣ ᠳ᠋ᠠᠶᠢᠲ᠋ᠠ ᠪᠠᠷ ᠳᠠᠮᠵᠢᠭᠤᠯᠤᠨ | ᠭᠠᠶᠢᠯᠢ ᠲᠤᠰᠢᠶᠠᠭᠴᠢ ᠶᠢᠨ ᠣᠷᠣᠨ ᠪᠠᠶᠢᠷᠢ ᠶᠢ ᠣᠨᠣᠪᠴᠢᠲᠠᠶ ᠲᠣᠭᠲᠠᠭᠠᠵᠤ᠂ ︽ᠨᠢᠭᠡ ᠳᠤ ᠨᠢᠭᠡ ᠶᠢ︾ | ᠬᠠᠪᠰᠤᠷᠤᠨ ᠵᠢᠯᠤᠭᠤᠳᠬᠤ ᠶᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ︽ᠴᠡᠭ ᠠᠴᠠ ᠴᠡᠭ ᠲᠤ︾ | ᠬᠦᠷᠭᠡᠬᠦ ᠶᠢ ᠪᠡᠶᠡᠯᠡᠭᠦᠯᠪᠡ᠃ | ᠬᠥᠲᠥᠯᠥᠭᠴᠢ᠄ ᠵᠠ᠂ ᠸᠠᠩ ᠲᠣᠪᠴᠢᠶᠠᠨ ᠳᠠᠷᠤᠭ᠎ᠠ ᠶᠢᠨ ᠮᠠᠨ ᠤ ᠰᠣᠷᠪᠤᠯᠵᠢᠯᠠᠭ᠎ᠠ ᠶᠢ ᠬᠦᠯᠢᠶᠡᠭᠰᠡᠨ ᠳᠤ | ᠲᠠᠯᠠᠷᠬᠠᠵᠤ ᠪᠠᠶᠢᠨ᠎ᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠬᠠᠨᠳᠤᠭᠤᠯᠤᠭᠰᠠᠨ ᠳᠤ ᠮᠠᠰᠢ ᠲᠠᠯᠠᠷᠬᠠᠵᠤ | ᠪᠠᠶᠢᠨ᠎ᠠ᠃ ᠪᠢᠳᠡ ᠳᠠᠷᠠᠭ᠎ᠠ ᠬᠤᠭᠤᠴᠠᠭᠠᠨ ᠳᠤ ᠳᠠᠬᠢᠨ ᠠᠭᠤᠯᠵᠠᠶ᠎ᠠ᠃ | |